ᠰᠢᠯᠢ ᠶᠢᠨ ᠬᠤᠲᠠ ᠲᠣᠭᠠᠴᠢᠯᠠᠭᠰᠠᠨ ᠴᠢᠳᠠᠪᠬᠢ ᠪᠠᠨ ᠪᠠᠳᠠᠷᠠᠭᠤᠯᠬᠤ ᠪᠠᠨ ᠭᠦᠨᠵᠡᠭᠡᠶᠢᠷᠡᠭᠦᠯᠵᠦ ᠠᠵᠢᠯ | ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠢᠭᠡ ᠳᠤ ᠵᠠᠭᠪᠤᠷ ᠤᠨ | ᠲᠠᠯ᠎ᠠ ᠪᠠᠷ ᠰᠢᠨ᠎ᠡ ᠶᠢ ᠡᠭᠦᠳᠴᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ | ᠬᠤᠲᠠ ᠶᠢᠨ ᠬᠡᠪᠴᠢᠶᠡᠨ ᠳᠠᠬᠢ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠲᠤ ︿︿15 ᠮᠢᠨᠦ᠋ᠲ ᠤᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ﹀﹀ ᠤᠨ ᠥᠷᠲᠡᠭᠡ ᠴᠡᠭ ᠢ 3 ᠪᠠᠶᠢᠭᠤᠯᠵᠤ᠂ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠨᠢᠭᠡ ᠥᠷᠲᠡᠭᠡ ᠪᠠᠷ ᠤᠷᠢᠨ ᠬᠡᠷᠡᠭᠯᠡᠬᠦ᠂ ᠠᠵᠢᠯ ᠣᠯᠭᠤᠯᠲᠠ ᠶᠢᠨ ᠲᠥᠷᠥ ᠶᠢᠨ | ᠪᠣᠳᠣᠯᠭ᠎ᠠ ᠶᠢ ᠨᠢᠭᠡ ᠥᠷᠲᠡᠭᠡ ᠪᠠᠷ ᠤᠯᠬᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠨᠢᠭᠡ ᠥᠷᠲᠡᠭᠡ ᠪᠠᠷ | ᠬᠠᠪᠰᠤᠷᠤᠨ ᠬᠦᠢᠴᠡᠳᠬᠡᠬᠦ ᠶᠢ ᠪᠡᠶᠡᠯᠡᠭᠦᠯᠵᠦ᠂ ︿︿15 ᠮᠢᠨᠦ᠋ᠲ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠤᠷᠢᠭ﹀﹀ ᠤᠨ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠵᠠᠭᠪᠤᠷ ᠢ ᠪᠥᠬᠦ | ᠬᠦᠴᠦᠨ ᠢᠶᠠᠷ ᠢᠶᠠᠨ ᠪᠣᠶ ᠪᠣᠯᠭᠠᠪᠠ᠃ ᠬᠤᠶᠠᠷ ᠲᠤ᠂ ᠰᠦᠯᠵᠢᠶᠡᠨ ᠳᠡᠭᠡᠷᠡᠬᠢ ᠠᠷᠰᠠᠷ ᠠᠵᠢᠯ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ ᠪᠥᠬᠦ ᠬᠤᠲᠠ ᠶᠢᠨ 500 ᠭᠠᠷᠤᠶ ᠲᠤᠤᠷᠵᠢᠯ ᠰᠦᠷᠦᠭ ᠢᠶᠠᠷ ᠳᠠᠮᠵᠢᠭᠤᠯᠤᠨ | ᠠᠵᠢᠯᠴᠢᠨ ᠬᠡᠷᠡᠭᠯᠡᠬᠦ ᠬᠡᠷᠡᠭᠴᠡᠭᠡ ᠶᠢᠨ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠵᠤ᠂ ᠳᠠᠷᠠᠭ᠎ᠠ ᠨᠢ 13 | ᠠᠵᠢᠯᠴᠢᠨ ᠤ ᠠᠵᠢᠯ ᠡᠷᠢᠬᠦ ᠴᠤᠭᠯᠠᠷᠠᠯ ᠳᠤ ᠨᠡᠶᠢᠲᠡᠯᠡᠭᠰᠡᠨ ᠪᠥᠭᠡᠳ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ | ᠴᠤᠦᠷᠢᠭ᠂ ᠪᠤᠰᠢᠭᠤ ᠭᠠᠷ ᠵᠡᠷᠭᠡ ᠪᠠᠷ ᠳᠠᠮᠵᠢᠭᠤᠯᠤᠨ ᠬᠤᠶᠠᠳᠠᠬᠢ ᠤᠳᠠᠭ᠎ᠠ᠂ ᠭᠤᠷᠪᠠᠳᠠᠬᠢ ᠤᠳᠠᠭ᠎ᠠ | ᠳᠡᠯᠭᠡᠷᠡᠭᠦᠯᠦᠨ᠎ᠡ᠃ ᠣᠳᠣᠬᠠᠨ ᠪᠣᠯᠲᠠᠯ᠎ᠠ᠂ ᠨᠡᠶᠢᠲᠡ 11787 ᠵᠤᠷᠪᠤᠰ ᠠᠵᠢᠯᠴᠢᠨ ᠬᠡᠷᠡᠭᠯᠡᠬᠦ ᠱᠠᠭᠠᠷᠳᠠᠯᠭ᠎ᠠ ᠶᠢ | ᠨᠡᠶᠢᠲᠡᠯᠡᠵᠦ᠂ ᠢᠵᠢ ᠪᠥᠷᠢᠳᠦᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ ᠪᠠᠷᠤᠭ 80% ᠳᠤ ᠬᠦᠷᠴᠡᠶ᠃ | ᠭᠤᠷᠪᠠ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠤᠨ ᠠᠵᠢᠯ ᠣᠯᠭᠤᠬᠤ ᠠᠷᠭ᠎ᠠ ᠵᠠᠮ ᠢ | ᠥᠷᠭᠡᠳᠬᠡᠨ᠎ᠡ᠃ ᠲᠤᠰᠬᠠᠶᠢᠵᠢᠭᠰᠠᠨ ᠰᠢᠭᠤᠳ ᠨᠡᠪᠲᠡᠷᠡᠭᠦᠯᠭᠡ ᠶᠢᠨ ᠲᠠᠰᠤᠭ ᠢ ᠪᠠᠶᠢᠭᠤᠯᠵᠤ᠂ ᠸᠢᠴᠠᠲ᠂ ᠴᠤᠦᠷᠢᠭ | ᠂ ᠲᠦᠷᠭᠡᠨ ᠭᠠᠷ ᠵᠡᠷᠭᠡ ᠭᠤᠷᠪᠠᠨ ᠲᠠᠪᠴᠠᠩ ᠢ ᠬᠡᠷᠡᠭᠯᠡᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠪᠠᠨ | ᠳᠠᠭᠠᠭᠤᠯᠬᠤ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ︿︿ᠢᠨᠲ᠋ᠧᠷ ᠰᠦᠯᠵᠢᠶ᠎ᠡ + ᠠᠵᠢᠯ ᠣᠯᠭᠤᠬᠤ ᠦᠢᠯᠡᠴᠢᠯᠡᠭᠡ | ﹀﹀ ᠶᠢᠨ ᠰᠢᠨ᠎ᠡ ᠵᠠᠭᠪᠤᠷ ᠢ ᠶᠡᠬᠡᠪᠡᠷ ᠳᠡᠯᠭᠡᠷᠡᠭᠦᠯᠦᠨ᠎ᠡ᠃ ᠣᠳᠣᠬᠠᠨ ᠪᠣᠯᠲᠠᠯ᠎ᠠ᠂ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠶᠢ 25 ᠲᠠᠯᠠᠪᠤᠷ ᠥᠷᠨᠢᠭᠦᠯᠵᠦ᠂ 2368 ᠠᠵᠢᠯ ᠤᠨ ᠪᠠᠶᠢᠷᠢ ᠬᠠᠩᠭᠠᠵᠤ᠂ ᠠᠩᠬ᠎ᠠ ᠠᠯᠬᠤᠮ 963 | ᠬᠥᠮᠦᠨ ᠳᠤ ᠠᠵᠢᠯ ᠣᠯᠭᠤᠬᠤ ᠰᠠᠨᠠᠮᠵᠢ ᠲᠣᠭᠲᠠᠪᠠ᠃ | |