ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠶ᠋ᠳᠪᠦᠷᠢᠯᠡᠭᠦᠯᠦᠭᠰᠡᠨ ᠰᠢᠯᠢ ᠶᠢᠨ ᠭᠤᠤᠯ ᠠᠶᠢᠮᠠᠭ ᠤᠨ ᠠᠷᠪᠠ ᠶᠢᠰᠦᠳᠦᠭᠡᠷ ᠪᠦᠯᠦᠭ ᠤᠨ 4 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ  ᠬᠡᠷᠡᠭ ᠢ 4 ᠬᠤᠪᠢ ᠲᠤᠰᠢᠶᠠᠨ ᠰᠢᠶ᠋ᠳᠪᠦᠷᠢᠯᠡᠭᠦᠯᠪᠡ
ᠨᠡᠶᠢᠲᠡᠯᠡᠭᠰᠡᠨ ᠴᠠᠭ᠄
2024/11/9
     2024 ᠣᠨ ᠤ 11 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠢ ᠶᠢᠨ ᠭᠤᠤᠯ ᠠᠶᠢᠮᠠᠭ ᠲᠤ ᠠᠷᠪᠠ ᠶᠢᠰᠦᠳᠦᠭᠡᠷ ᠪᠦᠯᠦᠭ ᠤᠳᠠᠭ᠎ᠠ ᠶᠢᠨ ᠣᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ 4 ᠬᠤᠪᠢ ᠲᠤᠰᠢᠶᠠᠨ ᠰᠢᠶ᠋ᠳᠪᠦᠷᠢᠯᠡᠭᠦᠯᠪᠡ᠃ ᠲᠥᠷᠥᠯ ᠵᠦᠶ᠋ᠯ ᠢᠶᠠᠷ ᠨᠢ ᠬᠤᠪᠢᠶᠠᠪᠠᠯ᠂ ᠠᠭᠠᠷ ᠮᠠᠨᠳᠠᠯ ᠤᠨ ᠪᠣᠬᠢᠷᠲᠤᠯ ᠤᠨ ᠲᠥᠷᠥᠯ 3 ᠵᠦᠶ᠋ᠯ᠂ ᠠᠮᠢ ᠠᠬᠤᠶ ᠶᠢᠨ ᠡᠪᠳᠡᠭᠳᠡᠯ ᠤᠨ ᠲᠥᠷᠥᠯ 1 ᠵᠦᠶ᠋ᠯ ᠪᠣᠯᠤᠨ᠎ᠠ᠃ ᠭᠠᠵᠠᠷ ᠣᠷᠣᠨ ᠢᠶᠠᠷ ᠨᠢ ᠬᠤᠪᠢᠶᠠᠪᠠᠯ ᠰᠢᠯᠢᠩᠬᠤᠲᠠ ᠳᠤ 3᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ 1 ᠪᠣᠶ᠃ 2 ᠢ ᠨᠢ ᠨᠢᠭᠡᠨᠲᠡ ᠰᠢᠶ᠋ᠳᠪᠦᠷᠢᠯᠡᠨ ᠳᠠᠭᠤᠰᠬᠠᠵᠤ᠂ 1 ᠶᠢ ᠨᠢ ᠱᠠᠲᠤ ᠦᠶ᠎ᠡ ᠶᠢᠨ ᠴᠢᠨᠠᠷᠲᠠᠶ ᠪᠠᠷ ᠰᠢᠶ᠋ᠳᠪᠦᠷᠢᠯᠡᠨ ᠳᠠᠭᠤᠰᠬᠠᠵᠤ᠂ 1 ᠶᠢ ᠨᠢ ᠰᠢᠶ᠋ᠳᠪᠦᠷᠢᠯᠡᠨ ᠳᠠᠭᠤᠰᠬᠠᠭᠠᠳᠤᠶ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠱᠠᠯᠠᠪᠳᠠᠭᠤᠯᠬᠤ ᠶᠢᠨ ᠳᠠᠭᠠᠤ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠦᠷᠭᠦᠯᠵᠢᠯᠡᠨ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠠᠰᠠᠭᠤᠳᠠᠯ ᠢ ᠬᠢᠨᠠᠨ ᠬᠠᠷᠭᠤᠭᠤᠯᠵᠤ ᠱᠠᠯᠠᠪᠳᠠᠭᠤᠯᠤᠨ ᠰᠢᠢᠳᠪᠦᠷᠢᠯᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠠᠤᠯᠢ ᠶᠣᠰᠣᠭᠠᠷ ᠠᠬᠢᠭᠤᠯᠤᠨ᠎ᠠ᠃ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠶ᠋ᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠢᠯᠡ ᠪᠣᠯᠭᠠᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号