10 ᠰᠠᠷ᠎ᠠ ᠶᠢᠨ 30 ᠤ ᠡᠳᠦᠷ ᡁᠢ ᠬᠤᠢ ᠯᠦᠩ ᠳ᠋ᠠ ︵ᠰᠢᠯᠢ ᠶᠢᠨ ᠬᠤᠲᠠ︶ ᠶᠢᠨ ᠡᠨᠧᠷᠭᠢ ᠶᠢᠨ 42 | MW ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠵᠢᠩᠬᠢᠨᠢ ᠪᠠᠷ ᠠᠵᠢᠯ ᠡᠬᠢᠯᠡᠪᠡ᠃ | ᡁᠢ ᠬᠤᠢ ᠯᠦᠩ ᠳ᠋ᠠ ︵ᠰᠢᠯᠢ ᠶᠢᠨ ᠬᠤᠲᠠ︶ ᠡᠨᠧᠷᠭᠢ ᠶᠢᠨ ᠬᠢᠵᠠᠭᠠᠷᠲᠤ ᠺᠣᠮᠫᠠᠨᠢ ᠪᠣᠯ ᠠᠶᠢᠮᠠᠭ ᠤᠨ ᡁᠢ ᠬᠤᠢ | ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠪᠣᠯᠤᠨ ᠰᠢᠯᠢ ᠶᠢᠨ ᠬᠤᠲᠠ ᠶᠢᠨ ᠯᠦᠩ ᠳ᠋ᠠ ᠡᠨᠧᠷᠭᠢ ᠶᠢᠨ ᠬᠢᠵᠠᠭᠠᠷᠲᠤ | ᠺᠣᠮᠫᠠᠨᠢ ᠶᠢᠨ ᠬᠠᠮᠲᠤ ᠪᠠᠷ ᠪᠡᠯᠡ ᠭᠠᠷᠭᠠᠵᠤ ᠪᠠᠶᠢᠭᠤᠯᠤᠭᠰᠠᠨ ᠰᠢᠨ᠎ᠡ ᠡᠨᠧᠷᠭᠢ ᠶᠢᠨ ᠠᠵᠤ ᠠᠬᠤᠶᠢᠯᠠᠯ ᠪᠣᠯᠤᠨ᠎ᠠ᠂ 1. | 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠰᠢᠯᠢ ᠶᠢᠨ ᠬᠤᠲᠠ ᠶᠢᠨ ᠸᠧ ᠶᠤᠸᠠᠨ | ᠰᠠᠭᠠᠯᠢ ᠶᠢᠨ ᠦᠨᠢᠶᠡᠨ ᠤ ᠲᠠᠯᠠᠪᠠᠢ ᠪᠣᠯᠤᠨ ᠡᠷᠳᠡᠨᠢ ᠵᠡᠭᠡᠯᠢ ᠭᠤᠳᠤᠮᠵᠢ ᠶᠢᠨ ᠠᠯᠪᠠᠨ ᠭᠡᠷ ᠲᠤ 42 MW ᠲᠠᠷᠠᠬᠠᠶ | ᠬᠡᠯᠪᠡᠷᠢ ᠶᠢᠨ ᠰᠠᠯᠬᠢᠨ ᠴᠠᠬᠢᠯᠭᠠᠨ ᠤ ᠲᠦᠷᠦᠯ ᠵᠦᠢᠯ ᠢ ᠪᠠᠶᠢᠭᠤᠯᠵᠤ᠂ ᠲᠠᠩ ᠮᠠᠰᠢᠨ ᠤ ᠪᠠᠭᠲᠠᠭᠠᠮᠵᠢ ᠨᠢ 6.25 | MW ᠰᠠᠯᠬᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 7 ᠤᠭᠰᠠᠷᠠᠵᠤ᠂ 35 kVᠨᠡᠭᠡᠭᠡᠯᠭᠡ ᠶᠢᠨ ᠦᠷᠲᠡᠭᠡ ᠶᠢ | 1 ᠢᠵᠢ ᠪᠦᠷᠢᠳᠦᠭᠦᠯᠦᠨ ᠪᠠᠶᠢᠭᠤᠯᠬᠤ ᠪᠠᠷ ᠲᠥᠯᠥᠪᠯᠡᠵᠦ ᠪᠤᠢ᠃ ᠲᠥᠷᠥᠯ ᠵᠦᠢᠯ ᠢ 10 ᠰᠠᠷ᠎ᠠ ᠶᠢᠨ 30 ᠤ | ᠡᠳᠦᠷ ᠵᠢᠩᠬᠢᠨᠢ ᠪᠠᠷ ᠡᠬᠢᠯᠡᠨ ᠪᠥᠲᠥᠭᠡᠨ ᠪᠠᠶᠢᠭᠤᠯᠵᠤ᠂ ᠵᠢᠱᠢᠯᠲᠡ ᠪᠠᠷ 2025 ᠣᠨ ᠤ 7 ᠰᠠᠷ᠎ᠠ ᠳᠤ ᠪᠠᠷᠢᠯᠭ᠎ᠠ | ᠳᠠᠭᠤᠰᠤᠨ ᠠᠰᠢᠭᠯᠠᠯᠲᠠ ᠳᠤ ᠣᠷᠣᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠴᠠᠬᠢᠯᠭᠠᠨ | ᠭᠠᠷᠭᠠᠬᠤ ᠬᠡᠮᠵᠢᠶ᠎ᠡ ᠨᠢ 1.15 ᠳ᠋ᠦᠩᠰᠢᠭᠤᠷ ᠬᠢᠯᠦᠸᠠᠲ ᠴᠠᠭ ᠲᠤ ᠬᠦᠷᠴᠦ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠭᠠᠳᠠᠭᠰᠢᠯᠠᠭᠤᠯᠬᠤ ᠬᠡᠮᠵᠢᠶ᠎ᠡ ᠶᠢ 9 ᠲᠦᠮᠡᠨ ᠲᠣᠨ ᠪᠠᠭᠠᠰᠬᠠᠵᠤ᠂ ᠵᠢᠯ ᠤᠨ ᠦᠢᠯᠡᠳᠬᠦᠨ ᠤ ᠥᠷᠲᠡᠭ ᠨᠢ | 3200 ᠲᠦᠮᠡᠨ ᠲᠥᠭᠦᠷᠢᠭ ᠢ ᠳᠠᠪᠠᠭ᠋ᠤ ᠪᠣᠯᠤᠨ᠎ᠠ᠃ |