11 ᠰᠠᠷ᠎ᠠ ᠶᠢᠨ 30 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠲᠠᠯ᠎ᠠ ᠰᠢᠵᠢᠷ ᠠᠯᠲᠠᠨ ᠲᠠᠯ᠎ᠠ | ᠨᠤᠲᠤᠭ ᠪᠠᠶᠠᠨᠰᠢᠯᠢ ᠲᠠᠢ ᠪᠠᠨ ᠪᠣᠯᠵᠣᠵᠤ᠂ ᠡᠪᠦᠯ ᠤᠨ ᠤᠯᠠᠷᠢᠯ ᠤᠨ ᠡᠶ᠎ᠡ ᠵᠣᠬᠢᠴᠠᠯ ᠲᠠᠢ ᠰᠠᠶᠢᠬᠠᠨ ᠦᠵᠡᠮᠵᠢ ᠶᠢ | ᠬᠠᠮᠲᠤ ᠪᠠᠷ ᠰᠣᠨᠢᠷᠬᠠᠨ᠂ ᠣᠯᠠᠨ ᠢᠶᠠᠷ ᠢᠶᠠᠨ ᠰᠢᠨ᠎ᠡ ᠰᠣᠨᠢᠷᠬᠠᠯᠲᠠᠶ ᠴᠢᠭᠯᠡᠯᠲᠦ ᠮᠣᠷᠢᠨ ᠮᠡᠷᠭᠡᠵᠢᠯ ᠤᠨ ᠬᠡᠭᠡᠷ᠎ᠡ ᠶᠢᠨ | ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ | ᠨᠢᠭᠡ᠂ ᠤᠷᠤᠯᠳᠤᠭᠠᠨ ᠤ ᠶᠠᠪᠤᠳᠠᠯ ᠤᠨ ᠲᠦᠢᠮᠣ ᠪᠠᠶᠢᠳᠠᠯ | 1᠂ 11 ᠰᠠᠷ᠎ᠠ ᠶᠢᠨ 30 ᠤ ᠡᠳᠦᠷ᠄ ᠦᠳᠡ ᠶᠢᠨ ᠬᠤᠶᠢᠨ᠎ᠠ ᠨᠡᠷ᠎ᠡ ᠮᠡᠳᠡᠭᠦᠯᠬᠦ᠂ ᠰᠢᠪᠠᠭ᠎ᠠ ᠰᠤᠭᠤᠯᠬᠤ᠂ | ᠮᠣᠷᠢ ᠰᠢᠯᠭᠠᠬᠤ᠂ ᠮᠣᠷᠢ ᠣᠨᠣᠵᠣ ᠪᠣᠯᠪᠠᠰᠣᠷᠠᠨᠠ᠃ | 12 ᠰᠠᠷ᠎ᠠ ᠶᠢᠨ 1 ᠤ ᠡᠳᠦᠷ᠄ 9᠄ 00 — 11᠄ 00 ᠰᠠᠭᠤᠳᠠᠯ ᠤᠨ ᠬᠤᠷᠠᠯ︔ 13᠄ 00 | — 17᠄ 00 ᠴᠠᠭ ᠤᠨ ᠤᠷᠤᠯᠳᠤᠭᠠᠨ᠃ | 2᠂ ᠤᠷᠤᠯᠳᠤᠭᠠᠨ ᠤ ᠭᠠᠵᠠᠷ ᠄ ᠪᠠᠶᠠᠨᠰᠢᠯᠢ ᠮᠠᠯᠵᠢᠯ ᠤᠨ ᠲᠠᠯᠠᠪᠠᠶ ᠶᠢᠨ ᠮᠣᠷᠢᠨ ᠨᠠᠭᠠᠳᠣᠮ ᠤᠨ ᠺᠯᠦ᠋ᠪ | ᠵᠢᠴᠢ ᠡᠷᠬᠢᠨ ᠲᠣᠭᠤᠷᠢᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ | 3᠂ ᠤᠷᠤᠯᠳᠤᠭᠠᠨ ᠤ ᠠᠭᠤᠯᠭ᠎ᠠ | ᠴᠢᠭᠯᠡᠯᠲᠦ ᠮᠣᠷᠢᠨ ᠮᠡᠷᠭᠡᠵᠢᠯ ᠤᠨ ᠭᠤᠷᠪᠠᠨ ᠵᠦᠢᠯ ᠤᠨ ᠤᠷᠤᠯᠳᠤᠭᠠᠨ ︵TREC︶ ᠪᠣᠯ ᠣᠯᠠᠨ | ᠤᠯᠤᠰ ᠤᠨ ᠮᠣᠷᠢᠨ ᠮᠡᠷᠭᠡᠵᠢᠯ ᠤᠨ ᠵᠢᠭᠤᠯᠴᠢᠯᠠᠯ ᠤᠨ ᠬᠤᠯᠪᠣᠭᠠᠲᠤ ᠬᠤᠷᠠᠯ ︵FITE︶ ᠳᠥᠷᠪᠡᠨ ᠭᠤᠤᠯ | ᠤᠷᠤᠯᠳᠤᠭᠠᠨ ᠤ ᠵᠦᠢᠯ ᠤᠨ ᠨᠢᠭᠡ ᠪᠣᠯᠤᠨ᠎ᠠ᠃ ᠵᠢᠯ ᠪᠦᠷᠢ ᠪᠠᠷᠤᠭ 1000 ᠭᠠᠷᠤᠶ ᠲᠠᠯᠠᠪᠤᠷ ᠤᠷᠤᠯᠳᠤᠭᠠᠨ ᠲᠠᠢ | ᠪᠠᠶᠢᠵᠣ᠂ ᠲᠣᠭᠲᠠᠭᠰᠠᠨ ᠬᠤᠭᠤᠴᠠᠭ᠎ᠠ ᠲᠠᠢ ᠪᠠᠷ ᠧᠦ᠋ᠷᠣᠫᠠ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠠ | ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠶᠠᠪᠤᠭᠳᠠᠭᠤᠯᠵᠤ᠂ ᠣᠨᠣᠭᠠᠴᠢᠨ ᠪᠠ ᠮᠣᠷᠢᠨ ᠤ ᠶᠡᠷᠦᠩᠬᠡᠶ | ᠴᠢᠳᠠᠪᠤᠷᠢ ᠶᠢ ᠰᠢᠯᠭᠠᠬᠤ ᠪᠠ ᠮᠣᠷᠢ ᠰᠣᠷᠭᠠᠭᠴᠢ ᠶᠢᠨ ᠬᠢᠷᠢ ᠬᠡᠮᠵᠢᠶ᠎ᠡ ᠶᠢ ᠰᠢᠯᠭᠠᠬᠤ ᠬᠠᠮᠤᠭ ᠰᠠᠶᠢᠨ | ᠤᠷᠤᠯᠳᠤᠭᠠᠨ ᠤ ᠨᠢᠭᠡ ᠪᠣᠯᠤᠭᠰᠠᠨ ᠪᠠᠶᠢᠨ᠎ᠠ᠃ TREC ᠶᠢᠨ ᠵᠢᠩᠬᠢᠨᠢ ᠤᠷᠤᠯᠳᠤᠭᠠᠨ ᠳᠤ ᠬᠠᠨᠳᠤᠯᠭ᠎ᠠ ᠲᠠᠢ ᠪᠠᠷ | ᠬᠡᠭᠡᠷᠡᠯᠡᠨ ᠲᠠᠪᠬᠢᠬᠤ︵POR︶ ᠲᠥᠷᠥᠯ ᠵᠦᠢᠯ᠂ ᠠᠯᠬᠤᠴᠠ ᠶᠢ ᠡᠵᠡᠮᠳᠡᠬᠦ ︵MA︶ ᠲᠥᠷᠥᠯ ᠵᠦᠢᠯ ᠪᠠ | ᠲᠠᠯᠠᠪᠤᠷ ᠤᠨ ᠰᠠᠭᠠᠳ ︵PTV︶ ᠤᠨ ᠲᠥᠷᠥᠯ ᠵᠦᠢᠯ ᠪᠠᠭᠲᠠᠨ᠎ᠠ᠃ ᠲᠣᠰ ᠤᠳᠠᠭᠠᠨ ᠤ ᠤᠷᠤᠯᠳᠤᠭᠠᠨ ᠳᠤ | ᠵᠥᠪᠬᠡᠨ ᠬᠠᠨᠳᠤᠯᠭ᠎ᠠ ᠲᠠᠢ ᠪᠠᠷ ᠬᠡᠭᠡᠷᠡᠯᠡᠨ ᠭᠦᠶᠦᠬᠦ ︵POR︶ ᠲᠥᠷᠦᠯ ᠵᠦᠢᠯ ᠢ ᠶᠠᠪᠣᠭᠳᠠᠭᠤᠯᠣᠨ᠎ᠠ᠃ | ᠬᠤᠶᠠᠷ᠂ ᠤᠷᠤᠯᠳᠤᠭᠠᠨ ᠤ ᠳᠦᠷᠢᠮ | ︵ᠨᠢᠭᠡ︶ ᠲᠣᠰ ᠤᠳᠠᠭᠠᠨ ᠤ ᠮᠣᠷᠢᠨ ᠮᠡᠷᠭᠡᠵᠢᠯ ᠤᠨ ᠴᠢᠭᠯᠡᠯᠲᠦ ᠬᠡᠭᠡᠷ᠎ᠡ ᠶᠢᠨ ᠤᠷᠤᠯᠳᠤᠭᠠᠨ ᠳᠤ ᠳᠤᠮᠳᠠᠳᠤ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠮᠣᠷᠢᠨ ᠰᠣᠶᠣᠯ ᠤᠨ | ᠬᠥᠳᠡᠯᠭᠡᠭᠡᠨ ᠤ ᠵᠥᠪᠯᠡᠯ ᠤᠨ ᠲᠣᠭᠲᠠᠭᠠᠭᠰᠠᠨ ᠴᠢᠭᠯᠡᠯᠲᠦ ᠮᠣᠷᠢᠨ ᠮᠡᠷᠭᠡᠵᠢᠯ ᠤᠨ ᠬᠡᠭᠡᠷ᠎ᠡ ᠶᠢᠨ ᠤᠷᠤᠯᠳᠤᠭᠠᠨ ᠤ | ᠬᠠᠮᠢᠶ᠎ᠠ ᠪᠥᠬᠦᠶ ᠰᠢᠨ᠎ᠡ ᠶᠢ ᠡᠭᠦᠳᠬᠦ ᠲᠦᠷᠢᠮ ᠢ ᠬᠡᠷᠡᠭᠵᠢᠭᠦᠯᠦᠨ᠎ᠡ᠃ | ︵ᠬᠤᠶᠠᠷ︶ ᠣᠨᠣᠭᠠᠴᠢᠨ ᠭᠠᠷ ᠤᠲᠠᠰᠤᠨ ᠤ ᠭᠠᠵᠠᠷ ᠤᠨ ᠵᠢᠷᠤᠭ ᠤᠨ ᠵᠥᠭᠡᠯᠡᠨ ᠲᠣᠨᠤᠭ ᠢ ᠬᠡᠷᠡᠭᠯᠡᠨ᠂ | ᠡᠬᠡ ᠪᠠᠶᠢᠭᠠᠯᠢ ᠵᠢᠴᠢ ᠴᠠᠰᠤᠲᠤ ᠲᠠᠯ᠎ᠠ ᠳᠤ ᠮᠣᠷᠢ ᠤᠨᠤᠵᠤ᠂ ᠬᠠᠷᠠᠯᠳᠠᠳᠣ ᠠᠮᠢᠲᠠᠨ ᠢ ᠬᠥᠳᠡᠯᠦᠩᠭᠦᠶ ᠪᠠᠷ ᠮᠥᠷᠳᠡᠨ᠎ᠡ | ︵ᠳᠠᠭᠠᠭᠤᠯᠢ ᠣᠳᠣᠨ ᠤ ᠪᠠᠶᠢᠷᠢ ᠲᠣᠭᠲᠠᠭᠠᠬᠤ ᠪᠠᠭᠠᠵᠢ ᠵᠡᠭᠦᠨ᠎ᠡ︶᠃ | ︵ᠭᠤᠷᠪᠠ︶ ᠤᠷᠤᠯᠳᠤᠭᠠᠨ ᠤ ᠡᠭᠦᠳᠡ ᠪᠠᠨ ᠬᠠᠭᠠᠬᠤ ᠴᠠᠭ ᠢ 240 ᠮᠢᠨᠦ᠋ᠲ ᠢᠶᠠᠷ ᠬᠢᠵᠠᠭᠠᠷᠯᠠᠵᠤ᠂ | ᠴᠠᠭ ᠠᠴᠠ ᠬᠡᠳᠦᠷᠡᠪᠡᠯ ᠰᠢᠭᠰᠢᠭᠳᠡᠭᠦᠯᠦᠨ᠎ᠡ᠃ ᠤᠷᠤᠯᠳᠤᠭᠠᠨ ᠤ ᠵᠠᠶ ᠶᠢ ᠬᠢᠵᠠᠭᠠᠷᠯᠠᠬᠤ ᠦᠭᠡᠢ᠂ ᠪᠠᠷᠤᠭ 20-40 | ᠺᠢᠯᠣᠮᠧᠲᠷ᠃ | ︵ᠳᠥᠷᠪᠡ︶ ᠣᠨᠣᠭᠠᠴᠢᠨ ᠵᠡᠷᠭᠡᠪᠡᠷ ᠮᠣᠷᠳᠠᠵᠣ᠂ 4 ᠬᠠᠷᠠᠯᠲᠠᠲᠤ ᠠᠮᠢᠲᠠᠨ ᠢ ᠮᠥᠷᠳᠡᠬᠦ ᠶᠢᠨ ᠬᠠᠮᠲᠤ | ᠰᠡᠭᠦᠳᠡᠷᠯᠡᠨ ᠠᠪᠴᠤ᠂ ᠪᠤᠴᠠᠬᠤ ᠡᠴᠦᠰ ᠤᠨ ᠴᠡᠭ ᠬᠦᠷᠳᠡᠯᠡᠬᠢ ᠶᠡᠷᠦᠩᠬᠡᠶ ᠬᠡᠷᠡᠭᠯᠡᠬᠦ ᠴᠠᠭ ᠤᠨ ᠳᠠᠷᠠᠭᠠᠯᠠᠯ ᠢᠶᠠᠷ | ᠵᠢᠭᠰᠠᠭᠠᠨ᠎ᠠ᠂ ᠬᠠᠮᠤᠭ ᠣᠬᠤᠷ ᠴᠠᠭ ᠬᠡᠷᠡᠭᠯᠡᠭᠰᠡᠨ ᠨᠢ ᠢᠯᠠᠨ᠎ᠠ᠃ | ︵ᠲᠠᠪᠤ︶ ᠬᠡᠷᠡᠯ ᠵᠢᠷᠤᠭ ᠢ ᠰᠡᠭᠦᠳᠡᠷᠯᠡᠬᠦ ᠳᠤ ᠲᠣᠳᠣᠷᠬᠠᠶ ᠪᠠᠶᠢᠬᠤ ᠬᠡᠷᠡᠭᠲᠡᠶ ᠪᠥᠭᠡᠳ ᠬᠠᠷᠠᠯᠳᠠᠳᠣ ᠠᠮᠢᠲᠠᠨ ᠤ | ᠳᠦᠷᠢ ᠲᠥᠷᠬᠦ ᠨᠢ ᠭᠡᠷᠡᠯᠳᠦ ᠵᠢᠷᠤᠭ ᠤᠨ ᠥᠷᠭᠡᠨ ᠥᠨᠳᠥᠷ ᠢ ᠭᠦᠢᠴᠡᠳ ᠡᠵᠡᠯᠡᠵᠦ᠂ ᠪᠠᠶᠢᠷᠢ | ᠲᠣᠭᠲᠠᠭᠠᠭᠴᠢ ᠶᠢᠨ ᠪᠣᠷᠣ ᠲᠥᠯᠥᠪ ᠢ ᠲᠣᠳᠣᠷᠬᠠᠶ ᠣᠯᠵᠤ ᠬᠠᠷᠠᠬᠤ ᠬᠡᠷᠡᠭᠲᠡᠶ᠃ ᠨᠢᠭᠡ ᠬᠠᠷᠠᠯᠳᠠᠳᠣ ᠠᠮᠢᠲᠠᠨ ᠢ | ᠰᠡᠭᠦᠳᠡᠷᠯᠡᠭᠰᠡᠨ ᠦᠭᠡᠢ ᠬᠡᠭᠡᠭᠰᠡᠨ ᠪᠤᠶᠤ ᠭᠡᠷᠡᠯᠳᠦ ᠵᠢᠷᠤᠭ ᠨᠢ ᠬᠢᠷᠢ ᠲᠡᠩᠴᠡᠭᠦ ᠥᠬᠡᠶ ᠪᠣᠯ 120 ᠮᠢᠨᠦ᠋ᠲ ᠨᠡᠮᠡᠵᠦ | ᠲᠣᠷᠭᠠᠨ᠎ᠠ᠃ | ︵ᠵᠢᠷᠭᠤᠭ᠎ᠠ︶ ᠳᠣᠣᠷᠠᠬᠢ ᠪᠠᠶᠢᠳᠠᠯ ᠭᠠᠷᠪᠠᠯ ᠣᠷᠣᠯᠳᠣᠭᠠᠨ ᠠᠴᠠ ᠰᠢᠭᠰᠢᠭᠳᠡᠭᠦᠯᠦᠨ᠎ᠡ᠄ ᠮᠣᠷᠢᠨ ᠳᠤ ᠬᠠᠯᠠ | ᠦᠵᠡᠭᠦᠯᠬᠦ︔ ᠮᠣᠷᠢ ᠲᠣᠭᠤᠯᠵᠣ ᠰᠢᠷᠬᠠᠲᠤᠬᠤ︔ ᠣᠨᠣᠭᠠᠴᠢᠨ ᠮᠣᠷᠢᠨ ᠠᠴᠠ ᠪᠠᠨ ᠬᠠᠶᠠᠭᠳᠠᠵᠣ ᠮᠣᠷᠢ ᠨᠢ | ᠲᠣᠳᠠᠭᠠᠭᠰᠠᠨ︔ ᠲᠠᠯᠠᠪᠤᠷ ᠤᠨ ᠭᠠᠳᠠᠨᠠᠬᠢ ᠬᠠᠮᠵᠢᠯᠴᠠᠭ᠎ᠠ᠂ ᠵᠢᠱᠢᠶᠡᠯᠡᠪᠡᠯ ᠲᠡᠷᠭᠡ ᠬᠥᠰᠬᠡ ᠲᠡᠭᠡᠭᠡᠪᠦᠷᠢᠯᠡᠬᠦ᠂ | ᠪᠤᠰᠤᠳ ᠬᠥᠮᠦᠨ ᠵᠢᠯᠣᠭᠤᠳᠬᠤ ᠪᠠ ᠵᠠᠮᠴᠢᠯᠠᠬᠤ ᠵᠡᠷᠭᠡ︔ ᠤᠷᠤᠯᠳᠤᠭᠠᠨ ᠳᠤ ᠬᠡᠮ ᠬᠢᠬᠦ ᠪᠤᠰᠤᠳ ᠠᠵᠢᠯᠯᠠᠭ᠎ᠠ᠃ | ︵ᠲᠤᠯᠤᠭ᠎ᠠ︶ ᠱᠠᠩᠨᠠᠬᠤ ᠠᠷᠭ᠎ᠠ᠄ ᠲᠤᠰ ᠤᠳᠠᠭ᠎ᠠ ᠶᠢᠨ ᠤᠷᠤᠯᠳᠤᠭᠠᠨ ᠳᠤ ᠲᠦᠷᠦᠭᠦᠦ ᠲᠠᠪᠤᠨ ᠨᠡᠷᠡᠰ ᠢ | ᠱᠠᠩᠨᠠᠨ᠎ᠠ᠃ | ᠭᠤᠷᠪᠠ᠂ ᠨᠡᠷ᠎ᠡ ᠮᠡᠳᠡᠭᠦᠯᠬᠦ ᠲᠠᠷᠠᠭᠠᠯᠠᠯ | ︵ᠨᠢᠭᠡ︶ ᠣᠨᠣᠭᠠᠴᠢᠨ ᠤ ᠬᠢᠷᠢ ᠬᠡᠮ | 1᠂ ᠳᠤᠮᠳᠠᠳᠤ ᠤᠯᠤᠰ ᠤᠨ ᠠᠷᠠᠳ ᠢᠷᠭᠡᠨ᠂ 18 ᠨᠠᠰᠤᠨ ᠠᠴᠠ ᠳᠡᠭᠡᠭᠰᠢ᠂ ᠴᠢᠨᠠᠷ ᠤᠨ ᠢᠯᠭᠠᠯ ᠢ | ᠬᠢᠵᠠᠭᠠᠷᠯᠠᠬᠤ ᠤᠢᠭᠡᠢ᠂ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠪᠠᠶᠢᠬᠤ︔ | 2᠂ ᠰᠠᠶᠢᠨ ᠮᠤᠷᠢᠨ ᠮᠡᠷᠭᠡᠵᠢᠯ ᠤᠨ ᠰᠠᠭᠤᠷᠢ ᠲᠠᠢ ᠪᠥᠭᠡᠳ ᠬᠡᠭᠡᠷ᠎ᠡ ᠭᠠᠳᠠᠨ᠎ᠠ ᠤᠨᠤᠭᠰᠠᠨ ᠲᠤᠷᠰᠢᠯᠭ᠎ᠠ ᠲᠠᠢ | ᠪᠠᠶᠢᠬᠤ︔ | 3᠂ ᠭᠠᠷ ᠤᠲᠠᠰᠤᠨ ᠤ ᠭᠠᠵᠠᠷ ᠤᠨ ᠵᠢᠷᠤᠭ ᠪᠠ ᠵᠠᠮᠴᠢᠯᠠᠭ᠎ᠠ ᠶᠢᠨ ᠮᠥᠷᠳᠡᠬᠦ ᠵᠥᠭᠡᠯᠡᠨ ᠲᠣᠨᠤᠭ ᠢ ᠬᠡᠷᠡᠭᠯᠡᠵᠦ | ᠴᠢᠳᠠᠨ᠎ᠠ︔ | 4᠂ ᠣᠨᠣᠭᠠᠴᠢᠨ ᠥᠪᠡᠷ ᠢᠶᠠᠨ ᠭᠦᠢᠴᠡᠳ ᠲᠣᠭᠠᠨ ᠤ ᠳᠠᠭᠠᠳᠬᠠᠯ ︵ᠮᠣᠷᠢᠨ ᠮᠡᠷᠭᠡᠵᠢᠯ ᠤᠨ ᠲᠥᠷᠥᠯ | ᠵᠦᠢᠯ ᠤᠨ ᠬᠥᠮᠦᠨ ᠤ ᠠᠳᠡᠯ ᠪᠠ ᠡᠮᠴᠢᠯᠡᠭᠡᠨ ᠤ ᠳᠠᠭᠠᠳᠬᠠᠯ ᠢ ᠪᠠᠭᠲᠠᠭᠠᠨ᠎ᠠ︶ ᠢ ᠬᠤᠳᠠᠯᠳᠤᠨ ᠠᠪᠬᠤ ᠶᠢᠨ ᠬᠠᠮᠲᠤ᠂ | ᠬᠠᠮᠢᠶ᠎ᠠ ᠪᠥᠬᠦᠶ ᠭᠡᠷᠡᠴᠢ ᠪᠠᠷᠢᠮᠲᠠ ᠭᠠᠷᠭᠠᠵᠤ᠂ ᠬᠠᠷᠢᠭᠤᠴᠠᠯᠭ᠎ᠠ ᠠᠴᠠ ᠭᠡᠯᠳᠦᠷᠢᠭᠦᠯᠬᠦ ᠢᠯᠡᠷᠬᠡᠶᠢᠯᠡᠯᠲᠡ ᠳᠤ ᠭᠠᠷ ᠤᠨ | ᠥᠰᠥᠭ ᠵᠢᠷᠤᠨ᠎ᠠ᠃ | ︵ᠬᠤᠶᠠᠷ︶ ᠤᠷᠤᠯᠳᠤᠭᠠᠨ ᠳᠤ ᠣᠷᠣᠯᠴᠠᠬᠤ ᠮᠣᠷᠢᠨ ᠤ ᠬᠢᠷᠢ ᠬᠡᠮ | 1᠂ ᠭᠠᠳᠠᠷ ᠣᠷᠣᠨ ᠤ ᠤᠷᠤᠯᠳᠤᠭᠠᠨ ᠳᠤ ᠣᠷᠣᠯᠴᠠᠬᠤ ᠮᠣᠷᠢ ᠨᠢ ᠡᠷᠬᠡᠪᠰᠢ ᠪᠠᠶᠢᠭ᠎ᠠ ᠭᠠᠵᠠᠷ᠂ ᠰᠢᠶᠠᠨ ᠤ | ᠱᠠᠲᠤᠨ ᠤ ᠮᠠᠯ ᠡᠮᠨᠡᠯᠭᠡ ᠶᠢᠨ ᠥᠷᠲᠡᠭᠡ ᠠᠴᠠ ᠭᠠᠷᠭᠠᠭᠰᠠᠨ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ | ᠲᠡᠩᠴᠡᠭᠰᠡᠨ ᠭᠡᠷᠡᠴᠢ ᠶᠢ ᠬᠠᠩᠭᠠᠬᠤ ᠬᠡᠷᠡᠭᠲᠡᠶ᠃ | 2᠂ ᠮᠣᠷᠢ ᠨᠢ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠬᠡᠷᠡᠭᠲᠡᠶ᠂ ᠤᠷᠤᠯᠳᠤᠭᠠᠨ ᠠᠴᠠ ᠡᠮᠦᠨ᠎ᠡ ᠮᠣᠷᠢ | ᠰᠢᠯᠭᠠᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠶ᠃ | 3᠂ ᠮᠣᠷᠢᠨ ᠤ ᠨᠠᠰᠤ ᠨᠢ ᠪᠦᠬᠦᠯᠢ 3 ᠨᠠᠰᠤᠨ ᠠᠴᠠ ᠪᠠᠭ᠎ᠠ ᠪᠠᠶᠢᠵᠤ ᠪᠣᠯᠬᠤ ᠦᠭᠡᠢ᠃ | ︵ᠭᠤᠷᠪᠠ︶ ᠤᠷᠤᠯᠳᠤᠭᠠᠨ ᠤ ᠪᠡᠯᠡᠳᠬᠡᠮᠵᠢ ᠶᠢᠨ ᠱᠠᠭᠠᠷᠳᠠᠯᠭ᠎ᠠ | 1᠂ ᠡᠷᠬᠡᠪᠰᠢ ᠪᠡᠯᠡᠳᠬᠡᠬᠦ ᠵᠦᠢᠯ᠄ ᠣᠨᠣᠭᠠᠴᠢᠨ ᠤ ᠠᠶᠣᠯᠭᠦᠢ ᠮᠠᠯᠠᠭᠠᠢ᠂ ᠪᠡᠭᠡᠯᠡᠶ᠂ ᠭᠤᠲᠤᠯ᠂ ᠡᠪᠦᠯ ᠤᠨ | ᠤᠯᠠᠷᠢᠯ ᠤᠨ ᠵᠣᠵᠠᠭᠠᠨ ᠬᠤᠪᠴᠠᠰᠤ ᠪᠠᠨ ᠥᠪᠡᠷ ᠢᠶᠠᠨ ᠪᠡᠯᠡᠳᠬᠡᠬᠦ ᠬᠡᠷᠡᠭᠲᠡᠶ ᠃ | 2᠂ ᠴᠠᠭᠠᠵᠠᠯᠠᠬᠤ ᠵᠦᠢᠯ᠄ ᠤᠷᠤᠯᠳᠤᠭᠠᠨ ᠤ ᠬᠤᠭᠤᠴᠠᠭᠠᠨ ᠳᠤ ᠣᠨᠣᠭᠠᠴᠢᠨ ᠣᠷᠳᠣ ᠲᠠᠰᠢᠭᠤᠷ᠂ ᠮᠣᠷᠢᠨ | ᠲᠣᠭᠰᠢᠭᠤᠷ᠂ ᠡᠭᠡᠬᠦ ᠴᠣᠯᠪᠣᠭᠤᠷ᠂ ᠬᠠᠵᠠᠭᠤ ᠶᠢᠨ ᠴᠣᠯᠪᠣᠭᠤᠷ᠂ ᠬᠤᠶᠠᠷ ᠲᠠᠯ᠎ᠠ ᠶᠢᠨ ᠴᠣᠯᠪᠣᠭᠤᠷ᠂ ᠨᠢᠣᠽᠠᠢ | ᠮᠠᠯᠠᠭᠠᠶ ᠶᠢ ᠴᠠᠭᠠᠵᠠᠯᠠᠨ᠎ᠠ᠃ | ︵ᠳᠥᠷᠪᠡ︶ ᠲᠠᠮᠢᠷᠴᠢᠳ ᠤᠨ ᠨᠡᠷ᠎ᠡ ᠮᠡᠳᠡᠭᠦᠯᠬᠦ | ᠨᠡᠷ᠎ᠡ ᠮᠡᠳᠡᠭᠦᠯᠬᠦ ᠤᠲᠠᠰᠤ᠄ ᠴᠣᠭᠪᠠᠭᠠᠲᠤᠷ 187479219922 | ᠣᠨᠣᠭᠠᠴᠢᠳ ᠵᠠᠮ ᠬᠠᠷᠢᠯᠴᠠᠭ᠎ᠠ᠂ ᠢᠳᠡᠵᠦ ᠤᠤᠭᠤᠬᠤ ᠬᠤᠨᠣᠵᠤ ᠬᠡᠪᠲᠡᠬᠦ ᠪᠠᠨ ᠥᠪᠡᠷ ᠢᠶᠠᠨ ᠬᠠᠮᠢᠶᠠᠷᠤᠨ᠎ᠠ | ᠃ ᠰᠢᠯᠢ ᠶᠢᠨ ᠭᠤᠤᠯ ᠠᠶᠢᠮᠠᠭ ᠠᠴᠠ ᠭᠠᠳᠠᠨᠠᠬᠢ ᠣᠨᠣᠭᠠᠴᠢᠨ ᠤ ᠤᠷᠤᠯᠳᠤᠭᠠᠨ ᠤ ᠮᠣᠷᠢ ᠶᠢ ᠪᠠᠶᠠᠨᠰᠢᠯᠢ ᠮᠠᠯᠵᠢᠯ ᠤᠨ | ᠲᠠᠯᠠᠪᠠᠶ ᠶᠢᠨ ᠮᠣᠷᠢᠨ ᠨᠠᠭᠠᠳᠣᠮ ᠤᠨ ᠺᠯᠦ᠋ᠪ ᠠᠴᠠ ᠬᠠᠩᠭᠠᠨ᠎ᠠ ︵ᠮᠣᠷᠢ ᠨᠢ ᠲᠤᠭ᠎ᠠ ᠲᠠᠢ᠂ ᠭᠠᠳᠠᠷ ᠣᠷᠣᠨ ᠤ | ᠣᠨᠣᠭᠠᠴᠢᠨ ᠢ 25 ᠬᠥᠮᠦᠨ ᠢᠶᠠᠷ ᠬᠢᠵᠠᠭᠠᠷᠯᠠᠨ᠎ᠠ᠂ ᠤᠷᠤᠯᠳᠤᠭᠠᠨ ᠤ ᠬᠤᠭᠤᠴᠠᠭᠠᠨ ᠳᠤ ᠤᠷᠤᠯᠳᠤᠭᠠᠨ ᠤ ᠮᠣᠷᠢ | ᠬᠡᠷᠪᠡ ᠥᠭᠦᠵᠦ ᠰᠢᠷᠬᠠᠲᠤᠭᠰᠠᠨ ᠪᠠᠶᠢᠪᠠᠯ ᠣᠨᠣᠭᠠᠴᠢᠨ ᠬᠠᠷᠢᠭᠤᠴᠠᠨ ᠳᠥᠯᠥᠨ᠎ᠡ︶︔ ᠰᠢᠯᠢ ᠶᠢᠨ ᠭᠤᠣᠯ | ᠠᠶᠢᠮᠠᠭ ᠤᠨ ᠣᠨᠣᠭᠠᠴᠢᠨ ᠤᠷᠤᠯᠳᠤᠭᠠᠨ ᠳᠤ ᠣᠷᠣᠯᠴᠠᠬᠤ ᠮᠣᠷᠢ ᠪᠠᠨ ᠥᠪᠡᠷ ᠢᠶᠠᠨ ᠪᠡᠯᠡᠳᠬᠡᠨ᠎ᠡ᠃ | ᠲᠦᠷᠪᠡ᠂ ᠬᠢᠨᠠᠭᠴᠢ ᠶᠢ ᠲᠣᠮᠢᠯᠠᠬᠤ ᠵᠢᠴᠢ ᠬᠥᠨᠳᠡᠯᠡᠨ ᠠᠴᠠ ᠲᠠᠰᠤᠯᠬᠤ | ︵ᠨᠢᠭᠡ︶ ᠪᠣᠶ ᠪᠥᠬᠦᠶ ᠮᠡᠷᠭᠡᠵᠢᠯ ᠤᠨ ᠬᠡᠷᠡᠭ ᠶᠠᠪᠤᠳᠠᠯ ᠢ ᠴᠥᠮ ᠤᠷᠤᠯᠳᠤᠭᠠᠨ ᠠᠴᠠ ᠡᠮᠦᠨᠡᠬᠢ | ᠮᠡᠷᠭᠡᠵᠢᠯ ᠤᠨ ᠬᠤᠷᠠᠯ ᠢᠶᠠᠷ ᠪᠠᠷᠢᠮᠵᠢᠶ᠎ᠠ ᠪᠣᠯᠭᠠᠨ᠎ᠠ᠃ | ︵ᠬᠤᠶᠠᠷ︶ ᠣᠨᠣᠭᠠᠴᠢᠨ ᠦᠷ᠎ᠡ ᠳ᠋ᠦᠩ ᠳᠤ ᠰᠡᠵᠢᠭ ᠲᠠᠢ ᠪᠠᠶᠢᠪᠠᠯ᠂ ᠤᠷᠤᠯᠳᠤᠭᠠᠨ ᠤ ᠳᠠᠷᠠᠭ᠎ᠠ ᠬᠢᠷᠢ | ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ ᠨᠢᠭᠡ ᠴᠠᠭ ᠤᠨ ᠳᠣᠲᠣᠷ᠎ᠠ ᠬᠥᠨᠳᠡᠯᠡᠨ ᠠᠴᠠ ᠲᠠᠰᠤᠯᠬᠤ ᠺᠣᠮᠢᠰ ᠲᠤ | ᠪᠢᠴᠢᠭ ᠤᠨ ᠬᠡᠯᠪᠡᠷᠢ ᠪᠠᠷ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠣᠯᠬᠤ ᠪᠥᠭᠡᠳ | ᠬᠥᠨᠳᠡᠯᠡᠨ ᠠᠴᠠ ᠲᠠᠰᠤᠯᠬᠤ ᠰᠦᠢᠳᠬᠡᠯ 300 ᠲᠥᠭᠦᠷᠢᠭ ᠠᠷᠠᠳ ᠤᠨ ᠵᠣᠭᠤᠰ ᠲᠤᠰᠢᠶᠠᠨ᠎ᠠ᠃ ᠬᠤᠭᠤᠴᠠᠭ᠎ᠠ | ᠬᠡᠲᠦᠷᠡᠭᠦᠯᠦᠨ ᠲᠤᠰᠢᠶᠠᠭᠰᠠᠨ ᠪᠤᠶᠤ ᠪᠢᠴᠢᠭ ᠤᠨ ᠬᠡᠯᠪᠡᠷᠢ ᠪᠠᠷ ᠡᠰᠡ ᠲᠤᠰᠢᠶᠠᠭᠰᠠᠨ ᠪᠣᠯ ᠭᠤᠮᠣᠳᠠᠯ | ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ ᠶᠠᠮᠠᠷᠪᠠ ᠬᠥᠮᠦᠨ ᠤᠷᠤᠯᠳᠤᠭᠠᠨ ᠤ ᠦᠷ᠎ᠡ | ᠳ᠋ᠦᠩ ᠳᠤ ᠣᠨᠳᠣᠣ ᠰᠠᠨᠠᠯ ᠲᠠᠢ ᠠᠴᠠ ᠪᠣᠯᠵᠤ ᠲᠤᠬᠠᠶ ᠶᠢᠨ ᠲᠠᠯᠠᠪᠤᠷ ᠤᠨ ᠤᠷᠤᠯᠳᠤᠭᠠᠨ ᠤ ᠬᠡᠪ ᠤᠨ ᠶᠣᠰᠣᠭᠠᠷ | ᠶᠠᠪᠤᠭᠳᠠᠬᠤ ᠶᠢ ᠨᠥᠯᠥᠭᠡᠯᠡᠵᠦ ᠪᠣᠯᠬᠤ ᠦᠭᠡᠶ᠃ | ︵ᠭᠤᠷᠪᠠ︶ ᠲᠣᠰ ᠤᠳᠠᠭᠠᠨ ᠤ ᠤᠷᠤᠯᠳᠤᠭᠠᠨ ᠤ ᠬᠥᠨᠳᠡᠯᠡᠨ ᠠᠴᠠ ᠲᠠᠰᠤᠯᠬᠤ ᠪᠠ ᠲᠡᠰᠦᠯᠦᠨ | ᠲᠣᠭᠲᠠᠭᠠᠬᠤ ᠪᠦᠯᠬᠦᠮ ᠢ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ | ᠨᠡᠶᠢᠭᠡᠮᠯᠢᠭ ᠠᠴᠠ ᠨᠢᠭᠡᠳᠦᠯᠲᠡᠶ ᠰᠣᠩᠭᠤᠨ ᠲᠣᠮᠢᠯᠠᠵᠤ᠂ ᠬᠦᠷᠦᠯᠴᠡᠬᠦ ᠥᠬᠡᠶ ᠬᠡᠰᠡᠭ ᠢ ᠤᠷᠤᠯᠳᠤᠭᠠᠨ ᠤ ᠵᠣᠬᠢᠶᠠᠨ | ᠪᠠᠶᠢᠭᠤᠯᠬᠤ ᠺᠣᠮᠢᠰ ᠠᠴᠠ ᠰᠣᠩᠭᠤᠨ ᠲᠣᠮᠢᠯᠠᠨ᠎ᠠ᠃ | ︵ᠳᠥᠷᠪᠡ︶ ᠬᠥᠨᠳᠡᠯᠡᠨ ᠠᠴᠠ ᠲᠠᠰᠤᠯᠬᠤ ᠺᠣᠮᠢᠰ ᠤᠨ ᠠᠵᠢᠯᠲᠠᠨ ᠤ ᠪᠦᠷᠢᠯᠳᠦᠬᠦᠨ ᠪᠠ ᠡᠭᠦᠷᠭᠡ | ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠢᠶ᠎ᠠ ᠪᠥᠬᠦᠶ ᠬᠥᠨᠳᠡᠯᠡᠨ ᠠᠴᠠ ᠲᠠᠰᠤᠯᠬᠤ ᠠᠷᠭ᠎ᠠ ᠶᠣᠰᠣᠭᠠᠷ | ᠶᠠᠪᠣᠭᠳᠠᠭᠤᠯᠣᠨ᠎ᠠ᠃ | ︵ᠲᠠᠪᠤ︶ ᠪᠤᠰᠤᠳ ᠶᠠᠪᠣᠳᠠᠯ | 1᠂ ᠨᠡᠷ᠎ᠡ ᠮᠡᠳᠡᠭᠦᠯᠦᠭᠰᠡᠨ ᠤ ᠳᠠᠷᠠᠭ᠎ᠠ᠂ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠴᠠᠭ ᠤᠨ | ᠲᠣᠬᠢᠷᠠᠭᠤᠯᠤᠯᠲᠠ ᠶᠢ ᠵᠢᠷᠤᠮᠯᠠᠬᠤ ᠬᠡᠷᠡᠭᠲᠡᠶ᠃ | 2᠂ ᠤᠷᠤᠯᠳᠤᠭᠠᠨ ᠳᠤ ᠣᠷᠣᠯᠴᠠᠭᠰᠠᠳ ᠡᠷᠬᠡᠪᠰᠢ ᠦᠨᠡᠨ ᠪᠣᠳᠠᠲᠠᠶ ᠮᠡᠳᠡᠭᠡ ᠵᠠᠩᠭᠢ ᠪᠠᠨ ᠲᠠᠭᠯᠠᠨ | ᠮᠡᠳᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ ᠬᠤᠳᠠᠯ ᠬᠠᠭᠤᠷᠮᠠᠭ ᠠᠴᠠ ᠪᠣᠯᠤᠭᠰᠠᠨ ᠠᠯᠢᠪᠠ ᠦᠷ᠎ᠡ ᠤᠷᠰᠢᠭ ᠢ | ᠤᠷᠤᠯᠳᠤᠭᠠᠨ ᠳᠤ ᠣᠷᠣᠯᠴᠠᠭᠰᠠᠳ ᠡᠭᠦᠷᠭᠡᠯᠡᠨ᠎ᠡ᠃ | 3᠂ ᠣᠨᠣᠭᠠᠴᠢᠨ ᠤ ᠠᠮᠠᠯᠠᠯᠲᠠ᠄ ᠤᠷᠤᠯᠳᠤᠭᠠᠨ ᠳᠤ ᠣᠷᠣᠯᠴᠠᠭᠰᠠᠨ ᠬᠦᠮᠦᠨ ᠮᠣᠷᠢ ᠤᠷᠤᠯᠳᠤᠭᠠᠨ ᠤ | ᠬᠤᠭᠤᠴᠠᠭᠠᠨ ᠳᠤ ᠭᠠᠷᠤᠭᠰᠠᠨ ᠭᠡᠮᠲᠦᠯ ᠰᠢᠷᠬᠠᠲᠤᠯ ᠪᠠ ᠭᠡᠨᠡᠳᠲᠡ ᠶᠢᠨ ᠡ᠊ᠨᠳᠡᠯ ᠢ ᠭᠤᠣᠯᠯᠠᠨ ᠡᠷᠬᠢᠯᠡᠭᠰᠡᠨ ᠨᠢᠭᠡᠴᠢ | ᠪᠠ ᠳᠠᠭᠠᠭᠠᠨ ᠡᠷᠬᠢᠯᠡᠭᠰᠡᠨ ᠨᠢᠭᠡᠴᠢ ᠴᠥᠮ ᠶᠠᠮᠠᠷ ᠴᠤ ᠬᠠᠷᠢᠭᠤᠴᠠᠯᠭ᠎ᠠ ᠡᠭᠦᠷᠭᠡᠯᠡᠬᠦ ᠦᠭᠡᠢ᠂ ᠣᠨᠣᠭᠠᠴᠢᠨ | ᠳᠠᠭᠠᠳᠬᠠᠯ ᠤᠨ ᠬᠦᠷᠢᠶ᠎ᠡ ᠬᠡᠪᠴᠢᠶᠡᠨ ᠳᠡᠭᠡᠨ ᠥᠪᠡᠰᠦᠪᠡᠨ ᠡᠭᠦᠷᠭᠡᠯᠡᠵᠦ᠂ ᠳᠠᠭᠠᠳᠬᠠᠯ ᠤᠨ ᠬᠦᠷᠢᠶ᠎ᠡ | ᠬᠡᠪᠴᠢᠶᠡᠨ ᠠᠴᠠ ᠭᠠᠳᠠᠨᠠᠬᠢ ᠬᠡᠰᠡᠭ ᠢ ᠥᠪᠡᠰᠦᠪᠡᠨ ᠡᠭᠦᠷᠭᠡᠯᠡᠨ᠎ᠡ ᠭᠡᠵᠦ ᠠᠮᠠᠯᠳᠠᠨ᠎ᠠ᠃ | 4᠂ ᠣᠨᠣᠭᠠᠴᠢᠳ ᠤᠷᠤᠯᠳᠤᠭᠠᠨ ᠤ ᠬᠤᠭᠤᠴᠠᠭᠠᠨ ᠳᠠᠬᠢ ᠰᠢᠯᠢᠳᠡᠭ ᠬᠡᠷᠡᠯ ᠵᠢᠷᠤᠭ ᠢ ᠤᠷᠤᠯᠳᠤᠭᠠᠨ ᠤ | ᠳᠠᠷᠠᠭᠠᠬᠢ ᠰᠣᠨᠢᠨ ᠮᠡᠳᠡᠭᠡᠨ ᠤ ᠤᠬᠠᠭᠤᠯᠭ᠎ᠠ ᠳᠡᠯᠭᠡᠷᠡᠭᠦᠯᠦᠯᠲᠡ ᠳᠤ ᠬᠡᠷᠡᠭᠯᠡᠬᠦ ᠶᠢ ᠵᠥᠪᠰᠢᠶᠡᠷᠡᠬᠦ ᠬᠡᠷᠡᠭᠲᠡᠶ᠂ ᠬᠡᠷᠪᠡ | ᠵᠥᠪᠰᠢᠶᠡᠷᠡᠬᠦ ᠥᠬᠡᠶ ᠪᠣᠯ ᠤᠷᠢᠳᠴᠢᠯᠠᠨ ᠲᠣᠳᠣᠷᠬᠠᠶᠢᠯᠠᠭᠠᠷᠠᠶ᠃ | 5᠂ ᠲᠤᠰ ᠤᠷᠤᠯᠳᠤᠭᠠᠨ ᠤ ᠲᠠᠶᠢᠯᠪᠤᠷᠢᠯᠠᠯᠲᠠ᠂ ᠵᠠᠰᠠᠪᠤᠷᠢ ᠣᠷᠣᠭᠤᠯᠬᠤ ᠡᠷᠬᠡ ᠤᠷᠤᠯᠳᠤᠭᠠᠨ ᠤ | ᠶᠠᠪᠤᠳᠠᠯ ᠤᠨ ᠵᠣᠬᠢᠶᠠᠨ ᠪᠠᠶᠢᠭᠤᠯᠬᠤ ᠺᠣᠮᠢᠰ ᠲᠤ ᠥᠮᠴᠢᠯᠡᠭᠳᠡᠨ᠎ᠡ᠃ ᠪᠤᠰᠤᠳ ᠬᠢᠵᠦ ᠳᠠᠭᠤᠰᠤᠭᠠᠳᠤᠶ ᠵᠦᠢᠯ ᠢ | ᠠᠰ ᠲᠤᠨᠢ ᠮᠡᠳᠡᠭᠳᠡᠨ᠎ᠡ᠃ | | |