ᠣᠶᠢᠷ᠎ᠠ ᠳᠤ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠲᠠ ᠶᠢᠨ 39 ᠨᠡᠷ᠎ᠡ | ᠨᠠᠷᠠᠲᠤ ᠪᠠᠭᠰᠢ ᠶᠢᠨ ᠠᠵᠢᠯᠯᠠᠬᠤ ᠲᠠᠰᠤᠭ ᠲᠤ ᠫᠠᠶᠢᠰᠠ ᠣᠯᠭᠤᠵᠤ᠂ ᠡᠭᠦᠨ ᠳᠤ ᠨᠢᠭᠡᠳᠦᠭᠡᠷ ᠪᠦᠯᠦᠭ ᠤᠨ ᠨᠠᠷᠠᠲᠤ | ᠪᠠᠭᠰᠢ ᠶᠢᠨ ᠠᠵᠢᠯᠯᠠᠬᠤ ᠲᠠᠰᠤᠭ 17 ᠶᠢ ᠲᠠᠬᠢᠨᠲᠠ ᠰᠢᠯᠭᠠᠷᠠᠭᠤᠯᠵᠣ᠂ ᠬᠤᠶᠠᠳᠤᠭᠠᠷ ᠪᠦᠯᠦᠭ ᠤᠨ ᠨᠠᠷᠠᠲᠤ | ᠪᠠᠭᠰᠢ ᠶᠢᠨ ᠠᠵᠢᠯᠯᠠᠬᠤ ᠲᠠᠰᠤᠭ 22 ᠢ ᠰᠢᠨ᠎ᠡ ᠪᠠᠷ ᠪᠠᠶᠢᠭᠤᠯᠪᠠ᠃ | ᠣᠶᠢᠯᠠᠭᠠᠭᠰᠠᠨ ᠢᠶᠠᠷ᠂ ᠰᠢᠯᠢ ᠶᠢᠨ ᠬᠤᠲᠠ 2018 ᠣᠨ ᠤ 11 ᠰᠠᠷ᠎ᠠ ᠳᠤ ᠨᠠᠷᠠᠲᠤ ᠪᠠᠭᠰᠢ ᠶᠢᠨ | ᠠᠵᠢᠯᠯᠠᠬᠤ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠣᠯᠠᠨ ᠵᠢᠯ ᠤᠨ ᠰᠥᠪᠡᠭᠴᠢᠯᠡᠯᠲᠡ | ᠪᠠ ᠦᠢᠯᠡᠳᠦᠯᠭᠡ ᠪᠠᠷ ᠳᠡᠮᠵᠢᠨ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ ᠲᠤᠭ᠎ᠠ ᠤᠯᠠᠮ ᠢᠶᠠᠷ ᠨᠡᠮᠡᠭᠳᠡᠵᠦ᠂ | ᠪᠥᠬᠦ ᠰᠤᠷᠤᠯᠭ᠎ᠠ ᠶᠢᠨ ᠱᠠᠲᠤᠨ ᠤ ᠪᠥᠬᠦ ᠰᠢᠨᠵᠢᠯᠡᠭᠡᠨ ᠤ ᠰᠠᠯᠠᠭ᠎ᠠ ᠶᠢ ᠬᠠᠮᠤᠷᠬᠤ ᠶᠢ ᠪᠡᠶᠡᠯᠡᠭᠦᠯᠪᠡ︔ | ᠬᠠᠮᠢᠶᠠᠷᠤᠯᠲᠠ ᠶᠢᠨ ᠳᠦᠷᠢᠮ ᠢ ᠨᠡᠩ ᠲᠡᠭᠦᠯᠳᠡᠷᠵᠢᠭᠦᠯᠵᠦ᠂ ᠠᠵᠢᠯᠯᠠᠭᠠᠨ ᠢ ᠨᠡᠩ ᠰᠠᠭᠠᠳ ᠦᠭᠡᠶ᠂ ᠲᠦᠷᠢᠮᠵᠢᠭᠦᠨ | ᠪᠣᠯᠭᠠᠪᠠ᠃ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠢᠯᠡᠷᠡᠭᠦᠯᠵᠦ᠂ | ᠨᠥᠯᠥᠭᠡᠯᠡᠨ ᠳᠠᠶᠢᠴᠢᠯᠠᠬᠤ ᠦᠷ᠎ᠡ ᠪᠦᠲᠦᠮᠵᠢ ᠶᠢ ᠢᠯᠡᠳᠲᠡ ᠢᠯᠡᠷᠡᠭᠦᠯᠵᠦ᠂ ᠨᠢᠭᠡᠨᠲᠡ ᠪᠠᠭᠰᠢ ᠶᠢᠨ ᠲᠤᠰᠬᠠᠢ | ᠮᠡᠷᠭᠡᠵᠢᠯ ᠤᠨ ᠪᠤᠶᠢᠵᠢᠯᠲᠠ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠲᠠᠢ ᠪᠠᠭᠰᠢ ᠶᠢᠨ ᠡᠩᠨᠡᠭᠡ ᠶᠢ | ᠬᠥᠮᠦᠵᠢᠭᠦᠯᠬᠦ ᠴᠢᠬᠤᠯᠠ ᠠᠷᠭ᠎ᠠ ᠵᠠᠮ ᠪᠠ ᠪᠦᠲᠦᠮᠵᠢᠲᠡᠢ ᠠᠴᠢᠶᠠᠯᠠᠪᠤᠷᠢ ᠪᠣᠯᠤᠭᠰᠠᠨ ᠪᠠᠶᠢᠨ᠎ᠠ᠃ | ᠤᠢᠢᠷ᠎ᠠ ᠶᠢᠨ ᠵᠢᠯ ᠠᠴᠠ᠂ ᠰᠢᠯᠢ ᠶᠢᠨ ᠬᠤᠲᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠵᠦ ᠬᠥᠭᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠭᠦᠯᠬᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠣᠨᠴᠠᠯᠢᠭ ᠲᠠᠢ ᠤᠯᠠᠨ ᠶᠠᠩᠵᠤᠴᠢᠯᠠᠬᠰᠠᠨ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ | ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠰᠡᠳᠬᠢᠴᠡ ᠶᠣᠰᠣᠭᠠᠷ᠂ ᠵᠢᠭᠠᠨ ᠰᠤᠷᠭᠠᠯᠲᠠ ᠶᠢᠨ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠳᠠ ᠶᠢᠨ ᠡᠯ᠎ᠡ ᠲᠦᠷᠦᠯ ᠤᠨ ᠰᠤᠷᠭᠠᠨ ᠬᠥᠮᠦᠵᠢᠯ ᠤᠨ | ᠲᠦᠪᠰᠢᠨ ᠢ ᠳᠠᠬᠢᠨᠲᠠ ᠰᠢᠨ᠎ᠡ ᠳᠡᠭᠲᠡᠷ ᠲᠤ ᠭᠠᠷᠭᠠᠪᠠ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠰᠤᠷᠭᠠᠭᠤᠯᠢ ᠳᠤ ᠤᠷᠤᠭᠰᠠᠨ | ᠪᠥᠬᠦ ᠨᠣᠷᠮ᠎ᠠ 98.6% ᠬᠦᠷᠴᠦ᠂ ᠠᠳᠠᠯᠢ ᠬᠤᠭᠤᠴᠠᠭᠠᠨ ᠤ ᠬᠢ ᠠᠴᠠ 3.1 ᠵᠠᠭᠤᠨ ᠤ ᠨᠢᠭᠡᠴᠢ ᠳᠡᠭᠡᠭᠰᠢᠯᠡᠵᠡᠶ︔ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠢ ᠰᠢᠯᠭᠠᠬᠤ ᠦᠭᠡᠢ ᠪᠠᠷ ᠭᠡᠷ ᠠᠴᠠ ᠪᠠᠨ | ᠣᠶᠢᠷᠠᠬᠠᠨ ᠰᠤᠷᠭᠠᠭᠤᠯᠢ ᠳᠤ ᠣᠷᠣᠭᠤᠯᠬᠤ ᠶᠢ ᠬᠡᠷᠡᠭᠵᠢᠭᠦᠯᠵᠦ᠂ ︽ᠢᠯᠡ ᠪᠠᠷ ᠰᠤᠷᠤᠭᠴᠢ ᠡᠯᠰᠡᠬᠦ᠂ | ᠲᠡᠩᠴᠡᠭᠦᠷᠢ ᠲᠠᠢ ᠪᠠᠷ ᠠᠩᠭᠢ ᠬᠤᠪᠢᠶᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠭᠠᠨ | ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠪᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠭᠤᠷᠠᠶ ᠲᠠᠯ᠎ᠠ ᠶᠢ | ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ 97% ᠳᠤ ᠬᠦᠷᠦᠭᠦᠯᠦᠨ᠎ᠡ᠃ ᠰᠢᠯᠢ | ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠨᠢ ᠬᠥᠬᠡᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠲᠠᠢ ᠭᠡᠷ᠎ᠡ ᠲᠣᠭᠲᠠᠵᠤ᠂ ᠪᠥᠬᠦ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ ᠰᠤᠷᠭᠠᠨ ᠬᠥᠮᠦᠵᠢᠯ ᠢ | ᠬᠦᠷᠭᠡᠬᠦ᠂ ᠠᠳᠠᠯᠢ ᠳᠠᠪᠲᠠᠮᠵᠢ ᠶᠢᠨ ᠵᠢᠭᠠᠨ ᠰᠤᠷᠭᠠᠯᠲᠠ ᠰᠤᠳᠤᠯᠭᠠᠨ ᠪᠠ ᠣᠨᠴᠠ ᠰᠢᠯᠢᠳᠡᠭ ᠰᠣᠷᠣᠭᠴᠢ ᠶᠢ | ᠬᠥᠮᠦᠵᠢᠭᠦᠯᠬᠦ ᠵᠡᠷᠭᠡ ᠭᠦᠨᠵᠡᠭᠡᠶ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠠᠵᠢᠯ ᠢ ᠥᠷᠨᠢᠭᠦᠯᠵᠦ᠂ ᠰᠢᠯᠢᠳᠡᠭ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠳᠡᠭᠡᠭᠰᠢᠯᠡᠭᠦᠯᠪᠡ᠃ | ︽ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ | ᠬᠠᠮᠲᠤᠷᠠᠯᠴᠠᠭᠤᠯᠬᠤ︾ ᠶᠢ ᠠᠬᠢᠭᠤᠯᠵᠤ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠥᠪ ᠪᠣᠯ ᠰᠤᠷᠭᠠᠨ ᠬᠥᠮᠦᠵᠢᠯ ᠤᠨ ᠶᠠᠮᠤᠨ ᠤ ᠠᠩᠬᠠᠨ ᠤ ᠪᠦᠯᠦᠭ ᠤᠨ ︽1+X︾ ᠦᠨᠡᠮᠯᠡᠯ ᠤᠨ ᠳᠦᠷᠢᠮ ᠤᠨ | ᠲᠤᠷᠰᠢᠯᠲᠠ ᠶᠢᠨ ᠴᠢᠭ᠋ ᠤᠨ ᠰᠤᠷᠭᠠᠭᠤᠯᠢ ᠪᠣᠯᠤᠨ᠎ᠠ᠃ | | |