ᠰᠢᠯᠢ ᠶᠢᠨ ᠬᠤᠲᠠ ᠶᠢᠨ ︿︿ᠳᠥᠷᠪᠡᠨ ᠹᠷᠣᠨᠲ ᠢ ᠵᠡᠷᠭᠡ ᠪᠠᠷ ᠠᠬᠢᠭᠤᠯᠬᠤ﹀﹀ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/11/19
     ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ︿︿ᠨᠡᠶᠢᠲᠡ ᠶᠢᠨ ᠠᠰᠠᠷᠠᠮᠵᠢ ᠶᠢᠨ ᠲᠦᠭᠡᠮᠡᠯ ᠠᠰᠢᠭ ᠬᠦᠷᠲᠡᠭᠡᠬᠦ ᠶᠢ ᠴᠢᠩᠭᠠᠳᠬᠠᠵᠤ᠂ ᠪᠠᠬᠢᠵᠢᠭᠦᠯᠦᠨ ᠳᠡᠭᠡᠭᠰᠢᠯᠡᠭᠦᠯᠬᠦ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠶᠢ ᠠᠬᠢᠭᠤᠯᠵᠤ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ﹀﹀ ᠪᠠᠷ ᠦᠨᠳᠦᠰᠦᠨ ᠵᠠᠷᠴᠢᠮ ᠪᠣᠯᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ︿︿ᠳᠥᠷᠪᠡᠨ ᠹᠷᠣᠨᠲ ᠢ ᠵᠡᠷᠭᠡ ᠪᠠᠷ ᠠᠬᠢᠭᠤᠯᠬᠤ﹀﹀ ᠲᠣᠭᠲᠠᠴᠠ ᠶᠢ ᠪᠦᠷᠢᠨᠰᠢᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠠᠰᠢᠭ ᠬᠦᠷᠲᠡᠭᠡᠬᠦ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠠᠷᠠᠳ ᠣᠯᠠᠨ ᠤ ᠨᠢᠯᠬᠠᠰ ᠢ ᠨᠢ ᠪᠤᠶᠢᠵᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠪᠠ᠃      ︵ᠨᠢᠭᠡ︶ ᠲᠣᠭᠲᠠᠴᠠ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠬᠠᠮᠤᠭ ᠤᠨ ︿︿ᠬᠦᠴᠢᠷᠲᠡᠶ﹀﹀ ᠶᠠᠪᠤᠳᠠᠯ ᠢ ᠰᠢᠢᠳᠪᠦᠷᠢᠯᠡᠨ᠎ᠡ᠃ ᠣᠶᠢᠷ᠎ᠠ ᠬᠠᠪᠢ ᠶᠢᠨ ︿︿ᠴᠡᠴᠡᠷᠯᠢᠭ ᠲᠤ ᠣᠷᠣᠬᠤ ᠳᠤ ᠬᠦᠴᠢᠷᠲᠡᠶ﹀﹀ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠳᠤ 1650 ᠨᠡᠷᠡᠰ ᠰᠤᠷᠬᠤ ᠨᠠᠰᠤᠨ ᠤ ᠬᠡᠦᠬᠡᠳ ᠢ ᠴᠡᠴᠡᠷᠯᠢᠭ ᠲᠤ ᠣᠷᠣᠭᠤᠯᠬᠤ ᠠᠵᠢᠯ ᠢ ᠤᠷᠤᠭᠰᠢᠲᠠᠶ ᠪᠡᠶᠡᠯᠡᠭᠦᠯᠵᠦ᠂ ᠲᠣᠰ ᠬᠤᠲᠠ ᠶᠢᠨ ᠡᠷᠦᠬᠡ ᠠᠮᠠ  ᠲᠠᠢ ᠰᠤᠷᠬᠤ ᠨᠠᠰᠤᠨ ᠤ ᠬᠡᠦᠬᠡᠳ ᠢ ᠪᠦᠬᠦᠨ ᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠭᠤᠯᠪᠠ᠃ ᠭᠡᠷ ᠤᠨ ᠠᠬᠠᠮᠠᠳ ᠲᠤ ᠬᠡᠦᠬᠡᠳ ᠤᠨ ᠴᠡᠴᠡᠷᠯᠢᠭ ᠢ ᠰᠣᠯᠢᠬᠤ ᠦᠢᠯᠡᠴᠢᠯᠡᠭᠡ ᠬᠠᠩᠭᠠᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭ᠎ᠠ ᠠᠩᠭᠢ ᠶᠢᠨ ᠭᠡᠷ ᠤᠨ ᠠᠬᠠᠮᠠᠳ ᠰᠠᠶᠢᠨ ᠳᠤᠷ᠎ᠠ ᠶᠢᠨ ᠵᠠᠷᠴᠢᠮ ᠢᠶᠠᠷ ᠨᠢᠭᠡᠳ ᠨᠢᠭᠡ ᠪᠠᠷ ᠬᠡᠦᠬᠡᠳ ᠤᠨ ᠴᠡᠴᠡᠷᠯᠢᠭ ᠢ ᠰᠣᠯᠢᠵᠤ ᠪᠣᠯᠤᠨ᠎ᠠ᠃ ᠳᠡᠭᠡᠳᠦ ᠱᠠᠲᠤᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠣᠰᠣᠭᠠᠷ᠂ ᠠᠯᠪᠠ ᠬᠠᠭᠠᠵᠤ ᠪᠠᠶᠢᠭ᠎ᠠ ᠴᠡᠷᠢᠭ᠂ ᠣᠶ ᠰᠢᠭᠤᠶ ᠶᠢᠨ ᠭᠠᠯ ᠰᠡᠷᠭᠡᠶᠢᠯᠡᠯᠲᠡ ᠵᠡᠷᠭᠡ ᠵᠢᠴᠢ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ︵ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠡᠷ ᠪᠦᠯᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ᠂ ᠣᠨᠴᠠ ᠬᠦᠴᠢᠷᠳᠡᠯᠲᠡᠶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠬᠡᠷ ᠪᠦᠯᠢ ᠪᠠᠭᠲᠠᠨ᠎ᠠ︶ ᠤᠨ 112 ᠠᠰᠠᠷᠠᠨ ᠬᠠᠷᠠᠭᠠᠯᠵᠠᠵᠤ ᠪᠠᠶᠢᠭ᠎ᠠ ᠦᠷ᠎ᠡ ᠬᠡᠦᠬᠡᠳ ᠨᠢ ᠴᠥᠮ ᠬᠦᠰᠡᠯ ᠡᠷᠡᠮᠡᠯᠵᠡᠯ ᠢᠶᠠᠷ ᠨᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠪᠠ᠃ ︿︿ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ〈ᠰᠢᠯᠢ ᠶᠢᠨ ᠭᠤᠤᠯ ᠠᠶᠢᠮᠠᠭ ᠤᠨ ﹇ᠨᠠᠰᠤᠲᠠᠨ ᠨᠢᠯᠬᠠᠰ﹈ ᠢ ᠪᠦᠬᠦᠯᠢ ᠴᠣᠭᠴᠠ ᠪᠠᠷ ᠨᠢ ᠰᠢᠢᠳᠪᠦᠷᠢᠯᠡᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ﹀ ᠶᠣᠰᠣᠭᠠᠷ᠂ ᠨᠥᠬᠦᠴᠡᠯ ᠲᠠᠢ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠬᠦᠯᠢ 2-3 ᠨᠠᠰᠤᠨ ᠤ ᠬᠡᠦᠬᠡᠳ ᠰᠠᠭᠠᠲᠠᠭᠤᠯᠬᠤ ᠦᠢᠯᠡᠴᠢᠯᠡᠭᠡ ᠡᠷᠭᠢᠯᠡᠬᠦ ᠶᠢ ᠵᠣᠷᠢᠭᠵᠢᠭᠤᠯᠵᠤ᠂ ᠮᠠᠨ ᠤ ᠬᠤᠲᠠ ᠶᠢᠨ ᠠᠯᠪᠠᠨ ᠠᠴᠠ ᠡᠷᠭᠢᠯᠡᠭᠰᠡᠨ 1 ᠬᠡᠦᠬᠡᠳ ᠤᠨ ᠴᠡᠴᠡᠷᠯᠢᠭ ︵ᠴᠢᠭᠤᠯᠭᠠᠨ ᠬᠡᠦᠬᠡᠳ ᠤᠨ ᠴᠡᠴᠡᠷᠯᠢᠭ︶ ᠲᠤ 3 ᠬᠡᠦᠬᠡᠳ ᠰᠠᠭᠠᠲᠠᠭᠤᠯᠬᠤ ᠠᠩᠭᠢ ᠨᠡᠮᠡᠵᠦ ᠳᠣᠭᠢᠷᠠᠭᠤᠯᠤᠨ᠂ 45 ᠣᠷᠣᠨ ᠪᠠᠶᠢᠷᠢ ᠳᠠᠭᠠᠭᠠᠯᠭᠠᠪᠠ︔ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 33 ᠰᠠᠭᠤᠷᠢ ᠪᠠᠶᠢᠵᠤ᠂ ᠡᠭᠦᠨ ᠳᠤ ᠬᠡᠦᠬᠡᠳ ᠰᠠᠭᠠᠲᠠᠭᠤᠯᠬᠤ ᠦᠢᠯᠡᠴᠢᠯᠡᠭᠡ  ᠲᠠᠢ  ᠴᠡᠴᠡᠷᠯᠢᠭ 22 ᠰᠠᠭᠤᠷᠢ ᠪᠠᠶᠢᠵᠤ᠂ 21 ᠬᠡᠦᠬᠡᠳ ᠰᠠᠭᠠᠲᠠᠭᠤᠯᠬᠤ ᠠᠩᠭᠢ ᠨᠡᠭᠡᠭᠡᠵᠦ᠂ 465 ᠣᠷᠣᠨ ᠪᠠᠶᠢᠷᠢ ᠬᠠᠩᠭᠠᠵᠤ᠂ ᠴᠡᠴᠡᠷᠯᠢᠭ ᠲᠤ ᠪᠠᠶᠢᠭ᠎ᠠ ᠨᠢᠷᠠᠶ ᠬᠡᠦᠬᠡᠳ 314 ᠪᠠᠶᠢᠨ᠎ᠠ᠃      ︵ᠬᠤᠶᠠᠷ︶ ᠳᠤᠲᠠᠭᠤᠳᠠᠯ ᠢ ᠨᠥᠬᠦᠪᠥᠷᠢᠯᠡᠵᠦ᠂ ᠬᠡᠦᠬᠡᠳ ᠤᠨ ᠰᠤᠷᠭᠠᠨ ᠬᠥᠮᠦᠵᠢᠯ ᠤᠨ ᠬᠠᠮᠤᠭ ᠤᠨ ︿︿ᠦᠨᠡᠲᠡᠶ﹀﹀ ᠶᠠᠪᠤᠳᠠᠯ ᠢ ᠰᠢᠢᠳᠪᠦᠷᠢᠯᠡᠨ᠎ᠡ᠃ ︿︿ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠠᠶᠢᠷᠢᠰᠢᠭᠤᠯᠤᠯ ᠢᠶᠠᠨ ᠰᠢᠯᠢᠳᠡᠭᠵᠢᠭᠦᠯᠬᠦ﹀﹀ ᠵᠠᠷᠴᠢᠮ ᠢ ᠪᠠᠷᠢᠮᠲᠠᠯᠠᠨ᠂ ︿︿ᠨᠢᠭᠡ ᠪᠦᠯᠦᠭ ᠢ ᠰᠢᠨ᠎ᠡ ᠪᠠᠷ ᠪᠠᠶᠢᠭᠤᠯᠬᠤ᠂ ᠨᠢᠭᠡ ᠪᠦᠯᠦᠭ ᠢ ᠲᠡᠳᠬᠦᠨ ᠳᠡᠭᠡᠭᠰᠢᠯᠡᠭᠦᠯᠬᠦ᠂ ᠨᠢᠭᠡ ᠪᠦᠯᠦᠭ ᠢ ᠵᠢᠷᠤᠮᠵᠢᠭᠤᠯᠤᠨ ᠬᠢᠨᠠᠨ ᠵᠥᠪᠰᠢᠶᠡᠷᠡᠬᠦ﹀﹀ ᠰᠡᠳᠬᠢᠴᠡ ᠶᠣᠰᠣᠭᠠᠷ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠤᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠷᠢᠰᠢᠭᠤᠯᠤᠯ ᠢ ᠲᠠᠰᠤᠷᠠᠯᠲᠠ ᠤᠢᠭᠡᠢ ᠰᠢᠯᠢᠳᠡᠭᠵᠢᠭᠦᠯᠪᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 4 ᠰᠠᠭᠤᠷᠢ ︵ᠵᠧᠨ ᠰᠢᠩ ᠬᠡᠦᠬᠡᠳ ᠤᠨ ᠴᠡᠴᠡᠷᠯᠢᠭ᠂ ᠪᠦᠯᠬᠦᠮᠳᠡᠯ ᠬᠡᠦᠬᠡᠳ ᠤᠨ ᠴᠡᠴᠡᠷᠯᠢᠭ᠂ ᠴᠢᠯᠠᠭᠤᠲᠤ ᠬᠡᠦᠬᠡᠳ ᠤᠨ ᠴᠡᠴᠡᠷᠯᠢᠭ᠂ ᠡᠵᠢᠨᠠᠭᠤᠷ ᠬᠡᠦᠬᠡᠳ ᠤᠨ ᠴᠡᠴᠡᠷᠯᠢᠭ︶ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠳᠠᠮᠵᠢᠭᠤᠯᠤᠨ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠪᠥᠬᠦ ᠬᠤᠲᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠵᠢᠴᠢ ᠬᠠᠮᠢᠶᠠᠷᠤᠯᠲᠠ ᠶᠢᠨ ᠠᠷᠭ᠎ᠠ﹀﹀ ︵ᠥᠪᠥᠷ ᠰᠤᠷᠭᠠᠨ ᠠᠯᠪᠠᠨ ᠲᠠᠷᠬᠠᠭᠠᠭᠰᠠᠨ ︵2019︶ 131 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠨᠡᠶᠢᠲᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠠᠩᠭᠠᠨ᠎ᠠ᠃ 2024 ᠣᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ 4 ᠰᠢᠨ᠎ᠡ ᠪᠠᠷ ᠨᠡᠮᠡᠭᠳᠡᠭᠦᠯᠵᠦ᠂ 780 ᠡᠷᠳᠡᠮ ᠤᠨ ᠴᠣᠯᠠ ᠬᠠᠩᠭᠠᠵᠤ᠂ ᠲᠦᠭᠡᠮᠡᠯ ᠬᠠᠷᠠᠭᠠᠯᠵᠠᠯ ᠤᠨ ᠨᠣᠷᠮ᠎ᠠ ᠶᠢ 90% ᠠᠴᠠ ᠳᠡᠭᠡᠭᠰᠢ ᠪᠣᠯᠪᠠ᠃      ︵ᠭᠤᠷᠪᠠ︶ ᠠᠭᠤᠯᠤᠭᠳᠠᠬᠤᠨ ᠢᠶᠠᠨ ᠳᠡᠭᠡᠭᠰᠢᠯᠡᠭᠦᠯᠵᠦ᠂ ᠴᠡᠴᠡᠷᠯᠢᠭ ᠤᠨ ᠭᠠᠵᠠᠷ ᠲᠠᠬᠢ ᠬᠠᠮᠤᠭ ᠤᠨ ︿︿ᠬᠡᠷᠡᠭᠰᠡᠬᠦ﹀﹀ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠪᠡᠯᠡ ᠮᠥᠩᠭᠦ ᠵᠢᠴᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠣᠳᠣ ᠪᠠᠶᠢᠭ᠎ᠠ ᠬᠡᠦᠬᠡᠳ ᠤᠨ ᠴᠡᠴᠡᠷᠯᠢᠭ ᠢ ᠳᠡᠰ ᠳᠡᠪᠰᠢᠭᠦᠯᠬᠦ ᠳᠤ ᠬᠡᠷᠡᠭᠯᠡᠨ᠎ᠡ᠃ ᠣᠨ ᠤ  ᠡᠳ᠋ ᠤᠨ ᠵᠠᠰᠠᠭ ᠤᠨ ᠲᠥᠰᠦᠪ ᠤᠨ ᠳᠣᠲᠣᠷ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠠᠷᠤᠳᠠᠯ ᠢ ᠵᠦᠢ ᠵᠣᠬᠢᠰᠲᠠᠶ ᠲᠣᠬᠢᠷᠠᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠶ᠃ ᠲᠤᠰᠬᠠᠶ ᠵᠦᠢᠯ ᠤᠨ ᠵᠠᠷᠤᠳᠠᠯ ᠲᠣᠬᠢᠷᠠᠭᠤᠯᠵᠤ ᠵᠢᠱᠢᠶ᠎ᠡ ᠦᠵᠡᠭᠦᠯᠬᠦ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠣᠯᠤᠨ ᠬᠡᠦᠬᠡᠳ ᠤᠨ ᠴᠡᠴᠡᠷᠯᠢᠭ ᠤᠨ ᠭᠡᠷ ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ᠂ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ᠂ ᠪᠠᠭᠰᠢ ᠶᠢᠨ ᠪᠣᠯᠪᠠᠰᠤᠷᠠᠭᠤᠯᠤᠯ ᠵᠡᠷᠭᠡ ᠳᠤ ᠬᠡᠷᠡᠭᠯᠡᠬᠦ ᠬᠡᠷᠡᠭᠲᠡᠶ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠢᠯᠢᠳᠡᠭᠵᠢᠵᠦ ᠬᠦᠭᠵᠢᠵᠦ᠂ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠠᠬᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠲᠠᠰᠤᠷᠠᠯᠲᠠ ᠦᠭᠡᠢ ᠪᠠᠳᠠᠷᠠᠭᠤᠯᠵᠤ᠂ ᠣᠳᠣᠬᠠᠨ ᠳᠤ ᠮᠠᠨ ᠤ ᠬᠤᠲᠠ ᠳᠤ 5 ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ︵ᠴᠢᠭᠤᠯᠭᠠᠨ ᠬᠡᠦᠬᠡᠳ ᠤᠨ ᠴᠡᠴᠡᠷᠯᠢᠭ᠂ ᠡᠷᠳᠡᠨᠢ ᠬᠡᠦᠬᠡᠳ ᠤᠨ ᠴᠡᠴᠡᠷᠯᠢᠭ᠂ ᠪᠤᠯᠠᠭᠠᠨ ᠬᠡᠦᠬᠡᠳ ᠤᠨ ᠴᠡᠴᠡᠷᠯᠢᠭ᠂ ᠰᠢᠯᠢ ᠶᠢᠨ ᠬᠤᠲᠠ ᠶᠢᠨ ᠬᠡᠦᠬᠡᠳ ᠤᠨ ᠴᠡᠴᠡᠷᠯᠢᠭ᠂ ᠦᠨᠳᠦᠰᠦᠲᠡᠨ ᠤ ᠬᠡᠦᠬᠡᠳ ᠤᠨ ᠴᠡᠴᠡᠷᠯᠢᠭ︶᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ︵ᠡᠵᠢᠨᠠᠭᠤᠷ ᠬᠡᠦᠬᠡᠳ ᠤᠨ ᠴᠡᠴᠡᠷᠯᠢᠭ︶᠂ ᠠᠶᠢᠮᠠᠭ ᠤᠨ ᠲᠡᠰ ᠤᠨ 3 ᠨᠢᠭᠡᠳᠦᠭᠡᠷ ᠲᠥᠷᠥᠯ ᠤᠨ ᠬᠡᠦᠬᠡᠳ ᠤᠨ ᠴᠡᠴᠡᠷᠯᠢᠭ ︵ᠬᠠᠩᠭᠠᠢ ᠬᠡᠦᠬᠡᠳ ᠤᠨ ᠴᠡᠴᠡᠷᠯᠢᠭ᠂ ᠪᠠᠶᠠᠨᠴᠠᠭᠠᠨ ᠬᠡᠦᠬᠡᠳ ᠤᠨ ᠴᠡᠴᠡᠷᠯᠢᠭ᠂ ᠷᠠᠰᠢᠶᠠᠨ ᠬᠡᠦᠬᠡᠳ ᠤᠨ ᠴᠡᠴᠡᠷᠯᠢᠭ︶ ᠲᠠᠢ᠃ ︵ᠳᠥᠷᠪᠡ︶ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠶᠢᠨ ᠬᠠᠮᠤᠭ ᠤᠨ ︿︿ᠬᠦᠰᠡᠵᠦ ᠪᠠᠶᠢᠭ᠎ᠠ﹀﹀ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠨᠢᠭᠡ ᠳᠤ ︿︿ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠰᠢᠯᠢ ᠶᠢᠨ ᠬᠤᠲᠠ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠭᠡᠷ᠎ᠡ ᠶᠢᠨ ᠳᠦᠷᠢᠮᠲᠦ ᠬᠡᠦᠬᠡᠳ ᠤᠨ ᠪᠠᠭᠰᠢ ᠶᠢᠨ ᠴᠠᠯᠢᠩ ᠬᠥᠯᠥᠰᠥ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ﹀﹀ ᠢ ᠨᠠᠶᠢᠳᠠᠪᠤᠷᠢᠵᠢᠭᠤᠯᠵᠤ᠂ 2023 ᠣᠨ ᠳᠤ ᠮᠠᠨ ᠤ ᠬᠤᠲᠠ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ 711 ᠪᠠᠭᠰᠢ ᠳᠤ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠪᠦᠬᠦᠨ ᠢ ᠪᠡᠶᠡᠯᠡᠭᠦᠯᠵᠦ᠂ ᠪᠠᠭᠰᠢ ᠠᠵᠢᠯᠲᠠᠨ ᠤ ᠴᠠᠯᠢᠩ ᠠᠰᠠᠷᠠᠮᠵᠢ ᠶᠢ ᠪᠠᠲᠤᠯᠠᠪᠠ᠃ ᠬᠤᠶᠠᠷ ᠲᠤ 2021 ᠣᠨ ᠤ 12 ᠳ᠋ᠤᠭᠠᠷ ᠰᠠᠷ᠎ᠠ ᠠᠴᠠ ᠡᠬᠢᠯᠡᠨ ᠬᠥᠳᠡᠭᠡ ᠲᠣᠰᠬᠤᠨ ᠤ ᠪᠠᠭᠰᠢ ᠳᠤ ᠠᠮᠢᠳᠤᠷᠠᠯ ᠤᠨ ᠨᠥᠬᠦᠪᠥᠷᠢ ᠣᠯᠭᠤᠵᠤ᠂ ᠬᠥᠮᠦᠨ ᠨᠢᠭᠡᠪᠦᠷᠢ ᠳᠤ ᠰᠠᠷ᠎ᠠ ᠪᠦᠷᠢ 800 ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ᠂ ᠵᠢᠯ ᠪᠦᠷᠢ 10 ᠰᠠᠷ᠎ᠠ ᠪᠠᠷ ᠪᠤᠳᠤᠵᠤ᠂ ᠬᠥᠳᠡᠭᠡ ᠲᠣᠰᠬᠤᠨ ᠤ ᠪᠠᠭᠰᠢ ᠳᠤ ᠠᠮᠢᠳᠤᠷᠠᠯ ᠤᠨ ᠨᠥᠬᠦᠪᠥᠷᠢ ᠶᠢ ᠴᠠᠭ ᠲᠤᠬᠠᠶ ᠳᠤᠨᠢ ᠣᠯᠭᠤᠪᠠ᠃ ᠭᠤᠷᠪᠠ ᠳᠤ᠂ ︿︿ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠵᠦᠭᠯᠡᠭᠦᠷ﹀﹀ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠴᠡᠴᠡᠷᠯᠢᠭ ᠤᠨ ᠳᠠᠷᠤᠭ᠎ᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡ ᠶᠢᠨ ᠠᠰᠠᠷᠠᠨ ᠬᠥᠮᠦᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠭᠡᠨ ᠥᠨᠳᠥᠷ ᠬᠡᠪ ᠪᠣᠯᠪᠠᠰᠤᠷᠠᠯ ᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ︿︿ᠤᠷᠢᠵᠤ ᠠᠪᠴᠢᠷᠠᠬᠤ᠂ ᠭᠠᠳᠠᠭᠰᠢ ᠭᠠᠷᠬᠤ﹀﹀ ᠠᠷᠭ᠎ᠠ ᠬᠡᠯᠪᠡᠷᠢ ᠪᠠᠷ᠂ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠳᠠᠷᠤᠭ᠎ᠠ᠂ ᠲᠤᠰᠬᠠᠶ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠬᠤᠲᠠ ᠶᠢᠨ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠬᠠᠨᠳᠤᠭᠤᠯᠤᠨ᠂ ᠬᠤᠭᠤᠴᠠᠭ᠎ᠠ ᠪᠦᠯᠦᠭ ᠬᠤᠪᠢᠶᠠᠨ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠪᠠᠭᠰᠢ ᠶᠢᠨ ᠮᠣᠷᠠᠯ ᠰᠤᠷᠲᠠᠯ ᠤᠨ ᠪᠣᠯᠪᠠᠰᠤᠷᠠᠯ ᠢ ᠬᠢᠵᠦ᠂ ᠵᠢᠯ ᠤᠨ ᠪᠣᠯᠪᠠᠰᠤᠷᠠᠯ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠨ᠎ᠡ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号