︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ | ᠠᠵᠢᠯᠲᠠᠨ ᠡᠯᠰᠡᠬᠦ ᠠᠷᠭ᠎ᠠ︾ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠵᠡᠷᠭᠡ ᠲᠣᠭᠲᠠᠭᠠᠯ ᠢ ᠦᠨᠳᠦᠰᠦᠯᠡᠨ᠂ | ᠰᠢᠯᠢ ᠶᠢᠨ ᠭᠤᠤᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠳᠥᠷᠪᠡᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠬᠥᠬᠡᠬᠤᠲᠠ ᠳᠤ ᠬᠦᠷᠴᠦ ᠪᠠᠭᠰᠢ ᠡᠯᠰᠡᠨ᠎ᠡ᠃ ᠰᠢᠯᠢ ᠶᠢᠨ ᠭᠤᠤᠯ ᠠᠶᠢᠮᠠᠭ ᠤᠨ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ 4 ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ | 18 ᠪᠠᠭᠰᠢ ᠡᠯᠰᠡᠨ᠎ᠡ᠂ ᠡᠭᠦᠨ ᠳᠤ ᠰᠢᠯᠢ ᠶᠢᠨ ᠭᠤᠤᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ | ᠰᠤᠷᠭᠠᠭᠤᠯᠢ 1 ᠨᠡᠷ᠎ᠡ᠂ ᠰᠢᠯᠢ ᠶᠢᠨ ᠭᠤᠤᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ 4 ᠨᠡᠷ᠎ᠡ᠂ | ᠰᠢᠯᠢ ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ 5 ᠨᠡᠷ᠎ᠡ᠂ ᠳᠣᠯᠣᠨ ᠨᠠᠭᠤᠷ ᠰᠢᠶᠠᠨ ᠤ | ᠭᠤᠷᠪᠠᠳᠤᠭᠠᠷ ᠳᠤᠮᠳᠠᠳᠤ ᠰᠤᠷᠭᠠᠭᠤᠯᠢ 8 ᠨᠡᠷ᠎ᠡ ᠪᠠᠭᠰᠢ ᠶᠢ ᠲᠣᠰ ᠲᠣᠰ ᠡᠯᠰᠡᠬᠦ ᠪᠠᠷ ᠪᠠᠶᠢᠨ᠎ᠠ᠃ | ᠡᠯᠰᠡᠬᠦ ᠲᠠᠰ ᠳᠠᠷᠠᠭᠠᠯᠠᠯ | ︵ᠨᠢᠭᠡ︶ ᠨᠡᠷ᠎ᠡ ᠮᠡᠳᠡᠭᠦᠯᠬᠦ ᠵᠢᠴᠢ ᠬᠢᠷᠢ ᠬᠡᠮ ᠤᠨ ᠬᠢᠨᠠᠨ ᠪᠠᠶᠢᠴᠠᠭᠠᠯᠲᠠ | ᠨᠡᠷ᠎ᠡ ᠮᠡᠳᠡᠭᠦᠯᠬᠦ ᠶᠢ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ | ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠡᠷᠭᠡ ᠳᠤᠨᠢ ᠶᠠᠪᠤᠭᠳᠠᠭᠤᠯᠤᠨ᠎ᠠ᠃ | ᠨᠡᠷ᠎ᠡ ᠮᠡᠳᠡᠭᠦᠯᠬᠦ ᠴᠠᠭ ᠵᠢᠴᠢ ᠨᠡᠷ᠎ᠡ ᠮᠡᠳᠡᠭᠦᠯᠬᠦ ᠭᠠᠵᠠᠷ | ︵1︶ ᠨᠡᠷ᠎ᠡ ᠮᠡᠳᠡᠭᠦᠯᠬᠦ ᠴᠠᠭ᠄ 2024 ᠣᠨ ᠤ 11 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ | 9᠄ 00 — 11᠄ 30 | ︵2︶ ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ | ᠰᠤᠷᠭᠠᠭᠤᠯᠢ ᠶᠢᠨ ᠲᠣᠭᠤᠷᠢᠭ ᠤᠨ ᠪᠥᠮᠪᠥᠭᠡᠨ ᠲᠥᠷᠥᠯ ᠤᠨ ᠣᠷᠳᠣᠨ᠃ | ᠰᠢᠯᠭᠠᠯᠲᠠ | ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠤᠲᠠᠰᠤ ᠪᠤᠶᠤ ᠨᠡᠷ᠎ᠡ ᠮᠡᠳᠡᠭᠦᠯᠦᠭᠰᠡᠨ ᠸᠢᠴᠠᠲ ᠤᠨ | ᠪᠦᠯᠦᠭ ᠢᠶᠠᠷ ᠳᠠᠮᠵᠢᠭᠤᠯᠤᠨ ᠡᠯᠰᠡᠭᠰᠡᠳ ᠲᠤ ᠮᠡᠳᠡᠭᠳᠡᠨ᠎ᠡ᠃ | ᠰᠢᠯᠭᠠᠯᠲᠠ ᠶᠢᠨ ᠬᠡᠯᠪᠡᠷᠢ᠃ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ | ᠬᠥᠮᠦᠨ ᠤ ᠲᠤᠭ᠎ᠠ ᠶᠢ 10᠄ 1 ︵ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ | ᠬᠥᠮᠦᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ ᠶᠢᠨ ᠬᠠᠷᠢᠴᠠᠯ᠂ | ᠳᠣᠷᠣᠭᠰᠢ ᠠᠳᠠᠯᠢ︶ ᠶᠢᠨ ᠣᠷᠣᠨ ᠪᠠᠶᠢᠷᠢ ᠶᠢᠨ ᠬᠠᠷᠢᠴᠠᠯ ᠢᠶᠠᠷ ︽ᠠᠩᠬᠠᠨ ᠤ ᠰᠢᠯᠭᠠᠯᠲᠠ + ᠨᠢᠭᠤᠷᠲᠠᠨ | ᠰᠢᠯᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠠᠩᠬᠠᠨ ᠤ ᠰᠢᠯᠭᠠᠯᠲᠠ ᠳᠠᠭᠤᠰᠤᠭᠰᠠᠨ ᠤ ᠳᠠᠷᠠᠭ᠎ᠠ᠂ 10᠄ | 1 ᠶᠢᠨ ᠬᠠᠷᠢᠴᠠᠯ ᠢᠶᠠᠷ ᠲᠣᠰ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠬᠤ ᠳᠤ ᠣᠷᠣᠬᠤ ᠬᠦᠮᠦᠰ ᠢ | ᠲᠣᠭᠲᠠᠭᠠᠨ᠎ᠠ᠃ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠮᠦᠨ ᠤ | ᠲᠤᠭ᠎ᠠ 10᠄ 1 ᠶᠢᠨ ᠬᠠᠷᠢᠴᠠᠯ ᠳᠤ ᠬᠦᠷᠦᠭᠰᠡᠨ ᠦᠭᠡᠢ ᠪᠠᠶᠢᠪᠠᠯ ᠬᠢᠷᠢ ᠬᠡᠮ ᠤᠨ ᠬᠢᠨᠠᠨ ᠪᠠᠶᠢᠴᠠᠭᠠᠯᠲᠠ ᠳᠤ | ᠣᠷᠣᠭᠰᠠᠳ ᠰᠢᠭᠤᠳ ᠨᠢᠭᠤᠷᠳᠠᠨ ᠰᠢᠯᠭᠠᠬᠤ ᠳᠤ ᠣᠷᠣᠨ᠎ᠠ᠃ | ᠠᠰᠠᠭᠤᠨ ᠯᠠᠪᠯᠠᠬᠤ ᠤᠲᠠᠰᠤ ᠪᠠ ᠬᠢᠨᠠᠯᠲᠠ ᠲᠠᠯᠪᠢᠬᠤ ᠤᠲᠠᠰᠤ | ᠠᠰᠠᠭᠤᠨ ᠯᠠᠪᠯᠠᠬᠤ ᠤᠲᠠᠰᠤ᠄ 0479 — 8268941 ︵ᠰᠢᠯᠢ ᠶᠢᠨ ᠭᠤᠤᠯ ᠠᠶᠢᠮᠠᠭ ᠤᠨ ᠰᠤᠷᠭᠠᠨ | ᠬᠥᠮᠦᠵᠢᠯ ᠤᠨ ᠲᠣᠪᠴᠢᠶ᠎ᠠ︶ | ᠬᠢᠨᠠᠯᠲᠠ ᠲᠠᠯᠪᠢᠬᠤ ᠤᠲᠠᠰᠤ᠄ 0479 — 8221201 ︵ᠰᠢᠯᠢ ᠶᠢᠨ ᠭᠤᠤᠯ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶ | ᠰᠢᠯᠢ ᠶᠢᠨ ᠭᠤᠤᠯ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | 0479 — 8278199 |