ᠰᠢᠯᠢ ᠶᠢᠨ ᠬᠤᠲᠠ ︿︿15 ᠮᠢᠨᠦ᠋ᠲ﹀﹀ ᠬᠤᠳᠠᠯᠳᠤᠭᠠᠨ ᠤ ᠲᠣᠭᠤᠷᠢᠭ ᠢ ᠰᠢᠨ᠎ᠡ ᠪᠠᠷ ᠡᠭᠦᠳᠴᠦ᠂ ᠠᠷᠰᠠᠷ | ᠠᠵᠢᠯᠴᠢᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ 130 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠷᠰᠠᠷ | ᠠᠵᠢᠯ ᠤᠨ ᠵᠠᠬ᠎ᠠ ᠳᠡᠯᠭᠡᠭᠦᠷ ᠪᠠ 3 ︿︿15 ᠮᠢᠨᠦ᠋ᠲ﹀﹀ ᠬᠤᠳᠠᠯᠳᠤᠭᠠᠨ ᠤ ᠲᠣᠭᠤᠷᠢᠭ ᠤᠨ ᠠᠵᠢᠯ ᠣᠯᠭᠤᠬᠤ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠪᠦᠬᠦ ᠵᠢᠯ ᠳᠤ ᠠᠮᠠᠷᠠᠬᠤ ᠦᠭᠡᠢ᠂ ᠪᠦᠬᠦᠯᠢ ᠴᠠᠭ ᠢᠶᠠᠷ ᠠᠷᠰᠠᠷ ᠠᠵᠢᠯ ᠤᠨ ᠦᠢᠯᠡᠴᠢᠯᠡᠭᠡ ᠬᠠᠩᠭᠠᠵᠤ᠂ ︿︿ | ᠵᠢᠷᠭᠢᠶ᠎ᠡ ᠶᠢᠨ ᠰᠦᠷᠦᠭᠵᠢᠯ + ᠴᠤᠦᠷᠢᠭ ᠵᠡᠷᠭᠡ ᠣᠯᠠᠨ ᠦᠵᠦᠭᠦᠷ ᠤᠨ ᠵᠢᠵᠢᠭ ᠫᠷᠣᠭ᠍ᠷᠠᠮ + ᠰᠦᠯᠵᠢᠶᠡᠨ ᠳᠡᠭᠡᠷ᠎ᠡ | ᠳᠡᠯᠭᠡᠨ ᠦᠵᠡᠭᠦᠯᠬᠦ ᠲᠠᠪᠴᠠᠩ﹀﹀ ᠢ ᠢᠵᠢ ᠪᠦᠷᠢᠳᠦᠭᠦᠯᠵᠦ᠂ ︿︿ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ﹀﹀ | ᠬᠠᠮᠵᠢᠯᠴᠠᠨ ᠦᠢᠯᠡᠴᠢᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠠᠷᠰᠠᠷ ᠠᠵᠢᠯᠲᠠᠨ ᠤ ᠡᠩ ᠤᠨ ᠦᠨᠡᠲᠦ | ᠬᠤᠭᠤᠯᠠᠨ ᠲᠢᠩᠬᠢᠮ ᠪᠠᠶᠢᠭᠤᠯᠵᠤ ᠠᠷᠰᠠᠷ ᠠᠵᠢᠯᠲᠠᠨ ᠤ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠵᠦ᠂ ᠡᠳᠦᠷ | ᠪᠦᠷᠢ 100 ᠰᠢᠬᠠᠮ ᠠᠵᠢᠯᠲᠠᠨ ᠤ ᠬᠡᠷᠡᠭᠴᠡᠭᠡ ᠶᠢ ᠬᠠᠩᠭᠠᠪᠠ︔ ᠨᠥᠬᠦᠴᠡᠯ ᠳᠤ ᠨᠡᠶᠢᠴᠡᠬᠦ ᠠᠷᠰᠠᠷ ᠠᠵᠢᠯᠴᠢᠨ ᠳᠤ | ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠰᠢᠷᠬᠠᠲᠤᠵᠤ ᠵᠡᠮᠳᠡᠭᠷᠡᠭᠰᠡᠨ ᠲᠥᠯᠥᠪᠦᠷᠢ ᠶᠢᠨ | ᠮᠥᠩᠭᠦ᠂ 10 ᠲᠦᠮᠡᠨ ᠲᠥᠭᠦᠷᠢᠭ ᠤᠨ ᠡᠮ ᠡᠮᠨᠡᠯᠭᠡ ᠶᠢᠨ ᠲᠥᠯᠥᠪᠦᠷᠢ ᠶᠢᠨ ᠳᠠᠭᠠᠳᠬᠠᠯ ᠬᠠᠩᠭᠠᠵᠤ᠂ ᠨᠡᠶᠢᠲᠡ | 53 ᠲᠦᠮᠡᠨ ᠲᠥᠭᠦᠷᠢᠭ ᠤᠨ ᠳᠠᠭᠠᠳᠬᠠᠯ ᠤᠨ ᠮᠥᠩᠭᠦ ᠲᠤᠰᠢᠶᠠᠵᠠᠶ᠃ ᠣᠳᠣᠬᠠᠨ ᠪᠣᠯᠲᠠᠯ᠎ᠠ᠂ ᠨᠡᠶᠢᠲᠡ 12368 | ᠠᠵᠢᠯ ᠤᠨ ᠪᠠᠶᠢᠷᠢ ᠴᠤᠭᠯᠠᠭᠤᠯᠵᠤ᠂ 6658 ᠠᠷᠰᠠᠷ ᠠᠵᠢᠯᠲᠠᠨ ᠳᠤ ᠠᠵᠢᠯ ᠣᠯᠭᠤᠪᠠ᠃ |