12 ᠰᠠᠷ᠎ᠠ ᠶᠢᠨ 4 ᠤ ᠡᠳᠦᠷ᠂ ᠲᠠᠢ ᠰᠢ ᠲᠡᠮᠦᠷ ᠵᠠᠮ ᠤᠨ ᠰᠢᠯᠢ ᠶᠢᠨ ᠬᠤᠲᠠ ᠶᠢᠨ ᠬᠤᠶᠠᠳᠤᠭᠠᠷ | ᠥᠷᠲᠡᠭᠡᠨ ᠤ ᠪᠦᠲᠦᠴᠡ ᠶᠢ ᠥᠭᠡᠷᠡᠴᠢᠯᠡᠬᠦ ᠠᠵᠢᠯ ᠢ ᠪᠡᠶᠡᠯᠡᠭᠦᠯᠵᠦ᠂ ᠬᠤᠶᠠᠷ ᠲᠠᠯ᠎ᠠ ᠶᠢᠨ 3᠂ 5 ᠵᠠᠮ ᠤᠨ | ᠪᠢᠲᠡᠭᠦᠮᠵᠢᠯᠡᠭᠰᠡᠨ ᠱᠤᠭᠤᠮ ᠢ ᠨᠡᠪᠲᠡᠷᠡᠭᠦᠯᠵᠦ᠂ ᠰᠢᠯᠢ ᠶᠢᠨ ᠬᠤᠲᠠ ᠶᠢᠨ ᠥᠷᠲᠡᠭᠡ ᠶᠢᠨ ᠪᠦᠬᠦᠯᠢ ᠴᠣᠭᠴᠠ ᠶᠢᠨ | ᠴᠢᠳᠠᠮᠵᠢ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠰᠢᠯᠢ ᠶᠢᠨ ᠬᠤᠲᠠ ᠶᠢᠨ ᠬᠠᠭᠤᠴᠢᠨ ᠥᠷᠲᠡᠭᠡᠨ ᠤ ᠭᠡᠷ ᠢ 2002 ᠣᠨ ᠠᠴᠠ ᠡᠬᠢᠯᠡᠨ ᠪᠠᠶᠢᠭᠤᠯᠵᠤ᠂ | ᠰᠠᠭᠤᠷᠢ ᠲᠥᠬᠦᠭᠡᠷᠦᠮᠵᠢ ᠨᠢ ᠬᠠᠷᠢᠴᠠᠩᠭᠤᠢ ᠪᠠᠷ ᠬᠠᠭᠤᠴᠢᠷᠠᠵᠠᠢ᠃ ᠠᠶᠠᠨᠴᠢᠳ ᠤᠨ ᠰᠠᠭᠠᠳ ᠥᠬᠡᠶ ᠶᠠᠪᠤᠵᠤ | ᠰᠠᠭᠤᠬᠤ ᠶᠢ ᠰᠠᠶᠢᠵᠢᠷᠠᠭᠤᠯᠣᠨ ᠳᠡᠭᠡᠭᠰᠢᠯᠡᠭᠦᠯᠵᠦ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ | ᠶᠠᠰᠤ ᠴᠢᠨᠠᠷ ᠢ ᠲᠠᠰ ᠳᠡᠪᠰᠢᠭᠦᠯᠬᠦ ᠶᠢᠨ ᠲᠥᠯᠥᠭᠡ᠂ ᠲᠣᠰ ᠢᠨᠵᠧᠨᠧᠷᠢᠩ ᠨᠢ ᠬᠠᠭᠤᠴᠢᠨ ᠥᠷᠲᠡᠭᠡ ᠶᠢᠨ ᠬᠡᠷ ᠢ | ᠨᠤᠷᠠᠭᠠᠵᠤ ᠰᠢᠨ᠎ᠡ ᠪᠠᠷ ᠪᠠᠶᠢᠭᠤᠯᠬᠤ ᠶᠢᠨ ᠬᠠᠮᠲᠤ ᠥᠷᠲᠡᠭᠡ ᠲᠠᠯᠠᠪᠤᠷ ᠤᠨ ᠬᠡᠪᠴᠢᠶ᠎ᠡ ᠶᠢ ᠲᠠᠰ ᠳᠡᠪᠰᠢᠭᠦᠯᠦᠨ | ᠥᠭᠡᠷᠡᠴᠢᠯᠡᠪᠡ᠃ ᠲᠣᠰ ᠤᠳᠠᠭᠠᠨ ᠤ ᠬᠤᠶᠠᠳᠤᠭᠠᠷ ᠥᠷᠳᠡᠭᠡ ᠶᠢ ᠥᠭᠡᠷᠡᠴᠢᠯᠡᠬᠦ ᠢᠨᠵᠧᠨᠧᠷᠢᠩ ᠳᠤ ᠪᠣᠯᠣᠳ | ᠪᠦᠲᠦᠴᠡᠲᠦ ᠪᠣᠷᠣᠭᠠᠨ ᠤ ᠰᠠᠷᠠᠪᠴᠢ ᠶᠢ ᠰᠢᠨ᠎ᠡ ᠪᠠᠷ ᠪᠠᠶᠢᠭᠤᠯᠬᠤ᠂ ᠠᠶᠠᠨᠴᠢᠳ ᠤᠨ ᠨᠦᠬᠡᠨ ᠵᠠᠮ ᠤᠨ ᠣᠷᠣᠵᠤ | ᠭᠠᠷᠬᠤ ᠡᠭᠦᠳᠡ ᠶᠢ ᠲᠠᠰ ᠳᠡᠪᠰᠢᠭᠦᠯᠦᠨ ᠥᠭᠡᠷᠡᠴᠢᠯᠡᠬᠦ᠂ ᠵᠠᠮ ᠠᠯᠤᠰᠯᠠᠭᠰᠠᠨ ᠶᠠᠪᠠᠭᠠᠨ ᠬᠥᠮᠦᠨ ᠤ ᠬᠥᠭᠦᠷᠭᠡ ᠶᠢ | ᠨᠡᠮᠡᠵᠦ ᠪᠠᠶᠢᠭᠤᠯᠬᠤ᠂ ᠴᠠᠬᠢᠯᠭᠠᠨ ᠲᠦᠰᠢᠭᠦᠷ ᠱᠠᠲᠤ ᠪᠠ ᠰᠠᠭᠠᠳ ᠥᠬᠡᠶ ᠰᠢᠯᠤᠭᠤᠨ ᠱᠠᠲᠤ ᠶᠢ ᠨᠡᠮᠡᠵᠦ ᠤᠭᠰᠠᠷᠠᠬᠤ | ᠂ ᠥᠷᠲᠡᠭᠡᠨ ᠤ ᠲᠠᠪᠴᠠᠩ ᠢ ᠤᠷᠲᠤᠳᠬᠠᠬᠤ ᠵᠢᠴᠢ ᠥᠷᠲᠡᠭᠡᠨ ᠤ ᠲᠠᠪᠴᠠᠩ ᠤᠨ ᠨᠢᠭᠤᠷ ᠤᠨ ᠮᠠᠲ᠋ᠧᠷᠢᠶᠠᠯ ᠢ | ᠰᠣᠯᠢᠬᠤ ᠵᠡᠷᠭᠡ ᠪᠠᠭᠲᠠᠨ᠎ᠠ᠃ ᠪᠠᠷᠢᠯᠭ᠎ᠠ ᠶᠢᠨ ᠠᠵᠢᠯᠲᠠᠳ ᠵᠥᠪᠬᠡᠨ ᠪᠠᠶᠢᠭ᠎ᠠ 120 × 50 ᠮᠧᠲᠷ ᠤᠨ | ᠪᠠᠷᠢᠯᠭ᠎ᠠ ᠶᠢᠨ ᠣᠷᠣᠨ ᠲᠣᠭᠤᠷᠢᠭ ᠲᠤ ᠡᠳᠡᠭᠡᠷ ᠵᠠᠩᠭᠢᠯᠠᠭ᠎ᠠ ᠶᠢᠨ ᠪᠠᠷᠢᠯᠭ᠎ᠠ ᠶᠢᠨ ᠭᠤᠭᠴᠤᠭ᠎ᠠ ᠶᠢ ᠪᠡᠶᠡᠯᠡᠭᠦᠯᠦᠨ᠎ᠡ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠥᠪᠥᠷ ᠮᠣᠩᠭᠤᠯ ᠤᠨ ᠵᠢᠶ ᠲᠦᠩ ᠲᠡᠮᠦᠷ ᠵᠠᠮ ︵ | ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠢ ᠰᠢ ᠶᠢᠨ ᠲᠡᠮᠦᠷ ᠵᠠᠮ ᠤᠨ ᠪᠥᠲᠥᠭᠡᠨ | ᠪᠠᠶᠢᠭᠤᠯᠤᠯᠲᠠ ᠶᠢᠨ ᠵᠢᠯᠣᠭᠤᠳᠬᠤ ᠭᠠᠵᠠᠷ ᠠᠴᠠ ᠬᠠᠷᠢᠭᠤᠴᠠᠨ ᠪᠥᠲᠥᠭᠡᠨ ᠪᠠᠶᠢᠭᠤᠯᠵᠤ᠂ ᠳᠤᠮᠳᠠᠳᠤ ᠤᠯᠤᠰ ᠤᠨ | ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠲᠣᠪᠴᠢᠶ᠎ᠠ ᠶᠢᠨ ᠲᠠᠢ ᠰᠢ ᠶᠢᠨ ᠲᠡᠮᠦᠷ ᠵᠠᠮ ᠤᠨ ᠬᠡᠷ ᠪᠠᠶᠢᠰᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠯᠲᠡᠰ ᠠᠴᠠ ᠬᠠᠷᠢᠭᠤᠴᠠᠨ ᠠᠵᠢᠯᠯᠠᠨ᠎ᠠ᠃ ᠪᠠᠷᠢᠯᠭ᠎ᠠ ᠶᠢᠨ | ᠭᠠᠵᠠᠷ ᠢᠪᠴᠤᠤ᠂ ᠠᠵᠢᠯ ᠤᠨ ᠲᠡᠰ ᠳᠠᠷᠠᠭᠠᠯᠠᠯ ᠤᠯᠠᠨ᠂ ᠮᠠᠲ᠋ᠧᠷᠢᠶᠠᠯ ᠵᠥᠭᠡᠭᠡᠪᠦᠷᠢᠯᠡᠬᠦ ᠳᠤ ᠬᠦᠴᠢᠷᠲᠡᠢ᠂ | ᠬᠠᠶᠠᠭᠳᠠᠮᠠᠯ ᠡᠳ᠋ ᠢ ᠴᠡᠪᠡᠷᠯᠡᠬᠦ ᠳᠤ ᠪᠤᠳᠤᠯᠢᠶᠠᠨᠲᠠᠢ ᠵᠡᠷᠭᠡ ᠤᠯᠠᠨ ᠬᠦᠴᠢᠷᠳᠡᠯ ᠤᠨ ᠡᠮᠦᠨ᠎ᠡ᠂ ᠲᠦᠷᠦᠯ ᠵᠦᠢᠯ ᠤᠨ | ᠪᠦᠯᠬᠦᠮ ᠪᠣᠯᠤᠨ ᠬᠠᠮᠢᠶ᠎ᠠ ᠪᠦᠬᠦᠢ ᠨᠢᠭᠡᠴᠡ ᠢᠳᠡᠪᠬᠢᠲᠡᠢ ᠵᠣᠬᠢᠴᠠᠭᠤᠯᠵᠤ᠂ ᠤᠷᠢᠳᠴᠢᠯᠠᠨ ᠲᠥᠯᠥᠪᠯᠡᠵᠦ᠂ | ᠡᠵᠡᠩᠨᠡᠯᠲᠡ ᠶᠢᠨ ᠱᠤᠭᠤᠮ ᠤᠨ ᠪᠠᠷᠢᠯᠭ᠎ᠠ᠂ ᠭᠦᠨ ᠨᠦᠬᠡ᠂ ᠲᠤᠯᠭᠠᠭᠤᠷᠢ ᠶᠢᠨ ᠪᠠᠷᠢᠯᠭ᠎ᠠ ᠶᠢᠨ ᠠᠵᠢᠯ ᠵᠡᠷᠭᠡ 9 | ᠵᠦᠢᠯ ᠤᠨ ᠲᠤᠰᠬᠠᠢ ᠲᠥᠰᠦᠯ ᠢ ᠲᠣᠭᠳᠠᠭᠠᠪᠠ︔ ᠬᠦᠷᠦᠯᠴᠡᠬᠦ ᠲᠣᠤᠷ ᠤᠨ ᠴᠠᠬᠢᠯᠭᠠᠨ ᠵᠣᠭᠰᠣᠭᠠᠬᠤ ᠠᠷᠭ᠎ᠠ ᠮᠠᠶ᠋ᠢᠭ | ᠂ ᠲᠤᠯᠭᠠᠭᠤᠷᠢᠯᠠᠨ ᠬᠠᠮᠠᠭᠠᠯᠠᠬᠤ ᠪᠤᠯᠠᠭᠠᠷᠢ ᠶᠢᠨ ᠪᠠᠷᠢᠯᠭ᠎ᠠ ᠶᠢᠨ ᠠᠷᠭ᠎ᠠ ᠮᠠᠶ᠋ᠢᠭ᠂ ᠮᠠᠲ᠋ᠧᠷᠢᠶᠠᠯ ᠲᠡᠭᠡᠭᠡᠪᠦᠷᠢᠯᠡᠬᠦ ᠵᠠᠮ | ᠱᠤᠭᠤᠮ ᠵᠡᠷᠭᠡ ᠪᠠᠷᠢᠯᠭ᠎ᠠ ᠶᠢᠨ ᠬᠦᠴᠦᠨ ᠵᠦᠢᠯ ᠢ ᠤᠷᠢᠳᠴᠢᠯᠠᠨ ᠲᠣᠭᠲᠠᠭᠠᠵᠤ᠂ ᠪᠠᠷᠢᠯᠭ᠎ᠠ ᠶᠢᠨ ᠵᠣᠬᠢᠶᠠᠨ | ᠪᠠᠶᠢᠭᠤᠯᠤᠯᠲᠠ ᠶᠢ ᠨᠠᠷᠢᠨ ᠨᠢᠮᠪᠠᠶ ᠪᠠᠶᠢᠷᠢᠯᠠᠭᠤᠯᠵᠤ᠂ ᠪᠠᠷᠢᠯᠭ᠎ᠠ ᠶᠢᠨ ᠠᠭᠤᠯᠭ᠎ᠠ ᠶᠢ ᠱᠠᠲᠤ ᠳᠠᠷᠠᠭᠠᠯᠠᠨ ᠵᠠᠳᠠᠯᠵᠤ᠂ | ᠲᠠᠰᠤᠯᠳᠠᠭᠤᠯᠬᠤ ᠥᠬᠡᠶ ᠠᠵᠢᠯᠯᠠᠬᠤ ᠪᠠᠷᠢᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠂ ᠬᠢᠵᠠᠭᠠᠷ ᠲᠠᠢ ᠣᠷᠣᠨ ᠵᠠᠶ ᠶᠢᠨ | ᠳᠣᠲᠣᠷ᠎ᠠ ᠪᠠᠷᠢᠯᠭ᠎ᠠ ᠶᠢᠨ ᠠᠵᠢᠯ᠂ ᠮᠠᠲ᠋ᠧᠷᠢᠶᠠᠯ ᠣᠪᠣᠭᠠᠯᠠᠬᠤ ᠲᠠᠯᠠᠪᠠᠶ᠂ ᠪᠠᠷᠢᠯᠭ᠎ᠠ ᠶᠢᠨ ᠰᠢᠭᠠᠷᠤ ᠶᠢ ᠣᠪᠣᠭᠠᠯᠠᠵᠤ | ᠲᠠᠯᠪᠢᠬᠤ ᠵᠡᠷᠭᠡ ᠣᠷᠣᠨ ᠪᠦᠰᠡ ᠶᠢ ᠵᠦᠶ ᠵᠣᠬᠢᠰᠲᠠᠶ ᠬᠤᠪᠢᠶᠠᠷᠢᠯᠠᠪᠠ︔ ᠡᠯ᠎ᠡ ᠵᠦᠢᠯ ᠤᠨ ᠡᠬᠢ ᠪᠠᠶᠠᠯᠢᠭ ᠢ | ᠢᠳᠡᠪᠬᠢᠲᠡᠶ ᠪᠠᠷ ᠵᠣᠬᠢᠴᠠᠭᠤᠯᠵᠤ᠂ ᠬᠠᠪᠲᠠᠭᠠᠶ ᠴᠤᠪᠤᠭ᠎ᠠ ᠲᠡᠷᠭᠡ ᠪᠣᠯᠤᠨ ᠡᠳᠦᠷ ᠪᠦᠷᠢ ᠶᠢᠨ ᠳᠥᠩᠭᠡᠵᠢ 2 ᠴᠠᠭ | ᠤᠨ ᠲᠣᠭᠤᠨᠣ ᠶᠢᠨ ᠭᠠᠵᠠᠷ ᠢ ᠠᠰᠢᠭᠯᠠᠨ ᠮᠠᠲ᠋ᠧᠷᠢᠶᠠᠯ ᠢ ᠪᠤᠴᠠᠭᠠᠨ ᠲᠡᠭᠡᠭᠡᠪᠦᠷᠢᠯᠡᠬᠦ ᠪᠠ ᠰᠢᠭᠠᠷᠤ ᠶᠢ ᠴᠡᠪᠡᠷᠯᠡᠨ | ᠠᠷᠢᠯᠭᠠᠬᠤ ᠠᠵᠢᠯ ᠢ ᠬᠢᠵᠦ᠂ ᠪᠠᠷᠢᠯᠭ᠎ᠠ ᠶᠢᠨ ᠠᠵᠢᠯ ᠤᠨ ᠲᠡᠰ ᠳᠠᠷᠠᠭᠠᠯᠠᠯ ᠢ ᠵᠦᠢ ᠵᠣᠬᠢᠰᠲᠠᠶ ᠲᠣᠬᠢᠷᠠᠭᠤᠯᠤᠨ᠂ | ᠤᠤᠯ ᠤᠨ ᠲᠥᠯᠥᠪᠯᠡᠭᠰᠡᠨ 6 ᠰᠠᠷ᠎ᠠ ᠶᠢᠨ ᠪᠠᠷᠢᠯᠭ᠎ᠠ ᠶᠢᠨ ᠡᠭᠦᠷᠭᠡ ᠶᠢ 3 ᠰᠠᠷ᠎ᠠ ᠪᠣᠯᠭᠠᠨ ᠪᠠᠭᠠᠰᠬᠠᠪᠠ᠃ | ᠲᠠᠢ ᠰᠢ ᠲᠡᠮᠦᠷ ᠵᠠᠮ ᠪᠣᠯ ᠰᠢᠯᠢ ᠶᠢᠨ ᠭᠤᠣᠯ ᠠᠶᠢᠮᠠᠭ᠂ ᠴᠢᠭᠤᠯᠤᠯᠳᠤ ᠬᠠᠭᠠᠯᠭ᠎ᠠ ᠶᠢᠨ ᠬᠤᠶᠢᠲᠤ | ᠬᠡᠰᠡᠭ ᠤᠨ ᠭᠠᠵᠠᠷ ᠣᠷᠣᠨ ᠪᠣᠯᠤᠨ ᠨᠡᠶᠢᠰᠯᠡᠯ ᠪᠡᠭᠡᠵᠢᠩ ᠵᠢᠴᠢ ᠥᠪᠡᠷᠲᠡᠭᠡᠨ ᠵᠠᠰᠠᠬᠤ ᠣᠷᠣᠨ ᠤ ᠲᠥᠪ | ᠬᠥᠬᠡᠬᠤᠲᠠ ᠶᠢᠨ ᠬᠤᠭᠤᠷᠣᠨᠳᠣᠬᠢ ᠠᠶᠠᠨᠴᠢᠳ ᠤᠨ ᠲᠦᠷᠭᠡᠨ ᠵᠥᠭᠡᠭᠡᠪᠦᠷᠢ ᠶᠢᠨ ᠵᠠᠮ ᠪᠣᠯᠤᠨ᠎ᠠ᠃ ᠮᠥᠨ ᠴᠦ | ᠪᠡᠭᠡᠵᠢᠩ ᠲᠢᠶᠠᠨᠵᠢᠨ ᠾᠧᠪᠧᠶ ᠶᠢᠨ ᠪᠠᠷᠠᠭᠤᠨ ᠬᠤᠶᠢᠲᠤ ᠶᠢᠨ ᠠᠮᠢ ᠠᠬᠤᠶ ᠶᠢᠨ ᠬᠥᠭᠵᠢᠯᠲᠡ ᠶᠢᠨ ᠪᠦᠰᠡ ᠬᠢᠭᠡᠳ | ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ | ᠴᠢᠬᠤᠯᠠ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠪᠣᠯᠤᠨ᠎ᠠ᠂ ᠡᠭᠦᠨ ᠳᠤ ᠰᠢᠯᠢ ᠶᠢᠨ ᠬᠤᠲᠠ ᠠᠴᠠ ᠰᠢᠯᠤᠭᠤᠨ | ᠬᠥᠬᠡ ᠬᠤᠰᠢᠭᠤ ᠬᠥᠷᠬᠦ ᠬᠡᠰᠡᠭ ᠪᠣᠯ ᠰᠢᠯᠢ ᠶᠢᠨ ᠭᠤᠤᠯ ᠠᠶᠢᠮᠠᠭ ᠤᠨ ᠨᠡᠭᠦᠷᠡᠰᠦ ᠲᠡᠭᠡᠭᠡᠪᠦᠷᠢᠯᠡᠬᠦ ᠴᠢᠬᠤᠯᠠ ᠵᠠᠮ | ᠪᠣᠯᠤᠨ᠎ᠠ᠃ ᠥᠪᠥᠷ ᠮᠣᠩᠭᠤᠯ ᠤᠨ ᠬᠡᠰᠡᠭ ᠤᠨ ᠬᠠᠮᠤᠭ ᠤᠨ ᠲᠣᠮᠣ ᠥᠷᠳᠡᠭᠡ ᠪᠣᠯᠤᠭᠰᠠᠨ ᠤ ᠬᠤᠪᠢ ᠳᠤ᠂ ᠰᠢᠯᠢ | ᠶᠢᠨ ᠬᠤᠲᠠ ᠶᠢᠨ ᠥᠷᠲᠡᠭᠡᠨ ᠤ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠬᠤ ᠨᠢ ᠬᠤᠲᠠ ᠶᠢᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠥᠮᠦᠰ ᠤᠨ ᠶᠠᠪᠤᠵᠤ ᠰᠠᠭᠤᠬᠤ ᠳᠤ ᠲᠥᠬᠦᠮ | ᠦᠵᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃ | | |