ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/11/20
     ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ ᠤᠨ ᠵᠢᠭᠤᠯᠴᠢᠯᠠᠯ ᠤᠨ ᠣᠷᠣᠨ ᠨᠢ ︽ᠲᠠᠯ᠎ᠠ ᠨᠤᠲᠤᠭ ᠤᠨ ᠬᠡᠷᠡᠯᠳᠦ ᠰᠤᠪᠤᠳ︾ ᠬᠡᠮᠡᠭᠳᠡᠭᠰᠡᠨ  ᠰᠢᠯᠢ ᠶᠢᠨ ᠬᠤᠲᠠ ᠳᠤ ᠪᠠᠶᠢᠷᠢᠯᠠᠵᠤ᠂ ᠭᠠᠯᠲᠤ ᠲᠡᠷᠭᠡᠨ ᠤ ᠥᠷᠲᠡᠭᠡ ᠠᠴᠠ 1 ᠺᠢᠯᠣᠮᠧᠲᠷ᠂ ᠨᠢᠰᠬᠡᠯ ᠤᠨ ᠪᠠᠭᠤᠳᠠᠯ ᠠᠴᠠ 10 ᠺᠢᠯᠣᠮᠧᠲᠷ ᠵᠠᠶᠢᠲᠠᠢ᠂ ᠵᠠᠮ ᠬᠠᠷᠢᠯᠴᠠᠭᠠᠨ ᠤ ᠨᠥᠬᠦᠴᠡᠯ ᠲᠤᠶᠢᠯ ᠤᠨ ᠳᠥᠭᠦᠮ ᠳᠥᠲᠡ ᠪᠠᠶᠢᠳᠠᠭ᠃ ᠰᠤᠷᠭᠠᠭᠤᠯᠢ ᠶᠢᠨ ᠲᠣᠭᠤᠷᠢᠭ ᠤᠨ ᠡᠵᠡᠯᠡᠬᠦ ᠲᠠᠯᠠᠪᠠᠶ ᠨᠢ 136.5 ᠲᠦᠮᠡᠨ ᠲᠡᠭᠰᠢ ᠳᠥᠷᠪᠡᠯᠵᠢᠨ ᠮᠧᠲᠷ᠂ ᠵᠢᠭᠤᠯᠴᠢᠯᠠᠯ ᠤᠨ ᠲᠣᠭᠤᠷᠢᠭ ᠤᠨ ᠪᠠᠶᠢᠷᠢᠰᠢᠯ ᠨᠢ ᠵᠦᠢ ᠵᠣᠬᠢᠰᠲᠠᠢ᠂ ᠣᠷᠴᠢᠨ ᠲᠣᠭᠤᠷᠢᠨ  ᠨᠢ ᠭᠤᠶᠢᠳᠠ ᠰᠠᠶᠢᠬᠠᠨ᠂ ᠦᠨᠳᠦᠰᠦᠲᠡᠨ ᠤ ᠰᠣᠶᠣᠯ ᠲᠣᠪᠣᠶᠢᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠨᠢ ᠥᠨᠳᠥᠷ᠂ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠨᠢ ᠪᠦᠷᠢᠨ ᠭᠦᠢᠴᠡᠳ᠃ 2019 ᠣᠨ ᠤ 12 ᠰᠠᠷ᠎ᠠ ᠳᠤ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠪᠡ᠃      ᠦᠵᠡᠮᠵᠢ ᠶᠢᠨ ᠣᠷᠣᠨ ᠨᠢ ᠤᠯᠠᠮᠵᠢᠯᠠᠯᠲᠤ ᠰᠣᠶᠣᠯ᠂ ᠤᠯᠤᠰ ᠤᠨ ᠪᠠᠲᠤᠯᠠᠨ ᠬᠠᠮᠠᠭᠠᠯᠠᠯᠲᠠ ᠰᠢᠨᠵᠢᠯᠡᠬᠦ ᠤᠬᠠᠭᠠᠨ ᠠᠵᠤ ᠦᠢᠯᠡᠳᠪᠦᠷᠢ᠂ ᠪᠠᠶᠢᠭᠠᠯᠢ ᠶᠢᠨ ᠠᠮᠢ ᠠᠬᠤᠢ ᠵᠡᠷᠭᠡ ᠲᠠᠯ᠎ᠠ ᠪᠠᠷ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠴᠢᠷᠮᠠᠶᠢᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠣᠯᠠᠮᠵᠢᠯᠠᠨ᠂ ᠦᠨᠳᠦᠰᠦᠲᠡᠨ ᠤ ᠰᠣᠶᠣᠯ ᠢ ᠬᠠᠮᠠᠭᠠᠯᠠᠵᠤ᠂ ︽ᠲᠦᠮᠡᠨ ᠪᠣᠳᠢ ᠨᠣᠮ ᠣᠩᠰᠢᠵᠣ ᠲᠦᠮᠡᠨ ᠭᠠᠵᠠᠷ ᠠᠶᠠᠯᠠᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠣᠯᠣᠨ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠶᠢ ᠰᠢᠯᠢ ᠶᠢᠨ ᠭᠤᠣᠯ ᠤᠨ ᠲᠠᠯ᠎ᠠ ᠨᠤᠲᠤᠭ ᠲᠤ ᠦᠨᠳᠦᠰᠦᠯᠡᠭᠦᠯᠦᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠨ ᠰᠤᠷᠤᠯᠴᠠᠬᠤ ᠶᠢ ᠠᠬᠢᠭᠤᠯᠪᠠ᠃ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠷᠣᠪᠠᠯ ᠮᠣᠩᠭᠤᠯ ᠦᠨᠳᠦᠰᠦᠲᠡᠨ ᠤ ᠲᠡᠦᠬᠡ   ᠶᠢᠨ ᠲᠤᠯᠭᠤᠷ ᠪᠢᠴᠢᠭ ᠤᠨ ᠣᠷᠳᠣᠨ ᠠᠴᠠ ᠮᠣᠩᠭᠤᠯ ᠦᠨᠳᠦᠰᠦᠲᠡᠨ ᠤ ᠲᠡᠦᠬᠡ ᠰᠣᠶᠣᠯ ᠤᠨ ᠬᠥᠭᠵᠢᠯᠲᠡ ᠶᠢᠨ ᠲᠡᠦᠬᠡ ᠶᠢ ᠰᠢᠭᠤᠳ ᠣᠶᠢᠯᠠᠭᠠᠵᠤ ᠪᠣᠯᠣᠨ᠎ᠠ︔ ᠤᠮᠠᠷᠠᠲᠤ   ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠯᠢᠭ ᠤᠨ ᠮᠠᠲ᠋ᠧᠷᠢᠶᠠᠯ ᠤᠨ ᠰᠠᠩ ᠳᠤ ᠦᠨᠳᠦᠰᠦᠲᠡᠨ ᠤ ᠳᠠᠭᠤᠤ ᠬᠥᠭᠵᠢᠮ ᠤᠨ ᠬᠥᠭᠵᠢᠯᠲᠡ ᠶᠢᠨ ᠲᠡᠦᠬᠡ ᠵᠢᠴᠢ ᠦᠨᠳᠦᠰᠦᠲᠡᠨ ᠤ ᠳᠠᠭᠤᠤ ᠬᠥᠭᠵᠢᠮ᠂ ᠦᠨᠳᠦᠰᠦᠲᠡᠨ ᠤ ᠭᠥᠭᠵᠢᠮ ᠤᠨ ᠠᠷᠤ ᠳᠠᠬᠢ ᠬᠡᠷᠡᠯ ᠰᠠᠴᠤᠷᠠᠩᠭᠤᠢ ᠦᠨᠳᠦᠰᠦᠲᠡᠨ ᠤ ᠰᠣᠶᠣᠯ   ᠢ ᠰᠤᠷᠤᠯᠴᠠᠵᠤ ᠪᠣᠯᠣᠨ᠎ᠠ︔ ᠰᠢᠯᠢ ᠶᠢᠨ ᠭᠤᠣᠯ ᠤᠨ ᠪᠡᠯᠴᠢᠭᠡᠷ ᠤᠨ ᠡᠬᠢ ᠪᠠᠶᠠᠯᠢᠭ ᠤᠨ ᠬᠡᠪ ᠵᠠᠭᠪᠣᠷ ᠤᠨ ᠣᠷᠳᠣᠨ ᠳᠤ ᠪᠠᠶᠢᠭᠠᠯᠢ ᠶᠢᠨ ᠨᠢᠭᠤᠴᠠ ᠶᠢ ᠬᠠᠶᠢᠨ ᠰᠦᠪᠡᠭᠴᠢᠯᠡᠵᠦ ᠪᠣᠯᠣᠨ᠎ᠠ︔ ᠦᠨᠳᠦᠰᠦᠲᠡᠨ ᠤ ᠤᠷᠠᠯᠢᠭ ᠤᠨ ᠴᠢᠳᠠᠪᠤᠷᠢᠲᠠᠨ   ᠢ ᠬᠥᠮᠥᠵᠢᠭᠦᠯᠬᠦ ᠰᠠᠭᠤᠷᠢᠨ ᠭᠠᠵᠠᠷ ᠲᠤ ᠮᠣᠩᠭᠤᠯ ᠳᠠᠭᠤᠤ᠂ ᠮᠣᠩᠭᠤᠯ ᠪᠥᠵᠢᠭ ᠰᠤᠷᠴᠤ ᠪᠣᠯᠣᠨ᠎ᠠ︔ ᠴᠢ · ᠪᠣᠯᠠᠭ  ᠤᠨ ᠣᠯᠠᠨ ᠤᠯᠤᠰ ᠤᠨ ᠮᠣᠷᠢᠨ ᠬᠤᠭᠤᠷ ᠤᠨ ᠳᠠᠭᠤᠤ ᠬᠥᠭᠵᠢᠮ ᠤᠨ ᠲᠢᠩᠬᠢᠮ ᠳᠤ ᠮᠣᠷᠢᠨ ᠬᠤᠭᠤᠷ ᠤᠨ ᠲᠣᠭᠯᠠᠯᠲᠠ   ᠶᠢ ᠰᠣᠨᠢᠷᠬᠠᠵᠤ᠂ ᠮᠣᠷᠢᠨ ᠬᠤᠭᠤᠷ ᠰᠤᠷᠴᠤ ᠪᠣᠯᠣᠨ᠎ᠠ︔ ᠪᠡᠶ᠎ᠡ ᠶᠢᠨ ᠲᠠᠮᠢᠷ ᠤᠨ ᠲᠥᠪ ᠲᠤ ᠰᠤᠷ ᠬᠠᠷᠪᠤᠬᠤ ᠪᠠ ᠪᠥᠬᠡ ᠪᠠᠷᠢᠯᠳᠤᠬᠤ ᠶᠢ ᠰᠤᠷᠴᠤ ᠪᠣᠯᠣᠨ᠎ᠠ︔  ᠪᠢᠨ ᠳ᠋ᠢ ᠯᠢ ᠶᠠ ᠮᠣᠷᠢᠨ ᠮᠡᠷᠭᠡᠵᠢᠯ ᠤᠨ ᠺᠯᠦ᠋ᠪ᠂ ᠮᠣᠷᠢᠨ ᠮᠡᠷᠭᠡᠵᠢᠯ ᠤᠨ ᠳᠡᠭᠡᠳᠦ ᠰᠤᠷᠭᠠᠭᠤᠯᠢ ᠳᠤ ᠳᠡᠯᠡᠬᠡᠢ ᠶᠢᠨ ᠨᠠᠷᠠᠲᠤ ᠮᠣᠷᠢ ᠲᠠᠢ ᠣᠶᠢᠷᠠᠳᠴᠤ᠂  ᠮᠣᠷᠢ ᠣᠨᠣᠬᠤ  ᠶᠢᠨ ᠪᠠᠶᠠᠷ ᠬᠥᠷ ᠢ ᠣᠶᠢᠯᠠᠭᠠᠵᠤ ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号