ᠰᠢᠯᠢ ᠶᠢᠨ ᠭᠤᠤᠯ ᠠᠶᠢᠮᠠᠭ ᠤᠨ ᠡᠯ᠎ᠡ ᠭᠠᠵᠠᠷ ᠤᠨ ᠬᠠᠮᠤᠭ ᠤᠨ ᠳᠣᠤᠷ᠎ᠠ  ᠴᠠᠯᠢᠩ ᠤᠨ ᠪᠠᠷᠢᠮᠵᠢᠶ᠎ᠠ ᠶᠢ ᠲᠣᠳᠣᠷᠬᠠᠶᠢᠯᠠᠪᠠ︕ 12 ᠰᠠᠷ᠎ᠠ ᠶᠢᠨ 1 ᠤ ᠡᠳᠦᠷ ᠠᠴᠠ ᠡᠬᠢᠯᠡᠨ ᠲᠣᠬᠢᠷᠠᠭᠤᠯᠤᠯᠲᠠ  ᠬᠢᠨ᠎ᠡ
ᠨᠡᠶᠢᠲᠡᠯᠡᠭᠰᠡᠨ ᠴᠠᠭ᠄
2024/11/15
     11 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠡᠷᠲᠡᠭᠡᠨ ᠵᠠᠰᠠᠬᠤ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ ᠪᠥᠬᠦ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ ᠲᠣᠰ ᠲᠣᠰ 1980 ᠲᠥᠭᠦᠷᠢᠭ᠂ 1910 ᠲᠥᠭᠦᠷᠢᠭ᠂ 1850 ᠲᠥᠭᠦᠷᠢᠭ ᠪᠠᠶᠢᠭᠰᠠᠨ ᠠᠴᠠ ᠪᠠᠨ 2270 ᠲᠥᠭᠦᠷᠢᠭ᠂ 2200 ᠲᠥᠭᠦᠷᠢᠭ᠂ 2140 ᠲᠥᠭᠦᠷᠢᠭ ᠪᠣᠯᠭᠠᠨ ᠲᠡᠭᠡᠭᠰᠢᠯᠡᠭᠦᠯᠵᠦ᠂ ᠲᠣᠬᠢᠷᠠᠭᠤᠯᠤᠯᠲᠠ ᠬᠢᠬᠦ ᠠᠴᠠ ᠡᠮᠦᠨᠡᠬᠢ ᠠᠴᠠ ᠲᠣᠰ ᠲᠣᠰ 290 ᠲᠥᠭᠦᠷᠢᠭ ᠨᠡᠮᠡᠭᠳᠡᠪᠡ︔ ᠪᠦᠬᠦᠯᠢ ᠡᠳᠦᠷ ᠤᠨ ᠪᠣᠰᠣ ᠠᠵᠢᠯᠯᠠᠬᠤ ᠳᠦᠷᠢᠮᠲᠦ ᠴᠠᠭ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ ᠲᠣᠰ ᠲᠣᠰ 20.8 ᠲᠥᠭᠦᠷᠢᠭ᠂ 20.1 ᠲᠥᠭᠦᠷᠢᠭ᠂ 19.5 ᠲᠥᠭᠦᠷᠢᠭ ᠪᠠᠶᠢᠭᠰᠠᠨ ᠠᠴᠠ 22.4 ᠲᠥᠭᠦᠷᠢᠭ᠂ 21.7 ᠲᠥᠭᠦᠷᠢᠭ᠂ 21.1 ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠣᠬᠢᠷᠠᠭᠤᠯᠤᠯᠲᠠ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ ᠲᠣᠰ ᠲᠣᠰ 1.6 ᠲᠥᠭᠦᠷᠢᠭ ᠨᠡᠮᠡᠭᠳᠡᠪᠡ᠃ ᠨᠢᠭᠡᠳᠦᠭᠡᠷ ᠲᠥᠷᠥᠯ ᠤᠨ ᠭᠠᠵᠠᠷ ᠣᠷᠣᠨ ᠳᠤ ᠬᠤᠷᠢᠩᠭᠠᠷ ᠰᠢᠶᠠᠨ ᠵᠡᠷᠭᠡ 18 ᠬᠤᠲᠠ ᠰᠢᠶᠠᠨ ᠲᠣᠭᠤᠷᠢᠭ᠂ ᠮᠠᠨᠵᠦᠦᠷ ᠬᠤᠲᠠ᠂ ᠡᠷᠢᠶᠡᠨ ᠬᠤᠲᠠ ᠶᠢᠨ 2 ᠲᠤᠰᠠᠭᠠᠷ ᠲᠥᠯᠥᠪᠯᠡᠭᠡᠲᠦ ᠬᠤᠲᠠ ᠪᠠ ᠠᠯᠠᠱᠠ ᠵᠡᠭᠦᠨ ᠬᠤᠰᠢᠭᠤ ᠵᠡᠷᠭᠡ 12 ᠬᠤᠰᠢᠭᠤ ᠪᠠᠭᠲᠠᠨ᠎ᠠ︔ ᠬᠤᠶᠠᠳᠤᠭᠠᠷ ᠲᠥᠷᠥᠯ ᠤᠨ ᠭᠠᠵᠠᠷ ᠣᠷᠣᠨ ᠳᠤ ᠲᠣᠭᠲᠠᠬᠤ ᠰᠢᠶᠠᠨ ᠵᠡᠷᠭᠡ 16 ᠬᠤᠲᠠ ᠰᠢᠶᠠᠨ ᠲᠣᠭᠤᠷᠢᠭ᠂ ᠲᠦᠮᠡᠳ ᠵᠡᠭᠦᠨ ᠬᠤᠰᠢᠭᠤ ᠵᠡᠷᠭᠡ 14 ᠬᠤᠰᠢᠭᠤ ᠪᠠᠭᠲᠠᠨ᠎ᠠ︔ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ ᠶᠠᠭᠰᠢ ᠬᠤᠲᠠ ᠵᠡᠷᠭᠡ 15 ᠬᠤᠲᠠ ᠰᠢᠶᠠᠨ ᠲᠣᠭᠤᠷᠢᠭ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 26 ᠬᠤᠰᠢᠭᠤ ᠪᠠᠭᠲᠠᠨ᠎ᠠ᠃      ᠰᠠᠷ᠎ᠠ ᠶᠢᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠢᠶᠠᠷ ᠠᠵᠢᠯᠯᠠᠬᠤ ᠳᠦᠷᠢᠮᠲᠦ ᠬᠦᠳᠡᠯᠮᠦᠷᠢᠯᠡᠭᠴᠢᠳ ᠲᠤ ᠬᠡᠷᠡᠭᠯᠡᠨ᠎ᠡ᠂ ᠬᠦᠳᠡᠯᠮᠦᠷᠢᠯᠡᠭᠴᠢᠳ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠪᠤᠶᠤ ᠬᠠᠤᠯᠢ ᠶᠣᠰᠣᠭᠠᠷ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠳᠤ ᠲᠣᠭᠲᠠᠭᠰᠠᠨ ᠠᠵᠢᠯᠯᠠᠬᠤ ᠴᠠᠭ ᠤᠨ ᠳᠣᠲᠣᠷ᠎ᠠ ᠬᠡᠪ ᠤᠨ ᠬᠥᠳᠡᠯᠮᠦᠷᠢ ᠬᠠᠩᠭᠠᠭᠰᠠᠨ ᠪᠠᠶᠢᠪᠠᠯ᠂ ᠬᠥᠮᠦᠨ ᠬᠡᠷᠡᠭᠯᠡᠬᠦ ᠨᠢᠭᠡᠴᠢ ᠶᠢᠨ ᠥᠭᠬᠦ ᠰᠠᠷ᠎ᠠ ᠶᠢᠨ ᠴᠠᠯᠢᠩ ᠨᠢ ᠰᠠᠷ᠎ᠠ ᠶᠢᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠨᠠᠭᠠᠳᠤ ᠵᠠᠬ᠎ᠠ ᠶᠢᠨ ᠴᠠᠭ ᠤᠨ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠤᠨ ᠪᠤᠰᠤ ᠳᠦᠷᠢᠮᠲᠦ ᠬᠦᠳᠡᠯᠮᠦᠷᠢᠯᠡᠭᠴᠢᠳ ᠳᠤ ᠬᠡᠷᠡᠭᠯᠡᠨ᠎ᠡ᠂ ᠲᠤᠬᠠᠶᠢᠯᠠᠪᠠᠯ ᠬᠦᠳᠡᠯᠮᠦᠷᠢᠯᠡᠭᠴᠢᠳ   ᠤᠨ ᠠᠳᠠᠯᠢ ᠨᠢᠭᠡᠨ ᠬᠥᠮᠦᠨ ᠬᠡᠷᠡᠭᠯᠡᠬᠦ ᠨᠢᠭᠡᠴᠢ  ᠳᠤ ᠡ᠊ᠩ ᠤᠨ ᠳᠤᠮᠳᠠᠴᠢ ᠠᠵᠢᠯᠯᠠᠬᠤ ᠴᠠᠭ ᠨᠢ 4 ᠴᠠᠭ ᠠᠴᠠ ᠬᠡᠳᠦᠷᠡᠬᠦ ᠦᠭᠡᠢ᠂ ᠭᠠᠷᠠᠭ ᠪᠦᠷᠢ ᠶᠢᠨ ᠠᠵᠢᠯᠯᠠᠬᠤ ᠴᠠᠭ ᠨᠢ ᠨᠡᠶᠢᠯᠡᠭᠡᠳ 24 ᠴᠠᠭ ᠠᠴᠠ ᠬᠡᠳᠦᠷᠡᠬᠦ ᠦᠭᠡᠢ᠃ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠨᠠᠰᠤᠵᠢᠯ ᠤᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠣᠰᠢᠶᠠᠬᠤ ᠭᠡᠰᠡᠭ᠃ ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠳᠤᠮᠳᠠ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠬᠤᠣᠷ ᠬᠥᠨᠥᠭᠡᠯ ᠲᠠᠢ ᠵᠡᠷᠭᠡ ᠣᠨᠴᠠᠭᠠᠶ ᠨᠥᠬᠦᠴᠡᠯ ᠳᠣᠣᠷᠠᠬᠢ ᠨᠥᠬᠦᠪᠥᠷᠢ ᠮᠥᠩᠭᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠬᠥᠳᠡᠯᠮᠦᠷᠢᠴᠢᠨ ᠤ ᠠᠰᠠᠷᠠᠮᠵᠢ ᠬᠠᠷᠠᠭᠠᠯᠵᠠᠯ ᠵᠡᠷᠭᠡ ᠶᠢ ᠪᠠᠭᠲᠠᠭᠠᠬᠤ ᠦᠭᠡᠢ᠃ ᠬᠥᠮᠦᠨ ᠬᠡᠷᠡᠭᠯᠡᠬᠦ ᠨᠢᠭᠡᠴᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ ᠥᠭᠬᠦ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠦᠳᠡᠯᠮᠦᠷᠢᠯᠡᠭᠴᠢᠳ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠂ ᠡᠰᠡᠬᠦᠯ᠎ᠡ ᠬᠠᠤᠯᠢ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ᠂ ᠵᠠᠭᠠᠯᠳᠤᠵᠤ ᠪᠣᠯᠤᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号