ᠨᠡᠶᠢᠭᠡᠮ ᠤᠨ ᠬᠡᠷᠡᠭ ᠶᠠᠪᠤᠳᠠᠯ ᠰᠤᠷᠭᠠᠭᠤᠯᠢ ᠶᠢᠨ ᠬᠦᠷᠢᠶᠡᠨ ᠳᠤ  ᠣᠷᠣᠬᠤ ᠠᠰᠠᠭᠤᠳᠠᠯ ᠢ ᠰᠢᠯᠢ ᠶᠢᠨ ᠭᠤᠣᠯ ᠠᠶᠢᠮᠠᠭ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/11/6
     ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠵᠣ᠂ ᠪᠠᠭᠰᠢ ᠶᠢᠨ ᠠᠵᠢᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠥᠷᠭᠡᠨ ᠤᠯᠠᠨ ᠪᠠᠭᠰᠢ ᠨᠠᠷ ᠲᠤ ᠨᠢᠭᠡ ᠰᠡᠳᠬᠢᠯ ᠢᠶᠠᠷ ᠪᠢᠴᠢᠭ ᠵᠢᠭᠠᠬᠤ᠂ ᠰᠠᠨᠠᠭ᠎ᠠ ᠠᠮᠤᠷ ᠪᠠᠭᠰᠢᠯᠠᠬᠤ ᠰᠠᠶᠢᠨ ᠰᠠᠶᠢᠬᠠᠨ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠳᠦᠭᠡ ᠨᠡᠶᠢᠭᠡᠮ ᠨᠡᠶᠢᠲᠡ ᠳᠤ ᠬᠠᠨᠳᠤᠭᠤᠯᠤᠨ ᠪᠦᠬᠦ ᠠᠶᠢᠮᠠᠭ ᠤᠨ ᠨᠡᠶᠢᠭᠡᠮ ᠤᠨ ᠬᠡᠷᠡᠭ ᠶᠠᠪᠤᠳᠠᠯ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠲᠦᠷᠢᠮᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠠᠰᠠᠭᠤᠳᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠢᠭᠡᠳᠦᠯᠲᠡᠢ ᠨᠡᠶᠢᠲᠡᠯᠡᠵᠦ᠂ ᠥᠷᠭᠡᠨ ᠤᠯᠠᠨ ᠪᠠᠭᠰᠢ ᠰᠤᠷᠤᠭᠴᠢ᠂ ᠭᠡᠷ ᠤᠨ ᠠᠬᠠᠮᠠᠳ᠂ ᠤᠯᠠᠨ ᠲᠦᠮᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠢᠨᠠᠯᠲᠠ ᠲᠠᠯᠪᠢᠵᠤ ᠵᠠᠭᠠᠯᠳᠤᠬᠤ ᠶᠢ ᠪᠠᠶᠠᠷᠯᠠᠨ ᠤᠭᠲᠤᠵᠤ ᠪᠠᠶᠢᠨ᠎ᠠ︕      ᠨᠢᠭᠡ᠂ ᠭᠥᠯᠢᠶᠡᠨ ᠠᠪᠴᠤ  ᠰᠢᠢᠳᠪᠦᠷᠢᠯᠡᠬᠦ ᠬᠡᠪᠴᠢᠶ᠎ᠡ      ︵ᠨᠢᠭᠡ︶ ᠳᠤᠮᠳᠠᠳᠤ ᠪᠠᠭ᠎ᠠ ᠰᠤᠷᠭᠠᠭᠤᠯᠢ᠂ ᠪᠠᠭᠰᠢ ᠨᠠᠷ ᠲᠤ ᠠᠯᠪᠠᠳᠠᠯᠭ᠎ᠠ ᠪᠠᠷ ᠵᠢᠭᠠᠪᠤᠷᠢ ᠶᠢᠨ ᠴᠢᠨᠠᠷᠲᠠᠶ ᠡᠭᠦᠷᠭᠡ ᠳᠠᠭᠠᠭᠠᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠥᠬᠡᠶ ᠠᠵᠢᠯᠯᠠᠭ᠎ᠠ ᠪᠠ ᠠᠵᠢᠯ ︵ᠵᠢᠱᠢᠶᠡᠯᠡᠪᠡᠯ ᠪᠠᠶᠠᠷ ᠤᠨ ᠶᠣᠰᠣᠯᠠᠯ᠂ ᠬᠤᠳᠠᠯᠳᠤᠭᠠᠴᠢᠨ ᠤᠷᠢᠬᠤ᠂ ᠨᠤᠷᠠᠭᠠᠵᠤ ᠨᠡᠭᠦᠯᠭᠡᠬᠦ ᠵᠡᠷᠭᠡ︶᠎ ᠢ ᠦᠷᠨᠢᠭᠦᠯᠬᠦ᠃      ︵ᠬᠤᠶᠠᠷ︶ ᠳᠤᠮᠳᠠᠳᠤ ᠪᠠᠭ᠎ᠠ ᠰᠤᠷᠭᠠᠭᠤᠯᠢ᠂ ᠪᠠᠭᠰᠢ ᠪᠣᠯᠤᠨ ᠰᠤᠷᠤᠭᠴᠢᠳ ᠢ ᠠᠯᠪᠠᠳᠠᠯᠭ᠎ᠠ ᠪᠠᠷ ᠡᠯ᠎ᠡ ᠲᠥᠷᠥᠯ ᠤᠨ ᠡᠬᠡ ᠪᠢᠴᠢᠭ ᠡᠯᠰᠡᠬᠦ᠂ ᠥᠭᠦᠯᠡᠯ ᠤᠨ ᠰᠢᠯᠭᠠᠷᠠᠭᠤᠯᠤᠯᠲᠠ᠂ ᠬᠡᠷᠡᠭ ᠤᠨ ᠵᠢᠱᠢᠶ᠎ᠡ ᠶᠢᠨ ᠰᠢᠯᠭᠠᠷᠠᠭᠤᠯᠤᠯᠲᠠ᠂ ᠤᠬᠠᠭᠤᠯᠭ᠎ᠠ ᠶᠢᠨ ᠡᠬᠡ ᠪᠢᠴᠢᠭ ᠢ ᠮᠡᠳᠡᠭᠦᠯᠦᠨ ᠬᠦᠷᠭᠡᠬᠦ᠂ ᠶᠠᠷᠢᠶ᠎ᠠ ᠢᠯᠡᠳᠬᠡᠯ ᠬᠢᠬᠦ ᠤᠷᠤᠯᠳᠤᠭᠠᠨ᠂ ᠰᠤᠳᠤᠯᠤᠨ ᠶᠠᠷᠢᠯᠴᠠᠬᠤ᠂ ᠰᠠᠨᠠᠯ ᠬᠤᠷᠢᠶᠠᠬᠤ᠂ ᠰᠤᠷᠤᠯᠴᠠᠵᠤ ᠰᠣᠯᠢᠯᠴᠠᠬᠤ ᠵᠡᠷᠭᠡ ᠠᠵᠢᠯᠯᠠᠭ᠎ᠠ ᠲᠣᠬᠢᠷᠠᠭᠤᠯᠬᠤ᠃      ︵ᠭᠤᠷᠪᠠ︶ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠰᠣᠷᠣᠭᠴᠢ ᠪᠠ ᠰᠣᠷᠣᠭᠴᠢ ᠶᠢᠨ ᠬᠡᠷ ᠤᠨ ᠠᠬᠠᠮᠠᠳ ᠢ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ ᠸᠢᠴᠠᠲ ᠤᠨ ᠨᠡᠶᠢᠲᠡ ᠶᠢᠨ ᠳ᠋ᠤᠭᠠᠷ ᠪᠤᠶᠤ ᠰᠦᠯᠵᠢᠶ᠎ᠡ ᠪᠠᠷ ᠪᠢᠯᠧᠲ ᠥᠭᠬᠦ᠂ ᠮᠠᠭᠳᠠᠭᠠᠯ ᠥᠭᠬᠦ᠂ ᠰᠡᠳᠦᠪ ᠬᠠᠷᠢᠭᠤᠯᠬᠤ᠂ ᠮᠡᠳᠡᠯᠭᠡ ᠶᠢᠨ ᠤᠷᠤᠯᠳᠤᠭᠠᠨ ᠬᠢᠬᠦ᠂ ᠳᠡᠯᠭᠡᠷᠡᠭᠦᠯᠦᠨ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ ᠠᠵᠢᠯᠯᠠᠭ᠎ᠠ ᠶᠢ ᠠᠯᠪᠠᠳᠠᠯᠭ᠎ᠠ ᠪᠠᠷ ᠥᠷᠨᠢᠭᠦᠯᠬᠦ  ᠃      ︵ᠲᠥᠷᠪᠡ︶ ᠰᠤᠷᠭᠠᠭᠤᠯᠢ ᠶᠢᠨ ᠬᠢᠴᠢᠶᠡᠯ ᠢ ᠵᠣᠭᠰᠣᠭᠠᠵᠣ ᠰᠤᠷᠭᠠᠭᠤᠯᠢ ᠶᠢᠨ ᠲᠠᠯᠠᠪᠤᠷ ᠢ ᠵᠢᠭᠡᠯᠡᠨ ᠬᠡᠷᠡᠭᠯᠡᠵᠦ ᠬᠤᠳᠠᠯᠳᠤᠭᠠᠴᠢᠨ ᠤᠷᠢᠬᠤ᠂ ᠪᠠᠶᠠᠷ  ᠎ ᠤᠨ ᠶᠣᠰᠣᠯᠠᠯ ᠬᠢᠬᠦ ᠵᠡᠷᠭᠡ ᠠᠵᠢᠯᠯᠠᠭ᠎ᠠ ᠡᠷᠬᠢᠯᠡᠬᠦ᠃      ︵ᠲᠠᠪᠤ︶ ᠰᠣᠷᠣᠭᠴᠢ ᠶᠢᠨ ᠠᠮᠤᠷ ᠲᠦᠪᠰᠢᠨ ᠤ ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠦᠨᠡᠨᠴᠢ ᠢᠲᠡᠭᠡᠮᠵᠢ ᠶᠢᠨ ᠬᠥᠮᠦᠵᠢᠯ᠂ ᠡᠷᠡᠭᠦᠯ ᠮᠡᠨᠳᠦ ᠶᠢᠨ ᠬᠥᠮᠦᠵᠢᠯ᠂ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠵᠡᠷᠭᠡ ᠶᠢ ᠨᠢᠭᠡᠨᠲᠡ ᠤᠯᠤᠰ ᠪᠠ ᠣᠷᠣᠨ ᠨᠤᠲᠤᠭ ᠤᠨ ᠬᠢᠴᠢᠶᠡᠯ ᠳᠤ ᠲᠣᠬᠢᠷᠠᠭᠤᠯᠣᠭᠰᠠᠨ ᠪᠥᠭᠡᠳ ᠰᠤᠷᠭᠠᠭᠤᠯᠢ ᠶᠢᠨ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠳᠤ ᠨᠢᠭᠡᠨᠲᠡ ᠣᠷᠣᠭᠤᠯᠪᠠ᠂ ᠳᠠᠪᠬᠤᠷᠳᠠᠭᠤᠯᠤᠨ ᠳᠣᠭᠢᠷᠠᠭᠤᠯᠵᠤ ᠪᠣᠯᠬᠤ ᠥᠬᠡᠶ᠃      ︵ᠵᠢᠷᠭᠤᠭ᠎ᠠ︶ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ᠂ ᠪᠠᠭᠰᠢ᠂ ᠰᠣᠷᠣᠭᠴᠢ᠂ ᠬᠡᠷ ᠤᠨ ᠠᠬᠠᠮᠠᠳ ᠤᠨ ᠳᠠᠷᠤᠭᠠᠰᠤ ᠶᠢ ᠬᠦᠨᠳᠦᠷᠡᠭᠦᠯᠬᠦ ᠪᠤᠰᠤᠳ ᠵᠦᠢᠯ ᠤᠨ ᠶᠠᠪᠣᠳᠠᠯ᠃      ᠬᠤᠶᠠᠷ᠂ ᠢᠯᠡᠴᠢᠯᠡᠨ ᠮᠡᠳᠡᠭᠦᠯᠬᠦ ᠲᠠᠪᠴᠠᠩ      1᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ      ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0479 — 8264355      ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠄ 0479 — 82212012᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠄ xmszk@126.com      ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠄ xmjwzjyjjjzz@163.com      ᠭᠤᠷᠪᠠ᠂ ᠢᠯᠡᠴᠢᠯᠡᠨ ᠮᠡᠳᠡᠭᠦᠯᠬᠦ ᠳᠤ ᠡᠷᠬᠡᠪᠰᠢ ᠮᠡᠳᠡᠬᠦ ᠵᠦᠢᠯ      1᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠎ ᠢ ᠵᠦᠷᠢᠴᠡᠭᠰᠡᠨ ᠪᠣᠳᠠᠲᠠᠶ ᠶᠠᠪᠤᠳᠠᠯ᠂ ᠭᠡᠷᠡᠴᠢ ᠪᠠᠷᠢᠮᠲᠠ ᠪᠤᠶᠤ ᠰᠦᠪᠡᠭᠴᠢ ᠎ ᠶᠢᠨ ᠲᠣᠳᠣᠷᠬᠠᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃      2᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠵᠦᠢᠯᠡᠰ ᠢ ᠨᠢᠭᠡᠨᠲᠡ ᠰᠢᠢᠳᠪᠦᠷᠢᠯᠡᠴᠢᠬᠡᠭᠰᠡᠨ ᠪᠠᠶᠢᠬᠤ ᠳᠤ᠂ ᠵᠠᠭᠠᠯᠳᠣᠭᠴᠢ ᠰᠢᠨ᠎ᠡ ᠭᠡᠷᠡᠴᠢ ᠪᠠᠷᠢᠮᠲᠠ ᠪᠤᠶᠤ ᠰᠢᠨ᠎ᠡ ᠰᠦᠪᠡᠭᠴᠢ ᠦᠭᠡᠢ ᠪᠠᠶᠢᠳᠠᠯ ᠤᠨ ᠳᠣᠣᠷ᠎ᠠ᠂ ᠮᠥᠨ ᠲᠦᠷᠦᠭᠦᠦ ᠬᠡᠷᠡᠭ ᠪᠤᠶᠤ ᠤᠴᠢᠷ ᠰᠢᠯᠲᠠᠭᠠᠨ ᠤ ᠲᠤᠬᠠᠶ ᠲᠠᠬᠢᠨ ᠳᠠᠪᠲᠠᠨ ᠵᠠᠭᠠᠯᠳᠤᠵᠤ  ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      3᠂ ᠢᠯᠡᠴᠢᠯᠡᠨ ᠮᠡᠳᠡᠭᠦᠯᠦᠭᠴᠢ ᠪᠠᠶᠢᠳᠠᠯ ᠢ ᠪᠤᠰᠤᠳᠴᠢ ᠪᠠᠷ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠂ ᠥᠰᠬᠡᠭᠡᠨ ᠲᠥᠰᠬᠡᠭᠡᠨ ᠲᠠᠢ᠂ ᠭᠠᠵᠢᠭᠤᠳᠠᠭᠤᠯᠤᠭᠰᠠᠨ᠂ ᠭᠦᠳᠬᠡᠨ ᠵᠠᠭᠠᠯᠳᠤᠭᠰᠠᠨ᠂ ᠬᠤᠳᠠᠯ ᠢᠶᠠᠷ ᠵᠣᠬᠢᠶᠠᠭᠰᠠᠨ ᠵᠡᠷᠭᠡ ᠪᠠᠶᠢᠳᠠᠯ ᠪᠠᠶᠢᠵᠣ ᠪᠣᠯᠬᠤ ᠦᠭᠡᠢ᠃ ᠬᠡᠷᠪᠡ ᠢᠯᠡᠴᠢᠯᠡᠨ ᠮᠡᠳᠡᠭᠦᠯᠬᠦ ᠨᠡᠷ᠎ᠡ ᠪᠠᠷ ᠵᠣᠷᠢᠭᠤᠳᠠ ᠣᠷᠣ ᠥᠬᠡᠶ ᠬᠡᠷᠡᠭ ᠵᠣᠬᠢᠶᠠᠵᠤ᠂ ᠪᠤᠰᠤᠳ ᠢ ᠭᠦᠳᠬᠡᠨ ᠭᠦᠵᠢᠷᠯᠡᠭᠰᠡᠨ ᠪᠤᠶᠤ ᠢᠯᠡᠴᠢᠯᠡᠨ ᠮᠡᠳᠡᠭᠦᠯᠬᠦ ᠨᠡᠷ᠎ᠡ ᠪᠠᠷ ᠬᠡᠷᠡᠭ ᠥᠳᠥᠭᠡᠵᠦ᠂ ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠬᠠᠷᠰᠢᠯᠠᠭᠰᠠᠨ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ  ᠰᠢᠢᠳᠪᠦᠷᠢᠯᠡᠨ᠎ᠡ᠃                        ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ                        2024 ᠣᠨ ᠤ 10 ᠰᠠᠷ᠎ᠠ ᠶᠢᠨ 29᠎ ᠤ ᠡᠳᠦᠷ  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号