ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ | ᠠᠵᠢᠯ ᠤᠨ ᠬᠤᠪᠢᠶᠠᠷᠢᠯᠠᠯ | ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︔ | ᠬᠤᠳᠠ ᠶᠢᠨ ᠨᠠᠮ ᠤᠨ ᠬᠤᠷᠢᠶᠠᠨ ᠤ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠵᠣᠬᠢᠴᠠᠭᠤᠯᠵᠣ᠂ | ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠢ | ᠬᠠᠪᠰᠣᠷᠭᠠᠵᠣ ᠪᠠᠶᠢᠨ᠎ᠠ︔ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠬᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠤᠲᠠ ᠶᠢᠨ ᠨᠠᠮ ᠤᠨ | ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠩᠰᠠ | ᠡᠪᠬᠡᠮᠡᠯ ᠤᠨ ᠲᠣᠪᠴᠢᠶ᠎ᠠ᠂ ᠬᠠᠮᠲᠤᠷᠠᠯᠴᠠᠨ ᠰᠣᠯᠢᠯᠴᠠᠬᠤ ᠲᠥᠪ ᠢ ᠬᠤᠪᠢᠳᠠᠨ ᠬᠠᠮᠢᠶᠠᠷᠣᠨ᠎ᠠ︔ ᠬᠤᠲᠠ ᠶᠢᠨ | ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠬᠡᠷ ᠤᠨ | ᠡᠷᠬᠢᠯᠡᠭᠴᠢ ᠶᠢᠨ ᠬᠠᠮᠲᠤᠷᠠᠭᠰᠠᠨ ᠬᠤᠷᠠᠯ ᠢ ᠡᠷᠬᠢᠯᠡᠨ᠎ᠡ᠃ | ᠲᠣᠪᠴᠢ ᠨᠠᠮᠲᠠᠷ | ᠶᠠᠩ ᠯᠢ ᠬᠤᠩ᠂ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 3 ᠰᠠᠷ᠎ᠠ ᠳᠤ ᠲᠥᠷᠦᠪᠡ᠂ | ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2006 ᠣᠨ ᠤ 9 ᠰᠠᠷ᠎ᠠ ᠳᠤ | ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2002 ᠣᠨ ᠤ 11 ᠰᠠᠷ᠎ᠠ ᠳᠤ ᠠᠵᠢᠯ ᠳᠤ ᠣᠷᠣᠪᠠ᠂ | ᠤᠳᠤ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ | ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶᠠᠨ ᠤ ᠱᠦᠵᠢ ᠶᠢᠨ | ᠲᠤᠰᠢᠶᠠᠯ ᠢ ᠬᠠᠷᠢᠭᠤᠴᠠᠵᠤ ᠪᠠᠶᠢᠨ᠎ᠠ᠃ ᠥᠩᠭᠡᠷᠡᠭᠰᠡᠨ ᠳᠤ ᠰᠢᠯᠢ ᠶᠢᠨ ᠭᠤᠣᠯ ᠠᠶᠢᠮᠠᠭ ᠤᠨ ᠬᠥᠳᠡᠯᠮᠦᠷᠢ ᠪᠠ | ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ ᠶᠢᠨ ᠳᠡᠳ᠋ ᠡᠷᠬᠢᠯᠡᠭᠴᠢ ᠭᠡᠰᠢᠭᠦᠴᠢ︔ ᠰᠢᠯᠢ ᠶᠢᠨ ᠭᠤᠤᠯ ᠠᠶᠢᠮᠠᠭ ᠤᠨ | ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠡ ᠵᠠᠩᠭᠢ ᠶᠢᠨ ᠭᠠᠵᠠᠷ᠂ ᠶᠡᠷᠦᠩᠬᠡᠶᠢᠯᠡᠭᠰᠡᠨ ᠨᠢᠭᠡᠳᠦᠭᠡᠷ | ᠭᠠᠵᠠᠷ ᠤᠨ ᠳᠡᠳ᠋ ᠡᠷᠬᠢᠯᠡᠭᠴᠢ ᠭᠡᠰᠢᠭᠦᠴᠢ᠂ ᠡᠷᠬᠢᠯᠡᠭᠴᠢ ᠭᠡᠰᠢᠭᠦᠴᠢ︔ ᠰᠢᠯᠢ ᠶᠢᠨ ᠭᠤᠤᠯ ᠠᠶᠢᠮᠠᠭ ᠤᠨ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠨᠢᠭᠡᠳᠦᠭᠡᠷ ᠭᠠᠵᠠᠷ ᠤᠨ ᠳᠡᠳ᠋ ᠳᠠᠷᠤᠭ᠎ᠠ ︵ᠵᠢᠩᠬᠢᠨᠢ | ᠰᠠᠯᠠᠭᠠᠨ ᠲᠡᠰ︶᠂ ᠭᠠᠵᠠᠷ ᠤᠨ ᠳᠠᠷᠤᠭ᠎ᠠ︔ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠶᠢᠨ ᠲᠥᠷᠥ ᠶᠢᠨ | ᠪᠣᠳᠣᠯᠭ᠎ᠠ ᠰᠤᠳᠤᠯᠬᠤ ᠲᠠᠰᠤᠭ ︵ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ | ᠬᠡᠷ︶ ᠤᠨ ᠳᠡᠳ᠋ ᠡᠷᠬᠢᠯᠡᠭᠴᠢ ᠶᠢᠨ ᠠᠵᠢᠯ ᠢ ᠬᠠᠷᠢᠭᠤᠴᠠᠵᠣ ᠪᠠᠶᠢᠪᠠ᠃ |