ᠰᠢᠯᠢ ᠶᠢᠨ ᠬᠤᠲᠠ ︽ᠨᠡᠭᠦᠷᠡᠰᠦᠲᠥ᠋ᠷᠥᠭᠴᠢ ᠢ ᠪᠣᠬᠢᠷᠲᠤᠯ ᠦᠭᠡᠢ ᠪᠣᠯᠭᠠᠨ ᠬᠤᠪᠢᠷᠠᠭᠤᠯᠬᠤ︾ ᠰᠢᠨ᠎ᠡ ᠵᠠᠮ  ᠢ ᠡᠷᠢᠯᠬᠢᠯᠡᠨ᠎ᠡ
ᠨᠡᠶᠢᠲᠡᠯᠡᠭᠰᠡᠨ ᠴᠠᠭ᠄
2024/11/19
     ᠰᠢᠯᠢ ᠶᠢᠨ ᠬᠤᠲᠠ ᠨᠤᠨᠲᠠᠭ ᠨᠡᠭᠦᠷᠡᠰᠦᠨ ᠤ ᠦᠨᠡᠰᠦ ᠶᠢ ᠮᠤᠵᠢ ᠠᠯᠤᠰᠯᠠᠨ ᠬᠡᠪᠴᠢᠶᠡᠵᠢᠭᠦᠯᠦᠨ ᠭᠠᠳᠠᠭᠰᠢ ᠲᠡᠭᠡᠭᠡᠪᠦᠷᠢᠯᠡᠬᠦ ᠶᠢ ᠠᠬᠢᠭᠤᠯᠵᠤ ︽ᠬᠠᠶᠠᠭᠳᠠᠮᠠᠯ﹀﹀ ᠢ ︿︿ᠡᠷᠳᠡᠨᠢ﹀﹀ ᠪᠣᠯᠭᠠᠪᠠ᠃ ᠰᠢᠯᠢ ᠶᠢᠨ ᠬᠤᠲᠠ ᠳᠤ ᠨᠡᠭᠦᠷᠡᠰᠦᠨ ᠤ ᠡᠬᠢ ᠪᠠᠶᠠᠯᠢᠭ ᠡᠯᠪᠡᠭ ᠪᠠᠶᠢᠵᠤ᠂ ᠢᠯᠴᠢ ᠶᠢᠨ ᠴᠠᠬᠢᠯᠭᠠᠨ ᠵᠡᠷᠭᠡ ᠨᠡᠭᠦᠷᠡᠰᠦ ᠬᠡᠷᠡᠭᠯᠡᠬᠦ ᠠᠵᠤ ᠠᠬᠤᠶᠢᠯᠠᠯ ᠬᠤᠷᠠᠨ ᠴᠤᠭᠯᠠᠷᠠᠵᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ ᠵᠡᠷᠭᠡ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠭᠦᠰᠬᠦ ᠬᠡᠮᠵᠢᠶ᠎ᠡ ᠨᠢ ᠯᠤᠲᠤ ᠶᠡᠭᠡ ᠪᠠᠶᠢᠳᠠᠭ᠂ ᠲᠣᠰ ᠬᠤᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠨᠢᠭᠡ ᠲᠠᠯ᠎ᠠ ᠪᠠᠷ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠰᠢᠭᠯᠠᠬᠤ ᠶᠢᠨ ᠲᠣᠭᠤᠷᠢᠨ ᠳᠤ᠂ ᠠᠰᠢᠭᠯᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠪᠠ  ︔ ᠨᠥᠭᠦᠭᠡ ᠲᠠᠯ᠎ᠠ ᠪᠠᠷ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠦᠲᠦᠭᠡᠭᠳᠡᠬᠦᠨ ᠤ ᠬᠡᠷᠡᠭᠴᠡᠭᠡ ᠱᠠᠭᠠᠷᠳᠠᠯᠭ᠎ᠠ ᠨᠡᠯᠢᠶᠡᠳ ᠪᠠᠭ᠎ᠠ᠂ ᠾᠧᠪᠸᠢ ᠵᠢᠴᠢ ᠪᠡᠭᠡᠵᠢᠩ ᠤᠨ ᠡᠷᠬᠢᠨ ᠲᠣᠭᠤᠷᠢᠨ ᠤ ᠭᠠᠵᠠᠷ ᠣᠷᠣᠨ ᠤ ᠨᠤᠨᠲᠠᠭ ᠨᠡᠭᠦᠷᠡᠰᠦᠨ ᠤ ᠦᠨᠡᠰᠦ ᠶᠢᠨ ᠬᠡᠷᠡᠭᠴᠡᠭᠡ ᠱᠠᠭᠠᠷᠳᠠᠯᠭ᠎ᠠ ᠶᠢᠨ ᠳᠤᠲᠠᠭᠤᠳᠠᠯ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠨᠤᠨᠲᠠᠭ ᠨᠡᠭᠦᠷᠡᠰᠦᠨ ᠤ ᠦᠨᠡᠰᠦ ᠶᠢ ᠮᠤᠵᠢ ᠠᠯᠤᠰᠯᠠᠨ ᠬᠡᠪᠴᠢᠶᠡᠵᠢᠭᠦᠯᠦᠨ ᠭᠠᠳᠠᠭᠰᠢ ᠲᠡᠭᠡᠭᠡᠪᠦᠷᠢᠯᠡᠬᠦ ᠶᠢ ᠶᠡᠭᠡ ᠪᠠᠷ ᠳᠥᠯᠭᠢᠨ ᠠᠬᠢᠭᠤᠯᠵᠤ᠂ ᠦᠢᠯᠡᠳᠬᠦᠨ ᠤ ᠨᠡᠮᠡᠯᠲᠡ ᠥᠷᠲᠡᠭ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠨᠤᠨᠲᠠᠭ ᠨᠡᠭᠦᠷᠡᠰᠦᠨ ᠤ ᠦᠨᠡᠰᠦ ᠶᠢ ᠮᠤᠵᠢ ᠠᠯᠤᠰᠯᠠᠨ ᠬᠡᠪᠴᠢᠶᠡᠵᠢᠭᠦᠯᠦᠨ ᠭᠠᠳᠠᠭᠰᠢ ᠲᠡᠭᠡᠭᠡᠪᠦᠷᠢᠯᠡᠬᠦ ᠠᠵᠢᠯ 10 ᠰᠠᠷ᠎ᠠ ᠶᠢᠨ 13 ᠤ ᠡᠳᠦᠷ ᠠᠴᠠ ᠵᠢᠩᠬᠢᠨᠢ ᠪᠠᠷ ᠡᠬᠢᠯᠡᠵᠦ ᠲᠡᠭᠡᠭᠡᠪᠦᠷᠢᠯᠡᠭᠰᠡᠨ ᠠᠴᠠ ᠨᠠᠰᠢ ᠨᠢᠭᠡᠨᠲᠡ 3 ᠴᠤᠪᠤᠭ᠎ᠠ ᠲᠡᠭᠡᠭᠡᠪᠦᠷᠢᠯᠡᠵᠦ᠂ ᠨᠡᠶᠢᠲᠡ 8100 ᠲᠣᠨ ᠪᠠᠶᠢᠵᠤ᠂ ᠰᠡᠭᠦᠯᠴᠢ ᠶᠢᠨ ᠬᠤᠭᠤᠴᠠᠭᠠᠨ ᠳᠤ ᠰᠠᠷ᠎ᠠ ᠪᠦᠷᠢ 12000 ᠲᠣᠨ ᠬᠦᠷᠬᠦ ᠪᠠᠷ ᠵᠢᠱᠢᠵᠦ ᠪᠤᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号