ᠰᠢᠯᠢ ᠶᠢᠨ ᠭᠤᠤᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠳᠥᠷᠪᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2025 ᠣᠨ ᠳᠤ ᠬᠥᠬᠡᠬᠤᠲᠠ ᠳᠤ ᠬᠦᠷᠴᠦ ᠪᠠᠭᠰᠢ ᠡᠯᠰᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/6
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠷᠭ᠎ᠠ︾ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠵᠡᠷᠭᠡ ᠲᠣᠭᠲᠠᠭᠠᠯ ᠢ ᠦᠨᠳᠦᠰᠦᠯᠡᠨ᠂ ᠰᠢᠯᠢ ᠶᠢᠨ ᠭᠤᠤᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠳᠥᠷᠪᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠥᠬᠡᠬᠤᠲᠠ ᠳᠤ ᠬᠦᠷᠴᠦ ᠪᠠᠭᠰᠢ ᠡᠯᠰᠡᠨ᠎ᠡ᠃ ᠰᠢᠯᠢ ᠶᠢᠨ ᠭᠤᠤᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ 4 ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ 18 ᠪᠠᠭᠰᠢ ᠡᠯᠰᠡᠨ᠎ᠡ᠂ ᠡᠭᠦᠨ ᠳᠤ ᠰᠢᠯᠢ ᠶᠢᠨ ᠭᠤᠤᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 1 ᠨᠡᠷ᠎ᠡ᠂ ᠰᠢᠯᠢ ᠶᠢᠨ ᠭᠤᠤᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ 4  ᠨᠡᠷ᠎ᠡ᠂ ᠰᠢᠯᠢ ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ 5 ᠨᠡᠷ᠎ᠡ᠂ ᠳᠣᠯᠣᠨ ᠨᠠᠭᠤᠷ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ 8 ᠨᠡᠷ᠎ᠡ ᠪᠠᠭᠰᠢ ᠶᠢ ᠲᠣᠰ ᠲᠣᠰ ᠡᠯᠰᠡᠬᠦ ᠪᠠᠷ ᠪᠠᠶᠢᠨ᠎ᠠ᠃      ᠡᠯᠰᠡᠬᠦ ᠲᠠᠰ ᠳᠠᠷᠠᠭᠠᠯᠠᠯ      ︵ᠨᠢᠭᠡ︶ ᠨᠡᠷ᠎ᠡ ᠮᠡᠳᠡᠭᠦᠯᠬᠦ ᠵᠢᠴᠢ ᠬᠢᠷᠢ ᠬᠡᠮ ᠤᠨ ᠬᠢᠨᠠᠨ ᠪᠠᠶᠢᠴᠠᠭᠠᠯᠲᠠ      ᠨᠡᠷ᠎ᠡ ᠮᠡᠳᠡᠭᠦᠯᠬᠦ ᠶᠢ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠡᠷᠭᠡ ᠳᠤᠨᠢ ᠶᠠᠪᠤᠭᠳᠠᠭᠤᠯᠤᠨ᠎ᠠ᠃      ᠨᠡᠷ᠎ᠡ ᠮᠡᠳᠡᠭᠦᠯᠬᠦ ᠴᠠᠭ ᠵᠢᠴᠢ ᠨᠡᠷ᠎ᠡ ᠮᠡᠳᠡᠭᠦᠯᠬᠦ ᠭᠠᠵᠠᠷ      ︵1︶ ᠨᠡᠷ᠎ᠡ ᠮᠡᠳᠡᠭᠦᠯᠬᠦ ᠴᠠᠭ᠄ 2024 ᠣᠨ ᠤ 11 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9᠄ 00 — 11᠄ 30      ︵2︶ ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠰᠤᠷᠭᠠᠭᠤᠯᠢ ᠶᠢᠨ ᠲᠣᠭᠤᠷᠢᠭ ᠤᠨ ᠪᠥᠮᠪᠥᠭᠡᠨ ᠲᠥᠷᠥᠯ ᠤᠨ ᠣᠷᠳᠣᠨ᠃      ᠰᠢᠯᠭᠠᠯᠲᠠ      ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠤᠲᠠᠰᠤ ᠪᠤᠶᠤ ᠨᠡᠷ᠎ᠡ ᠮᠡᠳᠡᠭᠦᠯᠦᠭᠰᠡᠨ ᠸᠢᠴᠠᠲ ᠤᠨ ᠪᠦᠯᠦᠭ ᠢᠶᠠᠷ ᠳᠠᠮᠵᠢᠭᠤᠯᠤᠨ ᠡᠯᠰᠡᠭᠰᠡᠳ ᠲᠤ ᠮᠡᠳᠡᠭᠳᠡᠨ᠎ᠡ᠃      ᠰᠢᠯᠭᠠᠯᠲᠠ ᠶᠢᠨ ᠬᠡᠯᠪᠡᠷᠢ᠃ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠦᠨ ᠤ ᠲᠤᠭ᠎ᠠ ᠶᠢ 10᠄ 1 ︵ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠦᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ ᠶᠢᠨ ᠬᠠᠷᠢᠴᠠᠯ᠂ ᠳᠣᠷᠣᠭᠰᠢ ᠠᠳᠠᠯᠢ︶ ᠶᠢᠨ  ᠣᠷᠣᠨ ᠪᠠᠶᠢᠷᠢ ᠶᠢᠨ ᠬᠠᠷᠢᠴᠠᠯ ᠢᠶᠠᠷ ︽ᠠᠩᠬᠠᠨ ᠤ ᠰᠢᠯᠭᠠᠯᠲᠠ + ᠨᠢᠭᠤᠷᠲᠠᠨ ᠰᠢᠯᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠠᠩᠬᠠᠨ ᠤ ᠰᠢᠯᠭᠠᠯᠲᠠ ᠳᠠᠭᠤᠰᠤᠭᠰᠠᠨ ᠤ ᠳᠠᠷᠠᠭ᠎ᠠ᠂ 10᠄ 1 ᠶᠢᠨ ᠬᠠᠷᠢᠴᠠᠯ ᠢᠶᠠᠷ ᠲᠣᠰ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠬᠤ ᠳᠤ ᠣᠷᠣᠬᠤ ᠬᠦᠮᠦᠰ ᠢ ᠲᠣᠭᠲᠠᠭᠠᠨ᠎ᠠ᠃ ᠨᠡᠷ᠎ᠡ ᠮᠡᠳᠡᠭᠦᠯᠬᠦ  ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠮᠦᠨ ᠤ ᠲᠤᠭ᠎ᠠ 10᠄ 1 ᠶᠢᠨ ᠬᠠᠷᠢᠴᠠᠯ ᠳᠤ ᠬᠦᠷᠦᠭᠰᠡᠨ ᠦᠭᠡᠢ ᠪᠠᠶᠢᠪᠠᠯ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠣᠷᠣᠭᠰᠠᠳ ᠰᠢᠭᠤᠳ ᠨᠢᠭᠤᠷᠳᠠᠨ ᠰᠢᠯᠭᠠᠬᠤ ᠳᠤ ᠣᠷᠣᠨ᠎ᠠ᠃       ᠠᠰᠠᠭᠤᠨ ᠯᠠᠪᠯᠠᠬᠤ ᠤᠲᠠᠰᠤ ᠪᠠ ᠬᠢᠨᠠᠯᠲᠠ ᠲᠠᠯᠪᠢᠬᠤ ᠤᠲᠠᠰᠤ      ᠠᠰᠠᠭᠤᠨ ᠯᠠᠪᠯᠠᠬᠤ ᠤᠲᠠᠰᠤ᠄ 0479 — 8268941 ︵ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ︶      ᠬᠢᠨᠠᠯᠲᠠ ᠲᠠᠯᠪᠢᠬᠤ ᠤᠲᠠᠰᠤ᠄ 0479 — 8221201 ︵ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      ᠰᠢᠯᠢ ᠶᠢᠨ ᠭᠤᠤᠯ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ        0479 — 8278199
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号