ᠰᠢᠯᠢ ᠶᠢᠨ ᠭᠤᠤᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ 3 ᠳᠠᠳᠤᠯᠭ᠎ᠠ ᠶᠢᠨ ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2024/11/6
     ᠵᠠᠯᠠᠭᠤᠴᠤᠳ ᠢ ᠬᠠᠪᠰᠤᠷᠤᠨ ᠠᠵᠢᠯ ᠤᠨ ᠪᠠᠶᠢᠷᠢ ᠶᠢᠨ ᠦᠢᠯᠡᠳᠦᠯᠭᠡ ᠶᠢ ᠴᠢᠩᠭᠠᠳᠬᠠᠵᠤ᠂ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ᠂ ︽ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ︹ 2023 ︺ 212 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠯᠢ ᠶᠢᠨ ᠭᠤᠤᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯᠲᠠᠨ ᠢ ᠢᠯᠡ ᠪᠠᠷ ᠡᠯᠰᠡᠵᠦ ᠪᠣᠶ᠄      ᠨᠢᠭᠡ᠂ ᠨᠡᠷ᠎ᠡ ᠮᠡᠳᠡᠭᠦᠯᠬᠦ ᠨᠥᠬᠦᠴᠡᠯ      2023᠂ 2024 ᠣᠨ ᠤ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠰᠠᠨ ᠥᠬᠡᠶ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ       ᠬᠤᠶᠠᠷ᠂  ᠲᠠᠳᠣᠯᠭ᠎ᠠ ᠶᠢᠨ ᠠᠵᠢᠯᠳᠠᠨ ᠤ ᠲᠤᠭ᠎ᠠ      3 ᠠᠵᠢᠯᠳᠠᠨ᠂ ᠨᠠᠷᠢᠨ ᠪᠠᠶᠢᠳᠠᠯ ᠲᠣᠣᠷᠠᠬᠢ ᠮᠡᠳᠦ᠄      ᠲᠤᠬᠠᠶᠢᠯᠠᠭᠰᠠᠨ ᠠᠵᠢᠯ ᠤᠨ ᠪᠠᠶᠢᠷᠢ ᠳᠤ 2 ᠠᠵᠢᠯᠳᠠᠨ ᠡᠯᠰᠡᠨ᠎ᠡ᠂ ᠲᠤᠰᠬᠠᠶ ᠮᠡᠷᠭᠡᠵᠢᠯ ᠢ ᠬᠢᠵᠠᠭᠠᠷᠯᠠᠬᠤ ᠦᠭᠡᠢ  ᠂ ᠶᠡᠭᠡ ᠰᠣᠷᠭᠠᠭᠤᠯᠢ ᠶᠢᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢ ᠰᠣᠷᠣᠯᠭ᠎ᠠ ᠶᠢᠨ  ᠨᠠᠮᠳᠠᠷ ᠲᠠᠢ ᠪᠠᠶᠢᠬᠤ᠃      ᠨᠢᠭᠲᠠᠯᠠᠨ ᠪᠣᠳᠣᠬᠤ ᠠᠵᠢᠯ ᠤᠨ ᠪᠠᠶᠢᠷᠢ  ᠎ ᠳᠤ 1ᠠᠵᠢᠯᠳᠠᠨ ᠡᠯᠰᠡᠨ᠎ᠡ᠂ ᠨᠢᠭᠲᠠᠯᠠᠨ ᠪᠤᠳᠤᠯᠲᠠ ᠶᠢᠨ ᠲᠥᠷᠦᠯ ᠤᠨ ᠲᠤᠰᠬᠠᠶ ᠮᠡᠷᠭᠡᠵᠢᠯ ᠲᠠᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢ ᠰᠣᠷᠣᠯᠭ᠎ᠠ ᠶᠢᠨ ᠨᠠᠮᠳᠠᠷ ᠲᠠᠢ ᠪᠠᠶᠢᠬᠤ᠃      ᠭᠤᠷᠪᠠ᠂ ᠠᠵᠢᠯᠯᠠᠬᠤ ᠭᠠᠵᠠᠷ  ᠄ ᠰᠢᠨ᠎ᠡ ᠲᠣᠭᠤᠷᠢᠭ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠲᠤᠮᠤ ᠠᠰᠠᠷ ᠤᠨ 9  ᠳ᠋ᠦ᠋ᠭᠡᠷ ᠲᠠᠪᠬᠤᠷᠭ᠎ᠠ      ᠳᠥᠷᠪᠡ᠂ ᠲᠠᠳᠣᠯᠭ᠎ᠠ ᠶᠢᠨ ᠬᠤᠭᠤᠴᠠᠭ᠎ᠠ  3 — 12 ᠰᠠᠷ᠎ᠠ      ᠲᠠᠪᠤ᠂ ᠳᠠᠳᠤᠯᠭ᠎ᠠ ᠶᠢᠨ ᠬᠤᠭᠤᠴᠠᠭᠠᠨ ᠳᠠᠬᠢ ᠠᠮᠢᠳᠤᠷᠠᠯ ᠤᠨ ᠨᠥᠬᠦᠪᠥᠷᠢ ᠵᠢᠴᠢ ᠳᠠᠭᠠᠳᠬᠠᠯ ᠄  ᠳᠠᠳᠤᠯᠭ᠎ᠠ ᠶᠢᠨ ᠰᠣᠷᠣᠭᠴᠢ ᠬᠥᠮᠦᠨ ᠪᠦᠷᠢ ᠳᠤ ᠰᠠᠷ᠎ᠠ ᠳᠤ 2490 ᠲᠥᠭᠦᠷᠢᠭ ᠤᠨ ᠠᠮᠢᠳᠤᠷᠠᠯ ᠤᠨ ᠨᠥᠬᠦᠪᠥᠷᠢ ᠥᠭᠬᠦ ᠶᠢᠨ ᠬᠠᠮᠲᠤ  ᠬᠡᠨᠡᠳᠲᠡ ᠶᠢᠨ ᠭᠡᠮᠳᠦᠯ ᠤᠨ ᠳᠠᠭᠠᠳᠬᠠᠯ ᠲᠤᠰᠢᠶᠠᠵᠤ ᠥᠭᠭᠦᠨ᠎ᠡ᠃      ᠵᠢᠷᠭᠤᠭ᠎ᠠ᠂ ᠨᠡᠷ᠎ᠡ ᠮᠡᠳᠡᠭᠦᠯᠬᠦ ᠴᠠᠭ ᠵᠢᠴᠢ ᠬᠡᠯᠪᠡᠷᠢ      ︵ᠨᠢᠭᠡ︶ ᠨᠡᠷ᠎ᠡ ᠮᠡᠳᠡᠭᠦᠯᠬᠦ ᠴᠠᠭ᠄ 2024 ᠣᠨ ᠤ 10 ᠰᠠᠷ᠎ᠠ ᠶᠢᠨ 31᠎ ᠤ ᠡᠳᠦᠷ ᠠᠴᠠ ᠡᠬᠢᠯᠡᠵᠦ᠂  ᠬᠦᠮᠦᠨ ᠤ ᠲᠤᠭ᠎ᠠ ᠬᠦᠷᠳᠡᠯ᠎ᠡ ᠮᠡᠳᠡᠭᠦᠯᠦᠨ᠎ᠡ᠃      ︵ᠬᠤᠶᠠᠷ︶ ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠰᠦᠯᠵᠢᠶᠡᠨ ᠭᠠᠳᠠᠨ᠎ᠠ ᠨᠡᠷ᠎ᠡ ᠮᠡᠳᠡᠭᠦᠯᠦᠨ᠎ᠡ᠃      ︵ᠭᠤᠷᠪᠠ︶ ᠨᠡᠷ᠎ᠡ ᠮᠡᠳᠡᠭᠦᠯᠬᠦ ᠮᠠᠲ᠋ᠧᠷᠢᠶᠠᠯ᠄ ᠪᠡᠶ᠎ᠡ ᠶᠢᠨ ᠦᠨᠡᠮᠯᠡᠯ᠂ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠤᠨ ᠣᠭ ᠮᠠᠲ᠋ᠧᠷᠢᠶᠠᠯ      ︵ᠳᠥᠷᠪᠡ︶ ᠨᠡᠷ᠎ᠡ ᠮᠡᠳᠡᠭᠦᠯᠬᠦ ᠭᠠᠵᠠᠷ᠄ ᠰᠢᠯᠢ ᠶᠢᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠤᠶᠠᠳᠤᠭᠠᠷ ᠲᠠᠪᠬᠤᠷᠭ᠎ᠠ ᠶᠢᠨ ᠠᠵᠢᠯ ᠣᠯᠭᠤᠯᠲᠠ ᠶᠢᠨ ᠶᠡᠭᠡ ᠲᠢᠩᠬᠢᠮ ︵ ᠰᠢᠯᠢ ᠎ ᠶᠢᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠠᠤᠯᠢ ᠴᠠᠭᠠᠵᠠ ᠶᠢᠨ ᠶᠡᠷᠦᠩᠬᠡᠶᠢᠯᠡᠭᠰᠡᠨ ᠠᠰᠠᠷ︶      ᠳᠣᠯᠤᠭ᠎ᠠ᠂ ᠪᠤᠰᠤᠳ ᠶᠠᠪᠣᠳᠠᠯ      ︵ᠨᠢᠭᠡ︶ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠠᠳᠤᠯᠭ᠎ᠠ ᠶᠢᠨ ᠬᠤᠭᠤᠴᠠᠭᠠᠨ ᠳᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠶᠢᠨ ᠪᠡᠶ᠎ᠡ ᠶᠢᠨ ᠭᠠᠷᠤᠯ ᠢ ᠨᠥᠯᠥᠭᠡᠯᠡᠬᠦ ᠥᠬᠡᠶ  ᠃      ︵ᠬᠤᠶᠠᠷ︶ ᠳᠠᠳᠤᠯᠭ᠎ᠠ ᠶᠢᠨ ᠬᠠᠮᠤᠭ ᠤᠨ ᠣᠷᠳᠣ ᠬᠤᠭᠤᠴᠠᠭ᠎ᠠ12 ᠰᠠᠷ᠎ᠠ᠃       ︵ᠭᠤᠷᠪᠠ︶ ᠠᠰᠠᠭᠤᠨ ᠯᠠᠪᠯᠠᠬᠤ ᠤᠲᠠᠰᠤ᠄ 0479 — 8251282  ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号