ᠰᠢᠯᠢ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/6
     10 ᠰᠠᠷ᠎ᠠ ᠶᠢᠨ 23 ᠤ ᠡᠳᠦᠷ᠂ ᠰᠢᠯᠢ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠯᠢ ᠶᠢᠨ ᠭᠤᠤᠯ ᠠᠶᠢᠮᠠᠭ ᠤᠨ ᠢᠳᠡᠭᠡᠨ ᠤ ᠰᠢᠨᠵᠢᠯᠡᠬᠦ ᠤᠬᠠᠭᠠᠨ ᠬᠢᠭᠡᠳ ᠰᠢᠯᠭᠠᠨ ᠪᠠᠶᠢᠴᠠᠭᠠᠨ ᠬᠡᠮᠵᠢᠬᠦ ᠲᠥᠪ ᠲᠠᠢ ᠬᠠᠮᠲᠤᠷᠠᠨ ︽ᠦᠨᠡᠨᠴᠢ ᠢᠲᠡᠭᠡᠮᠵᠢᠲᠡᠶ ᠠᠷᠪᠢᠴᠢ ᠭᠠᠮᠲᠠᠶ   ᠢᠳᠡᠭᠡᠨ ᠤ ᠠᠮᠤᠷ ᠲᠦᠪᠰᠢᠨ ᠢ ᠬᠠᠮᠲᠤ ᠪᠠᠷ ᠡᠳ᠋ᠯᠡᠬᠦ︾ ᠭᠤᠤᠯ ᠰᠡᠳᠦᠪᠲᠦ ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠤᠨ ᠪᠦᠯᠬᠦᠮ ᠤᠨ ᠲᠥᠯᠥᠭᠡᠯᠡᠭᠴᠢ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠠᠵᠤ ᠠᠬᠤᠶᠢᠯᠠᠯ ᠤᠨ ᠲᠥᠯᠥᠭᠡᠯᠡᠭᠴᠢ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠠᠵᠢᠯᠲᠠᠨ ᠵᠢᠴᠢ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠢ ᠲᠤᠷᠰᠢᠯᠲᠠ ᠶᠢᠨ ᠲᠠᠰᠤᠭ ᠲᠤ  ᠤᠷᠢᠵᠤ᠂ ᠢᠳᠡᠭᠡᠨ ᠤ ᠵᠦᠢᠯ ᠢ ᠰᠢᠯᠭᠠᠨ ᠪᠠᠶᠢᠴᠠᠭᠠᠵᠤ ᠬᠡᠮᠵᠢᠬᠦ ᠠᠵᠢᠯ  ᠳᠤ ᠪᠡᠶᠡᠴᠢᠯᠡᠨ ᠣᠷᠣᠯᠴᠠᠪᠠ      ᠲᠤᠬᠠᠶ ᠶᠢᠨ ᠲᠠᠯᠠᠪᠤᠷ ᠲᠤ ᠲᠤᠷᠰᠢᠯᠲᠠ ᠶᠢᠨ ᠲᠠᠰᠤᠭ ᠤᠨ ᠠᠵᠢᠯᠲᠠᠨ ᠪᠠᠶᠢᠭᠤᠯᠤᠮᠵᠢ ᠶᠢᠨ ᠲᠦᠢᠮᠣ ᠪᠠᠶᠢᠳᠠᠯ ᠪᠠ ᠢᠳᠡᠭᠡᠨ ᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠳᠠᠷᠠᠭ᠎ᠠ ᠨᠢ ᠲᠣᠭᠤᠷᠢᠨ ᠦᠵᠡᠭᠴᠢᠳ ᠢ ᠳᠠᠭᠠᠭᠤᠯᠤᠨ ᠢᠳᠡᠭᠡᠨ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠲᠤ ᠬᠦᠷᠴᠦ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠶᠠᠪᠤᠴᠠ ᠵᠢᠴᠢ ᠡᠯ᠎ᠡ ᠲᠥᠷᠥᠯ ᠤᠨ ᠰᠢᠯᠭᠠᠨ ᠪᠠᠶᠢᠴᠠᠭᠠᠬᠤ ᠬᠡᠮᠵᠢᠭᠦᠷᠯᠢᠭ ᠤᠨ ᠴᠢᠳᠠᠮᠵᠢ᠂ ᠬᠡᠷᠡᠭᠯᠡᠯᠲᠡ ᠶᠢᠨ ᠣᠭ ᠶᠣᠰᠣ ᠶᠢ ᠲᠠᠶᠢᠯᠪᠤᠷᠢᠯᠠᠨ᠂ ᠲᠣᠭᠤᠷᠢᠨ ᠦᠵᠡᠭᠴᠢᠳ ᠲᠤ ᠰᠢᠯᠢ ᠶᠢᠨ ᠭᠤᠤᠯ ᠠᠶᠢᠮᠠᠭ ᠤᠨ ᠢᠳᠡᠭᠡᠨ ᠤ ᠰᠢᠨᠵᠢᠯᠡᠬᠦ ᠤᠬᠠᠭᠠᠨ ᠬᠢᠭᠡᠳ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠢᠳᠡᠭᠡᠨ ᠤ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠠᠯ᠎ᠠ ᠪᠠᠷ ᠬᠢ ᠲᠤᠰᠬᠠᠶ ᠮᠡᠷᠭᠡᠵᠢᠯ ᠤᠨ ᠴᠢᠨᠠᠷ ᠬᠢᠭᠡᠳ ᠴᠢᠩᠭ᠎ᠠ ᠨᠢᠮᠪᠠᠶ ᠴᠢᠨᠠᠷ ᠢ ᠰᠢᠭᠤᠳ ᠣᠶᠢᠯᠠᠭᠠᠭᠤᠯᠵᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠤᠨ ᠬᠢᠨᠠᠮᠠᠭᠠᠶ ᠬᠠᠷᠢᠭᠤᠴᠠᠯᠭ᠎ᠠ ᠶᠢ ᠭᠦᠨᠵᠡᠭᠡᠶ ᠮᠡᠳᠡᠷᠡᠭᠦᠯᠪᠡ᠃      ᠲᠤᠷᠰᠢᠯᠲᠠ ᠶᠢᠨ ᠲᠠᠰᠤᠭ ᠤᠨ ᠨᠡᠭᠡᠭᠡᠯᠲᠡᠲᠦ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠳᠤ ᠢᠳᠡᠭᠡᠨ ᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠪᠠᠶᠢᠴᠠᠭᠠᠨ ᠬᠡᠮᠵᠢᠯᠲᠡ ᠶᠢᠨ ᠲᠤᠬᠠᠶ ᠤᠯᠠᠮ ᠨᠢᠭᠡ ᠠᠯᠬᠤᠮ ᠤᠨ ᠲᠠᠨᠢᠯᠲᠠ ᠲᠠᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠂ ᠬᠤᠶᠢᠰᠢᠳᠠ ᠮᠠᠨ ᠤ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠢ ᠪᠥᠬᠦ ᠠᠷᠠᠳ ᠢᠶᠠᠷ ᠢᠶᠠᠨ ᠬᠠᠮᠲᠤ ᠪᠠᠷ ᠵᠠᠰᠠᠬᠤ ᠳᠤᠮᠳᠠ ᠢᠳᠡᠪᠬᠢᠲᠡᠶ ᠣᠷᠣᠯᠴᠠᠭᠤᠯᠵᠤ᠂ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠪᠠᠶᠢᠭᠤᠯᠬᠤ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃      ᠰᠢᠯᠢ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠠ ᠡᠮ ᠤᠨ ᠵᠦᠢᠯ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠬᠢᠭᠡᠳ ᠰᠤᠭᠤᠴᠢᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠪᠦᠦ ᠮᠥ ᠳ᠋ᠠᠨ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号