ᠰᠢᠯᠢ ᠶᠢᠨ ᠭᠤᠣᠯ ᠠᠶᠢᠮᠠᠭ ᠤᠨ ᠰᠢᠭᠤᠳ ᠬᠠᠷᠢᠶ᠎ᠠ ᠰᠤᠷᠭᠠᠭᠤᠯᠢ ᠰᠢᠯᠢᠳᠡᠭ  ᠪᠡᠯᠡᠳᠬᠡᠯ ᠪᠠᠭᠰᠢ ᠶᠢ ᠣᠷᠣᠭᠤᠯᠤᠨ ᠠᠪᠴᠢᠷᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/6
     ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠶᠢᠨ ᠲᠥᠯᠥᠭᠡ᠂ ︽ᠰᠢᠯᠢ ᠶᠢᠨ ᠭᠤᠤᠯ ᠠᠶᠢᠮᠠᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠯᠵᠢᠯᠲᠡ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠶᠢᠮᠠᠭ ᠤᠨ ᠰᠢᠭᠤᠳ ᠬᠠᠷᠢᠶ᠎ᠠ 2 ᠳᠤᠮᠳᠠᠳᠤ ᠰᠤᠷᠭᠠᠭᠤᠯᠢ ᠳᠤ 3 ᠰᠢᠯᠢᠳᠡᠭ ᠪᠡᠯᠡᠳᠬᠡᠯ ᠪᠠᠭᠰᠢ ᠣᠷᠣᠭᠤᠯᠤᠨ ᠠᠪᠴᠢᠷᠠᠬᠤ ᠪᠠᠷ ᠲᠣᠭᠲᠠᠪᠠ᠃      ᠣᠷᠣᠭᠤᠯᠤᠨ ᠠᠪᠴᠢᠷᠠᠬᠤ ᠲᠥᠯᠦᠪᠯᠡᠭᠡ      ᠲᠣᠰ ᠤᠳᠠᠭ᠎ᠠ 3 ᠰᠢᠯᠢᠳᠡᠭ ᠪᠡᠯᠡᠳᠬᠡᠯ ᠪᠠᠭᠰᠢ ᠶᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ ︵ᠠᠵᠢᠯ ᠦᠢᠯᠡᠰ ᠤᠨ ᠣᠷᠣᠨ ᠲᠤᠭ᠎ᠠ ᠳᠤ ᠣᠷᠣᠭᠤᠯᠤᠨ᠎ᠠ︶᠂ ᠡᠭᠦᠨ ᠳᠤ ᠰᠢᠯᠢ ᠶᠢᠨ ᠭᠤᠤᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ 1 ᠨᠡᠷ᠎ᠡ᠂ ᠰᠢᠯᠢ ᠶᠢᠨ ᠭᠤᠤᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 2 ᠨᠡᠷ᠎ᠡ ᠪᠠᠭᠰᠢ ᠡᠯᠰᠡᠬᠦ ᠪᠠᠷ ᠪᠣᠢ᠃      ᠡᠯᠰᠡᠬᠦ ᠲᠠᠰ ᠳᠠᠷᠠᠭᠠᠯᠠᠯ      ᠲᠣᠰ ᠤᠳᠠᠭ᠎ᠠ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠡᠷᠭᠡ ᠪᠠᠷ ᠶᠠᠪᠤᠭᠳᠠᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠲᠤᠬᠠᠶ ᠶᠢᠨ ᠲᠠᠯᠠᠪᠤᠷ ᠲᠤ  ᠨᠡᠶᠢᠳᠡᠯᠡᠨ᠎ᠡ᠃ ᠰᠢᠯᠭᠠᠯᠲᠠ ᠳᠤ ᠣᠷᠣᠯᠴᠠᠭᠰᠠᠳ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ ᠰᠢᠯᠭᠠᠯᠲᠠ ᠳᠤ ᠣᠷᠣᠯᠴᠠᠭᠴᠢ ᠨᠢᠭᠡᠪᠦᠷᠢ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠤᠨ᠎ᠠ᠂ ᠲᠣᠰ ᠣᠳᠠᠭᠠᠨ ᠤ ᠰᠢᠯᠭᠠᠯᠲᠠ   ᠳᠤ ᠰᠢᠯᠭᠠᠯᠲᠠ ᠶᠢᠨ ᠬᠠᠷᠢᠴᠠᠯ ᠭᠠᠷᠭᠠᠬᠤ ᠥᠬᠡᠶ᠂ ᠶᠠᠮᠠᠷ ᠴᠤ ᠰᠦᠢᠳᠬᠡᠯ ᠬᠤᠷᠢᠶᠠᠬᠤ ᠥᠬᠡᠶ᠃      ᠨᠡᠷ᠎ᠡ ᠮᠡᠳᠡᠭᠦᠯᠬᠦ ᠴᠠᠭ ᠵᠢᠴᠢ ᠨᠡᠷ᠎ᠡ ᠮᠡᠳᠡᠭᠦᠯᠬᠦ ᠭᠠᠵᠠᠷ      ︵1︶ ᠨᠡᠷ᠎ᠡ ᠮᠡᠳᠡᠭᠦᠯᠬᠦ ᠴᠠᠭ᠄ 2024 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9᠄ 00 — 11᠄ 30      ︵2︶ ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠰᠤᠷᠭᠠᠭᠤᠯᠢ ᠶᠢᠨ ᠲᠣᠭᠤᠷᠢᠭ ᠤᠨ ᠪᠥᠮᠪᠥᠭᠡᠨ ᠲᠥᠷᠥᠯ ᠤᠨ ᠣᠷᠳᠣᠨ       ᠰᠢᠯᠭᠠᠯᠲᠠ      1᠂ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠨᠢᠭᠤᠷᠲᠠᠨ ᠰᠢᠯᠭᠠᠬᠤ ᠴᠠᠭ᠂ ᠭᠠᠵᠠᠷ ᠵᠢᠴᠢ ᠬᠤᠯᠪᠣᠭᠳᠠᠯ ᠪᠥᠬᠦᠶ ᠱᠠᠭᠠᠷᠳᠠᠯᠭ᠎ᠠ ᠶᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠠᠰ ᠲᠤᠨᠢ ᠵᠠᠷᠯᠠᠨ᠎ᠠ᠂ ᠰᠢᠯᠭᠠᠭᠰᠠᠳ ᠴᠠᠭ ᠲᠤᠬᠠᠶ ᠳᠤᠨᠢ ᠠᠩᠬᠠᠷᠬᠤ ᠪᠣᠯᠪᠠᠤ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ᠄ https://imnu.nmbys.cn/      2᠂ ᠰᠢᠯᠭᠠᠯᠲᠠ ᠶᠢ ᠲᠤᠷᠰᠢᠨ ᠵᠢᠭᠠᠬᠤ ︵40 ᠮᠢᠨᠦ᠋ᠲ ᠬᠢᠴᠢᠶᠡᠯ ᠪᠡᠯᠡᠳᠬᠡᠬᠦ᠂ 10 ᠮᠢᠨᠦ᠋ᠲ ᠬᠢᠴᠢᠶᠡᠯ ᠵᠢᠭᠠᠬᠤ︶ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠰᠢᠯᠭᠠᠯᠲᠠ ᠶᠢᠨ ᠪᠦᠷᠢᠨ ᠬᠤᠪᠢ 100 ᠬᠤᠪᠢ᠂ ᠰᠢᠯᠭᠠᠯᠲᠠ ᠶᠢᠨ ᠬᠢᠷᠢ ᠪᠦᠲᠦᠮᠵᠢ ᠳᠤ ᠬᠤᠶᠠᠷ ᠠᠷᠪᠠᠲᠤ ᠶᠢᠨ ᠪᠤᠲᠠᠷᠬᠠᠶ ᠶᠢ ᠦᠯᠡᠳᠡᠭᠡᠵᠦ᠂ ᠬᠢᠷᠢ ᠪᠦᠲᠦᠮᠵᠢ ᠶᠢᠨ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ 80 ᠬᠤᠪᠢ ᠪᠠᠷ ᠲᠣᠭᠲᠠᠭᠠᠨ᠎ᠠ᠃      3᠂ ᠰᠢᠯᠭᠠᠭᠰᠠᠳ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠨᠢᠭᠤᠷᠲᠠᠨ ᠰᠢᠯᠭᠠᠬᠤ ᠬᠡᠷᠡᠭᠲᠡᠶ᠃ ᠠᠩᠭ᠍ᠯᠢ ᠬᠡᠯᠡᠨ ᠤ ᠪᠠᠭᠰᠢ ᠶᠢᠨ ᠠᠵᠢᠯ ᠤᠨ ᠪᠠᠶᠢᠷᠢ ᠶᠢᠨ ᠰᠢᠯᠭᠠᠭᠰᠠᠳ ᠠᠩᠭ᠍ᠯᠢ ᠬᠡᠯᠡ ᠪᠠᠷ ᠨᠢᠭᠤᠷᠲᠠᠨ ᠰᠢᠯᠭᠠᠯᠲᠠ ᠳᠤ ᠣᠷᠣᠯᠴᠠᠵᠣ᠂ ᠲᠣᠭᠲᠠᠭᠠᠯ ᠶᠣᠰᠣᠭᠠᠷ ᠬᠡᠯᠡᠨ ᠤ ᠨᠢᠭᠤᠷᠲᠠᠨ ᠰᠢᠯᠭᠠᠯᠲᠠ ᠳᠤ ᠣᠷᠣᠯᠴᠠᠭᠰᠠᠨ ᠥᠬᠡᠶ ᠶᠢ ᠨᠢ ᠲᠡᠭ ᠬᠤᠪᠢ ᠪᠠᠷ ᠰᠢᠢᠳᠪᠦᠷᠢᠯᠡᠨ᠎ᠡ᠃      4᠂ ᠰᠢᠯᠭᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠠᠰ ᠲᠤᠨᠢ ᠵᠠᠷᠯᠠᠨ᠎ᠠ᠂ ᠰᠢᠯᠭᠠᠭᠰᠠᠳ ᠤᠨ ᠴᠠᠭ ᠲᠤᠬᠠᠶ ᠳᠤᠨᠢ ᠠᠩᠬᠠᠷᠬᠤ ᠶᠢ ᠬᠦᠰᠡᠵᠦ ᠪᠠᠶᠢᠨ᠎ᠠ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ᠄ https://imnu.nmbys.cn/      ᠣᠯᠭᠤᠮᠵᠢ ᠶᠢᠨ ᠪᠠᠲᠤᠯᠠᠭ᠎ᠠ      ︵ᠨᠢᠭᠡ︶ ᠴᠠᠯᠢᠩ ᠬᠥᠯᠥᠰᠥ ᠶᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠰᠢᠯᠢ ᠶᠢᠨ ᠭᠤᠤᠯ ᠠᠶᠢᠮᠠᠭ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ 5 ᠵᠢᠯ ᠤᠨ ᠦᠢᠯᠡᠴᠢᠯᠡᠭᠡᠨ ᠤ ᠬᠤᠭᠤᠴᠠᠭ᠎ᠠ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶ ᠶᠢᠨ ᠭᠡᠷ᠎ᠡ ᠲᠣᠭᠲᠠᠭᠰᠠᠨ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ  ᠂ ᠳ᠋ᠣᠺᠲ᠋ᠣᠷᠠᠨᠲ ᠳᠤ10 ᠲᠦᠮᠡᠨ ᠲᠥᠭᠦᠷᠢᠭ᠂ ᠠᠰᠫᠢᠷᠠᠨᠲ ᠳᠤ 8 ᠲᠦᠮᠡᠨ ᠲᠥᠭᠦᠷᠢᠭ᠂ ᠶᠡᠭᠡ ᠰᠣᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠭᠴᠢ ᠳᠤ 5 ᠲᠦᠮᠡᠨ ᠲᠥᠭᠦᠷᠢᠭ ᠤᠨ ᠬᠡᠷ ᠡᠷᠦᠬᠡ ᠪᠠᠨ ᠲᠥᠪᠬᠢᠨᠡᠭᠦᠯᠬᠦ ᠵᠠᠷᠤᠳᠠᠯ ᠥᠭᠭᠦᠨ᠎ᠡ︔ 10 ᠵᠢᠯ ᠤᠨ  ᠦᠢᠯᠡᠴᠢᠯᠡᠭᠡᠨ ᠤ ᠬᠤᠭᠤᠴᠠᠭ᠎ᠠ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶ ᠶᠢᠨ ᠭᠡᠷ᠎ᠡ ᠲᠣᠭᠲᠠᠭᠰᠠᠨ ᠪᠠᠶᠢᠪᠠᠯ᠂ ᠬᠡᠷ ᠡᠷᠦᠬᠡ ᠪᠠᠨ ᠲᠥᠪᠬᠢᠨᠡᠭᠦᠯᠬᠦ ᠵᠠᠷᠤᠳᠠᠯ ᠢ ᠬᠤᠶᠠᠷ ᠳᠠᠬᠢᠨ ᠢᠶᠠᠷ ᠣᠯᠭᠤᠨ᠎ᠠ᠃      ᠠᠰᠠᠭᠤᠨ ᠯᠠᠪᠯᠠᠬᠤ ᠤᠲᠠᠰᠤ ᠪᠠ ᠬᠢᠨᠠᠯᠲᠠ ᠲᠠᠯᠪᠢᠬᠤ ᠤᠲᠠᠰᠤ      ᠠᠰᠠᠭᠤᠨ ᠯᠠᠪᠯᠠᠬᠤ ᠤᠲᠠᠰᠤ᠄ 0479 — 8268941 ︵ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ︶      ᠬᠢᠨᠠᠯᠲᠠ ᠲᠠᠯᠪᠢᠬᠤ ᠤᠲᠠᠰᠤ᠄ 0479 — 8221201 ︵ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      ᠰᠢᠯᠢ ᠶᠢᠨ ᠭᠤᠤᠯ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      0479 — 8275587
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号