ᠠᠯᠠᠰᠢᠨ ᠬᠤᠨᠢᠨ ᠤ ᠠᠵᠤ ᠦᠢᠯᠡᠰ ᠤᠨ ᠵᠠᠬ᠎ᠠ ᠳᠡᠯᠭᠡᠭᠦᠷ ᠢ ᠥᠷᠭᠡᠳᠬᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠬᠢᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ
ᠨᠡᠶᠢᠲᠡᠯᠡᠭᠰᠡᠨ ᠴᠠᠭ᠄
2024/12/17
     ᠨᠢᠭᠡ᠂ ᠠᠵᠢᠯ ᠥᠷᠨᠢᠭᠦᠯᠦᠭᠰᠡᠨ ᠪᠠᠶᠢᠳᠠᠯ᠄ ᠵᠢᠯ ᠤᠨ ᠡᠬᠢᠨ ᠠᠴᠠ ᠨᠠᠭᠠᠰᠢ᠂ ᠮᠠᠨ ᠤ ᠬᠤᠲᠠ ᠭᠠᠩ ᠬᠠᠭᠰᠠᠷᠠᠭᠠᠨ ᠳᠤ ᠳᠠᠭᠠᠷᠢᠭᠳᠠᠵᠤ᠂ ᠮᠠᠯᠴᠢᠳ ᠤᠨ ᠡᠪᠡᠰᠦ ᠪᠣᠷᠳᠤᠭ᠎ᠠ ᠪᠠᠷ ᠲᠡᠵᠢᠭᠡᠨ ᠠᠷᠠᠴᠢᠯᠠᠬᠤ ᠬᠤᠭᠤᠴᠠᠭ᠎ᠠ ᠨᠢ ᠤᠷᠲᠤᠰᠴᠤ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠨᠡᠮᠡᠭᠳᠡᠵᠦ᠂ ᠦᠬᠡᠷ ᠬᠤᠨᠢᠨ ᠤ ᠦᠨ᠎ᠡ ᠦᠷᠭᠦᠯᠵᠢᠯᠡᠨ ᠪᠠᠭᠤᠷᠠᠭᠰᠠᠨ᠂ ᠡᠪᠡᠰᠦ ᠪᠣᠷᠳᠣᠭᠠᠨ ᠤ ᠦᠨ᠎ᠡ ᠥᠰᠦᠭᠰᠡᠨ ᠵᠡᠷᠭᠡ ᠣᠯᠠᠨ ᠡᠯᠧᠮᠧᠨ᠋ᠲ ᠠᠴᠠ ᠪᠣᠯᠵᠣ᠂ ᠮᠠᠯᠴᠢᠳ ᠤᠨ ᠣᠷᠣᠯᠭ᠎ᠠ ᠶᠢ ᠨᠥᠯᠥᠭᠡᠯᠡᠭᠰᠡᠨ ᠪᠠᠶᠢᠨ᠎ᠠ᠃ 8 ᠰᠠᠷ᠎ᠠ ᠶᠢᠨ 20 ᠤ ᠡᠳᠦᠷ ᠪᠣᠯᠲᠠᠯ᠎ᠠ᠂ ᠪᠥᠬᠦ ᠬᠤᠲᠠ ᠶᠢᠨ ᠮᠠᠯ ᠤᠨ ᠭᠠᠷᠭᠠᠯᠲᠠ ᠨᠡᠶᠢᠲᠡ 17.6 ᠲᠦᠮᠡᠨ ᠲᠣᠯᠣᠭᠠᠶ ᠪᠠᠶᠢᠵᠤ᠂ ᠡᠭᠦᠨ ᠳᠤ ᠠᠯᠠᠰᠢᠨ ᠦᠬᠡᠷ 0.15 ᠲᠦᠮᠡᠨ ᠲᠣᠯᠣᠭᠠᠶ ︵ᠠᠮᠢᠳᠤ ᠮᠠᠯ ᠤᠨ ᠭᠠᠷᠭᠠᠯᠲᠠ 0.1 ᠲᠦᠮᠡᠨ ᠲᠣᠯᠣᠭᠠᠶ᠂ ᠦᠨ᠎ᠡ ᠨᠢ 10-11 ᠲᠥᠭᠦᠷᠢᠭ᠂ 0.05 ᠲᠦᠮᠡᠨ ᠲᠣᠯᠣᠭᠠᠶ ᠨᠢᠳᠦᠯᠵᠦ ᠡᠳ᠋ᠰᠢᠭᠦᠯᠵᠦ᠂ ᠦᠨ᠎ᠡ ᠨᠢ ᠵᠢᠩ ᠪᠦᠷᠢ 23 ᠲᠥᠭᠦᠷᠢᠭ︶ ᠪᠣᠶ︔ ᠪᠣᠭ ᠮᠠᠯ 23.39 ᠲᠦᠮᠡᠨ ᠲᠣᠯᠣᠭᠠᠶ ᠪᠠᠶᠢᠵᠤ᠂ ᠡᠭᠦᠨ ᠳᠤ᠂ ᠠᠮᠢᠳᠤ ᠮᠠᠯ ᠤᠨ ᠭᠠᠷᠭᠠᠯᠲᠠ 0.3 ᠲᠦᠮᠡᠨ ᠲᠣᠯᠣᠭᠠᠶ ︵ᠠᠮᠢᠳᠤ ᠮᠠᠯ ᠤᠨ ᠬᠤᠳᠠᠯᠳᠤᠨ ᠠᠪᠬᠤ ᠦᠨ᠎ᠡ ᠨᠢ 9-10 ᠲᠥᠭᠦᠷᠢᠭ /︶ ᠪᠠᠶᠢᠵᠤ᠂ ᠨᠢᠳᠦᠯᠵᠦ ᠡᠳ᠋ᠰᠢᠭᠦᠯᠦᠭᠰᠡᠨ ᠨᠢ 23.09 ᠲᠦᠮᠡᠨ ᠲᠣᠯᠣᠭᠠᠶ ︵ᠬᠤᠨᠢᠨ ᠮᠢᠬ᠎ᠠ ᠶᠢᠨ ᠬᠤᠳᠠᠯᠳᠤᠨ ᠠᠪᠬᠤ ᠦᠨ᠎ᠡ ᠨᠢ ᠵᠢᠩ ᠪᠦᠷᠢ 24.5-25 ᠲᠥᠭᠦᠷᠢᠭ︶ ᠪᠣᠶ᠃      ᠬᠤᠶᠠᠷ᠂ ᠬᠡᠷᠡᠭᠵᠢᠭᠦᠯᠦᠭᠰᠡᠨ ᠵᠣᠬᠢᠴᠠᠩᠭᠤᠶ ᠠᠷᠭ᠎ᠠ ᠬᠡᠮᠵᠢᠶ᠎ᠡ᠄      ︵ᠨᠢᠭᠡ︶ ᠡᠪᠡᠰᠦ ᠪᠣᠷᠳᠣᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠪᠠ᠃ 1. ᠪᠦᠬᠦᠯᠢ ᠡᠳᠦᠷ ᠤᠨ ᠬᠤᠯᠢᠮᠠᠭ ᠲᠡᠵᠢᠭᠡᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠳᠡᠰ ᠤᠨ ᠲᠣᠰ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠠᠰᠢᠭᠯᠠᠨ ᠪᠠᠶᠠᠨᠬᠦ᠋ᠷᠢᠶ᠎ᠡ ᠶᠢᠨ ᠪᠦᠬᠦᠯᠢ ᠡᠳᠦᠷ ᠤᠨ ᠬᠤᠯᠢᠮᠠᠭ ᠲᠡᠵᠢᠭᠡᠯ ᠪᠣᠷᠳᠣᠭᠠᠨ ᠤ ᠲᠥᠷᠥᠯ ᠵᠦᠢᠯ ᠪᠠ ᠨᠠᠷᠠᠨᠪᠤᠯᠠᠭ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠶᠢᠨ ᠠᠯᠠᠰᠢᠨ ᠦᠬᠡᠷ ᠬᠤᠨᠢ ᠶᠢᠨ ︿︿ᠬᠤᠯᠢᠮᠠᠭ ᠲᠡᠵᠢᠭᠡᠯ﹀﹀ ᠤᠨ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠬᠤᠲᠠ ᠶᠢᠨ ᠡᠪᠡᠰᠦ ᠪᠣᠷᠳᠤᠭ᠎ᠠ ᠶᠢ ᠡᠳ᠋ᠰᠢᠭᠦᠯᠦᠨ ᠨᠥᠭᠡᠴᠡᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠳᠤ ᠬᠤᠶᠠᠷ ᠵᠦᠢᠯ ᠤᠨ ︿︿ᠬᠤᠯᠢᠮᠠᠭ ᠲᠡᠵᠢᠭᠡᠯ﹀﹀ ᠤᠨ ᠵᠦᠢᠯᠡᠰ ᠢ ᠴᠥᠮ ᠠᠰᠢᠭᠯᠠᠯᠲᠠ ᠳᠤ ᠣᠷᠣᠭᠤᠯᠪᠠ᠃ 2. ᠲᠡᠵᠢᠭᠡᠯ ᠡᠪᠡᠰᠦ ᠬᠠᠩᠭᠠᠬᠤ ᠠᠵᠢᠯ ᠢ ᠢᠳᠡᠪᠬᠢᠲᠡᠢ ᠥᠷᠨᠢᠭᠦᠯᠪᠡ᠃ ᠬᠠᠳᠤᠯᠠᠩ ᠪᠡᠯᠴᠢᠭᠡᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠵᠢᠱᠢᠯᠲᠡ ᠪᠠᠷ ᠲᠡᠵᠢᠭᠡᠯ ᠡᠪᠡᠰᠦᠨ ᠤ ᠭᠠᠷᠤᠯᠲᠠ ᠶᠢ ᠠᠶᠢᠮᠠᠭ ᠤᠨ ᠳᠣᠲᠣᠨ᠎ᠠ ᠭᠠᠳᠠᠨᠠᠬᠢ ᠲᠡᠵᠢᠭᠡᠯ ᠡᠪᠡᠰᠦ ᠭᠠᠷᠳᠠᠭ ᠭᠠᠵᠠᠷ ᠣᠷᠣᠨ ᠲᠠᠢ ᠤᠷᠢᠳᠴᠢᠯᠠᠨ ᠵᠣᠯᠭᠠᠯᠳᠤᠭᠤᠯᠵᠤ᠂ ᠲᠡᠵᠢᠭᠡᠯ ᠡᠪᠡᠰᠦ ᠳᠤᠲᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠶ ᠨᠡᠪᠲᠡᠷᠡᠯᠴᠡᠨ ᠵᠣᠬᠢᠴᠠᠭᠤᠯᠵᠤ᠂ ᠪᠦᠬᠦ ᠬᠤᠲᠠ ᠶᠢᠨ ᠭᠠᠮᠰᠢᠭᠳᠠᠭᠰᠠᠨ ᠮᠠᠯᠵᠢᠬᠤ ᠡᠷᠦᠬᠡ ᠶᠢᠨ ᠮᠠᠯ ᠪᠣᠷᠳᠤᠭ᠎ᠠ ᠶᠢᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨᠬᠦ ᠪᠠᠲᠤᠯᠠᠪᠠ᠃ ᠨᠢᠭᠡ ᠳᠤ ᠡᠪᠡᠰᠦᠨ ᠤ ᠲᠥᠪ ᠤᠨ ᠺᠣᠮᠫᠠᠨᠢ ᠲᠠᠢ ᠲᠡᠵᠢᠭᠡᠯ ᠡᠪᠡᠰᠦᠨ ᠤ ᠦᠨ᠎ᠡ ᠬᠠᠩᠰᠢ ᠶᠢᠨ ᠬᠠᠷᠠᠭᠠᠯᠵᠠᠯ ᠤᠨ ᠶᠠᠪᠤᠳᠠᠯ ᠢ ᠵᠣᠯᠭᠠᠭᠤᠯᠵᠤ᠂ ᠡᠪᠡᠰᠦᠨ ᠤ ᠲᠥᠪ ᠤᠨ ᠺᠣᠮᠫᠠᠨᠢ ᠨᠢ ᠪᠥᠬᠦ ᠬᠤᠲᠠ ᠶᠢᠨ ᠮᠠᠯᠴᠢᠳ ᠲᠤ 700 ᠭᠠᠷᠤᠶ ᠲᠣᠨ ᠴᠢᠨᠠᠷ ᠰᠠᠶᠢᠲᠠᠶ ᠲᠡᠵᠢᠭᠡᠯ ᠡᠪᠡᠰᠦ ᠬᠠᠩᠭᠠᠵᠤ᠂ ᠲᠣᠨ ᠪᠦᠷᠢ ᠶᠢ ᠵᠠᠬ᠎ᠠ ᠳᠡᠯᠭᠡᠭᠦᠷ ᠤᠨ ᠦᠨ᠎ᠡ ᠠᠴᠠ 100 ᠲᠥᠭᠦᠷᠢᠭ ᠠᠴᠠ ᠳᠤᠤᠷ᠎ᠠ ᠪᠠᠶᠢᠯᠭᠠᠵᠤ ᠬᠡᠷᠡᠭᠴᠡᠭᠡ ᠪᠥᠬᠦᠶ ᠮᠠᠯᠵᠢᠬᠤ ᠡᠷᠦᠬᠡ ᠳᠤ ᠪᠣᠷᠣᠯᠠᠭᠤᠯᠤᠨ ᠥᠭᠬᠦ ᠶᠢᠨ ᠬᠠᠮᠲᠤ᠂ ᠲᠣᠰ ᠬᠤᠲᠠ ᠶᠢᠨ ᠮᠠᠯᠴᠢᠨ ᠡᠷᠦᠬᠡ ᠶᠢᠨ ᠲᠡᠵᠢᠭᠡᠯ ᠡᠪᠡᠰᠦ ᠪᠠᠴᠢᠮ ᠬᠡᠷᠡᠭᠴᠡᠭᠡ ᠲᠠᠢ ᠦᠶ᠎ᠡ ᠳᠤ ᠾᠧᠪᠸᠢ᠂ ᠠᠨᠾᠦ᠋ᠢ ᠵᠡᠷᠭᠡ ᠭᠠᠵᠠᠷ ᠲᠤ ᠨᠥᠭᠡᠴᠡᠯᠡᠭᠰᠡᠨ 3 ᠲᠦᠮᠡ ᠭᠠᠷᠤᠶ ᠲᠣᠨ ᠲᠡᠵᠢᠭᠡᠯ ᠡᠪᠡᠰᠦ ᠶᠢ ᠴᠥᠮ ᠰᠢᠯᠵᠢᠭᠦᠯᠦᠨ ᠲᠡᠭᠡᠭᠡᠪᠦᠷᠢᠯᠡᠵᠦ ᠪᠣᠯᠤᠨ᠎ᠠ ᠭᠡᠵᠦ ᠵᠥᠪᠳᠡᠯᠴᠡᠪᠡ᠃ ᠬᠤᠶᠠᠷ ᠲᠤ ᠰᠢᠯᠢ ᠶᠢᠨ ᠬᠤᠲᠠ ᠶᠢᠨ ᠵᠢᠶ ᠨᠢᠦ ᠸᠠᠨ ᠲᠧᠦ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠬᠤ ᠶᠢᠨ ᠬᠠᠮᠲᠤ ᠲᠣᠰ ᠺᠣᠮᠫᠠᠨᠢ ᠶᠢ ᠭᠠᠳᠠᠨ᠎ᠠ ᠠᠴᠠ ᠨᠢᠭᠡᠳᠦᠯᠲᠡᠶ ᠲᠥᠯᠥᠪᠯᠡᠭᠰᠡᠨ ᠦᠬᠡᠷ ᠬᠤᠨᠢᠨ ᠳᠤ ᠲᠤᠰᠬᠠᠶ ᠬᠡᠷᠡᠭᠯᠡᠬᠦ ᠢᠳᠡᠰᠢᠨ ᠡᠪᠡᠰᠦ ᠪᠣᠷᠳᠤᠭ᠎ᠠ 2 ᠲᠦᠮᠡᠨ ᠲᠣᠨ ᠲᠣᠭᠲᠠᠵᠤ᠂ ᠵᠠᠬ᠎ᠠ ᠳᠡᠯᠭᠡᠭᠦᠷ ᠤᠨ ᠬᠠᠩᠰᠢ ᠠᠴᠠ ᠳᠤᠤᠷ᠎ᠠ 300 ᠲᠥᠭᠦᠷᠢᠭ ᠢᠶᠠᠷ ᠲᠣᠰ ᠬᠤᠲᠠ ᠶᠢᠨ ᠮᠠᠯᠴᠢᠳ ᠲᠤ ᠪᠣᠷᠣᠯᠠᠭᠤᠯᠤᠨ ᠥᠭᠬᠦ ᠪᠠᠷ ᠵᠣᠯᠭᠠᠭᠤᠯᠪᠠ᠃ ᠭᠤᠷᠪᠠ ᠳᠤ᠂ ᠪᠦᠬᠦ ᠬᠤᠲᠠ ᠶᠢᠨ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠢᠲᠤᠷ ᠨᠠᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠪᠦᠬᠦ ᠬᠤᠲᠠ ᠶᠢᠨ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ 4 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ ᠲᠥᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠳᠤᠯᠤᠨ ᠤᠯᠠᠮᠵᠢᠯᠠᠪᠠ᠃ ᠮᠣᠳᠣᠨ᠂ ᠪᠠᠶᠠᠨᠬᠦ᠋ᠷᠢᠶ᠎ᠡ ᠵᠡᠷᠭᠡ ᠡᠪᠡᠰᠦ ᠭᠠᠷᠳᠠᠭ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢ ᠵᠣᠬᠢᠶᠠᠨ ᠪᠠᠶᠢᠭᠤᠯᠤᠨ ᠪᠤᠰᠤᠳ ᠰᠤᠮᠤ ᠪᠠᠯᠭᠠᠰᠤ ᠲᠠᠯᠠᠪᠠᠶ ᠯᠤᠭ᠎ᠠ ᠲᠡᠵᠢᠭᠡᠯ ᠡᠪᠡᠰᠦ ᠶᠢ ᠪᠣᠷᠣᠯᠠᠭᠤᠯᠤᠨ ᠬᠤᠳᠠᠯᠳᠤᠬᠤ ᠤᠴᠢᠷ ᠢ ᠵᠣᠯᠭᠠᠭᠤᠯᠪᠠ᠃ ᠡᠭᠦᠨ ᠤ ᠬᠠᠮᠲᠤ ᠵᠡᠭᠦᠨ ᠦᠵᠦᠮᠦᠴᠢᠨ ᠬᠤᠰᠢᠭᠤ ᠲᠠᠢ ᠵᠣᠯᠭᠠᠭᠤᠯᠵᠤ᠂ 700 ᠲᠣᠨ ᠪᠠᠶᠢᠭᠠᠯᠢᠯᠢᠭ ᠡᠪᠡᠰᠦ ᠬᠤᠳᠠᠯᠳᠤᠨ ᠠᠪᠬᠤ ᠭᠡᠷ᠎ᠡ ᠲᠣᠭᠲᠠᠵᠤ᠂ ᠣᠳᠣᠬᠠᠨ ᠳᠤ ᠨᠢᠭᠡᠨᠲᠡ ᠪᠣᠯᠵᠣᠭᠠᠨ ᠤ ᠮᠥᠩᠭᠦ ᠲᠤᠰᠢᠶᠠᠪᠠ᠃      ︵ᠬᠤᠶᠠᠷ︶ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠨᠡᠮᠡᠭᠳᠡᠭᠦᠯᠪᠡ᠃      1. ᠮᠠᠯ ᠠᠵᠤ ᠠᠬᠤᠶ ᠳᠤ ᠨᠥᠬᠦᠪᠥᠷᠢ ᠥᠭᠬᠦ ᠠᠵᠢᠯ ᠢ ᠲᠦᠷᠭᠡᠳᠬᠡᠨ ᠠᠬᠢᠭᠤᠯᠪᠠ᠃ ᠨᠢᠭᠡ ᠳᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢ ᠰᠠᠶᠢᠲᠤᠷ ᠬᠢᠪᠡ᠃ ᠪᠥᠬᠦ ᠬᠤᠲᠠ ᠶᠢᠨ 1879.6 ᠲᠦᠮᠡᠨ ᠮᠥ ᠣᠷᠣᠨ ᠳᠤ ᠪᠡᠯᠴᠢᠭᠡᠷ ᠮᠠᠯ ᠢ ᠲᠡᠩᠴᠡᠭᠦᠷᠢᠰᠢᠭᠦᠯᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯᠯᠠᠭ᠎ᠠ 4 ᠳ᠋ᠦ᠋ᠭᠡᠷ ᠰᠠᠷ᠎ᠠ ᠶᠢᠨ 5 ᠤ ᠡᠳᠦᠷ ᠠᠴᠠ ᠡᠬᠢᠯᠡᠵᠦ᠂ 5 ᠳ᠋ᠤᠭᠠᠷ ᠰᠠᠷ᠎ᠠ ᠶᠢᠨ 19 ᠤ ᠡᠳᠦᠷ ᠳᠠᠭᠤᠰᠴᠤ᠂ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠥᠷᠨᠢᠭᠦᠯᠵᠦ᠂ ᠨᠥᠬᠦᠪᠥᠷᠢ ᠶᠢᠨ ᠪᠠᠷᠢᠮᠵᠢᠶ᠎ᠠ ᠨᠢ ᠮᠥ ᠪᠦᠷᠢ 1.125 ᠲᠥᠭᠦᠷᠢᠭ ᠪᠠᠶᠢᠵᠤ᠂ ᠨᠡᠶᠢᠲᠡ 1938.03 ᠲᠦᠮᠡᠨ ᠲᠥᠭᠦᠷᠢᠭ ᠲᠠᠷᠬᠠᠭᠠᠪᠠ᠃ ᠬᠤᠶᠠᠷ ᠲᠤ᠂ ᠡᠪᠡᠰᠦ ᠪᠠᠷ ᠬᠤᠨᠢ ᠲᠡᠵᠢᠭᠡᠬᠦ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠨᠥᠬᠦᠪᠥᠷᠢ ᠶᠢ ᠰᠠᠶᠢᠲᠤᠷ ᠬᠢᠪᠡ᠃ 2024 ᠣᠨ ᠳᠤ 1656 ᠮᠠᠯᠵᠢᠬᠤ ᠡᠷᠦᠬᠡ ᠳᠤ 617.847 ᠲᠦᠮᠡᠨ ᠲᠥᠭᠦᠷᠢᠭ ᠤᠨ ᠡᠪᠡᠰᠦ ᠪᠣᠷᠳᠣᠭᠠᠨ ᠤ ᠨᠥᠬᠦᠪᠥᠷᠢ ᠲᠠᠷᠬᠠᠭᠠᠪᠠ᠃      2.ᠠᠯᠠᠰᠢᠨ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠥᠷᠨᠢᠭᠦᠯᠬᠦ ᠶᠢ ᠰᠦᠪᠡᠭᠴᠢᠯᠡᠪᠡ᠃ ᠬᠤᠲᠠ ᠶᠢᠨ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠵᠡᠭᠦᠨ ᠰᠥᠨᠢᠳ ᠬᠤᠰᠢᠭᠤᠨ ᠳᠤ ᠬᠦᠷᠴᠦ ᠭᠠᠩ ᠬᠠᠭᠰᠠᠷᠠᠭᠠᠨ ᠢ ᠡᠰᠡᠷᠭᠦᠴᠡᠬᠦ ᠳᠤ ᠠᠪᠤᠭᠰᠠᠨ ᠠᠷᠭ᠎ᠠ ᠠᠪᠴᠠᠯ ᠢ ᠲᠣᠭᠤᠷᠢᠨ ᠦᠵᠡᠵᠦ ᠰᠤᠷᠤᠯᠴᠠᠬᠤ ᠶᠢᠨ ᠬᠠᠮᠲᠤ᠂ ︿︿ᠠᠯᠠᠰᠢᠨ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀﹀ ᠢ ᠲᠣᠭᠲᠠᠭᠠᠵᠤ᠂ 11 ᠠᠯᠠᠰᠢᠨ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠰᠠᠭᠤᠷᠢᠨ ᠭᠠᠵᠠᠷ ᠢ ᠪᠠᠶᠢᠭᠤᠯᠵᠤ᠂ ᠡᠷᠭᠢᠨ ᠲᠣᠭᠤᠷᠢᠨ ᠤ ᠮᠠᠯᠵᠢᠬᠤ ᠡᠷᠦᠬᠡ ᠳᠤ ᠲᠥᠪᠯᠡᠷᠡᠭᠦᠯᠦᠨ ᠲᠡᠵᠢᠭᠡᠨ ᠠᠷᠠᠴᠢᠯᠠᠬᠤ᠂ ᠲᠥᠪᠯᠡᠷᠡᠭᠦᠯᠦᠨ ᠬᠠᠮᠢᠶᠠᠷᠬᠤ᠂ ᠲᠥᠪᠯᠡᠷᠡᠭᠦᠯᠦᠨ ᠪᠣᠷᠳᠣᠬᠤ ᠦᠢᠯᠡᠴᠢᠯᠡᠭᠡ ᠬᠠᠩᠭᠠᠵᠤ᠂ ᠲᠠᠷᠠᠬᠠᠢ ᠪᠤᠲᠠᠷᠬᠠᠢ ᠮᠠᠯᠵᠢᠬᠤ ᠣᠷᠣᠨ ᠤ ᠠᠯᠠᠰᠢᠨ ᠦᠬᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠮᠰᠢᠭ ᠲᠠᠢ ᠲᠡᠮᠡᠴᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠠᠷᠪᠢᠯᠠᠪᠠ᠃ ᠡᠭᠦᠨ ᠤ ᠬᠠᠮᠲᠤ ᠵᠠᠰᠠᠭ ᠤᠨ ᠣᠷᠳᠣᠨ ᠠᠴᠠ ᠶᠠᠳᠠᠭᠤ ᠠᠴᠠ ᠠᠩᠭᠢᠵᠢᠷᠠᠭᠰᠠᠨ ᠡᠷᠦᠬᠡ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠬᠢᠨᠠᠨ ᠬᠡᠮᠵᠢᠬᠦ ᠡᠷᠦᠬᠡ ᠵᠢᠴᠢ ᠣᠨᠣᠪᠴᠢᠲᠠᠶ ᠪᠠᠷ ᠪᠠᠶᠢᠴᠠᠭᠠᠨ ᠲᠣᠳᠣᠯᠠᠭᠰᠠᠨ ᠬᠦᠨᠳᠦ ᠨᠣᠴᠢᠲᠠᠶ ᠲᠡᠳᠬᠦᠨ ᠳᠡᠮᠵᠢᠬᠦ ᠴᠢᠬᠤᠯᠠᠲᠠᠶ ᠮᠠᠯᠵᠢᠬᠤ ᠡᠷᠦᠬᠡ ᠳᠤ ᠠᠯᠠᠰᠢᠨ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠶᠢ ᠳᠡᠮᠵᠢᠵᠦ᠂ ᠬᠤᠲᠠ ᠶᠢᠨ ᠳᠣᠲᠣᠭᠠᠳᠤ ᠳᠤ ᠵᠢᠭᠠᠨ ᠲᠣᠭᠲᠠᠭᠠᠭᠰᠠᠨ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠴᠢᠬ ᠲᠤ ᠠᠯᠠᠰᠢᠨ ᠦᠬᠡᠷ ᠢ ᠣᠷᠣᠯᠠᠨ ᠲᠡᠵᠢᠭᠡᠯᠭᠡᠵᠦ᠂ ᠦᠬᠡᠷ ᠨᠢᠭᠡᠪᠦᠷᠢ ᠳᠤ ᠡᠳᠦᠷ ᠲᠤ 10 ᠲᠥᠭᠦᠷᠢᠭ ︵ᠲᠤᠭᠤᠯ ᠨᠢ 6 ᠲᠥᠭᠦᠷᠢᠭ︶ ᠤᠨ ᠪᠠᠷᠢᠮᠵᠢᠶ᠎ᠠ ᠪᠠᠷ ᠲᠡᠵᠢᠭᠡᠨ ᠠᠷᠠᠴᠢᠯᠠᠬᠤ ᠨᠥᠬᠦᠪᠥᠷᠢ ᠣᠯᠭᠤᠪᠠ᠃      3. ᠬᠠᠮᠲᠤ ᠶᠢᠨ ᠠᠵᠤ ᠠᠬᠤᠢ ᠳᠤ ᠠᠰᠢᠭ ᠬᠤᠪᠢᠶᠠᠬᠤ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠣᠯᠠᠨ ᠡᠰᠢᠵᠢᠭᠦᠯᠦᠨ ᠂ ᠣᠨᠴᠡᠯᠢᠭᠵᠢᠭᠤᠯᠤᠨ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢᠨ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠮᠠᠯᠵᠢᠬᠤ ᠡᠷᠦᠬᠡ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠣᠷᠣᠯᠠᠨ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠮᠠᠯᠵᠢᠬᠤ ᠡᠷᠦᠬᠡ ᠳᠤ ᠪᠤᠴᠠᠭᠠᠨ ᠥᠭᠭᠦᠪᠡ᠃      ︵ᠭᠤᠷᠪᠠ︶ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠪᠡ      1.ᠨᠡᠷᠡᠲᠦ ᠲᠥᠷᠥᠯ ᠲᠡᠮᠳᠡᠭᠲᠦ ᠡᠭᠦᠳᠬᠦ ᠠᠵᠢᠯ ᠢ ᠰᠠᠶᠢᠲᠤᠷ ᠬᠢᠪᠡ᠃ 2024 ᠣᠨ ᠳᠤ ᠮᠠᠨ ᠤ ᠬᠤᠲᠠ ᠶᠢᠨ ᠲᠠᠨᠢᠯᠴᠠᠭᠤᠯᠭ᠎ᠠ ᠪᠠᠷ ᠠᠶᠢᠮᠠᠭ ᠤᠨ ᠨᠠᠷᠠᠲᠤ ᠲᠡᠮᠳᠡᠭᠲᠦ ᠶᠢᠨ ᠲᠥᠪ ᠬᠢᠨᠠᠨ ᠬᠠᠷᠭᠤᠭᠤᠯᠤᠭᠠᠳ᠂ ᠮᠠᠨ ᠤ ᠬᠤᠲᠠ ᠶᠢᠨ ᠰᠢᠯᠢ ᠶᠢᠨ ᠭᠤᠤᠯ ᠠᠶᠢᠮᠠᠭ ᠤᠨ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ ᠰᠢᠨ᠎ᠡ ᠨᠢᠭᠡ ᠡᠭᠡᠯᠵᠢ ᠶᠢᠨ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠪᠠ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠤᠨ ᠡᠷᠬᠡ ᠤᠯᠪᠠ᠃ ᠰᠤᠮᠤ ᠪᠠᠯᠭᠠᠰᠤ ᠲᠠᠯᠠᠪᠠᠢ ᠬᠢᠭᠡᠳ ᠠᠵᠤ ᠠᠬᠤᠶᠢᠯᠠᠯ ᠤᠨ ᠨᠢᠭᠲᠠ ᠬᠠᠮᠵᠢᠯᠴᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠤᠨᠢᠨ ᠤ ᠢᠷᠡᠯᠲᠡ ᠶᠢ ᠲᠣᠭᠲᠠᠭᠠᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠰᠢᠯᠢ ᠶᠢᠨ ᠭᠤᠣᠯ ᠤᠨ ᠬᠤᠨᠢ ᠨᠢᠲᠤᠯᠬᠤ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠭᠠᠴᠠᠭ᠎ᠠ ᠪᠠᠷ ᠨᠢᠭᠡᠴᠢ ᠪᠣᠯᠭᠠᠨ᠂ 5 ᠲᠦᠮᠡᠨ ᠭᠠᠴᠠᠭᠠᠨ ᠤ ᠵᠠᠬᠢᠶᠠᠯᠠᠭ᠎ᠠ ᠶᠢᠨ ᠬᠤᠨᠢ ᠶᠢ ᠲᠣᠭᠲᠠᠭᠠᠵᠤ᠂ 306 ᠮᠠᠯᠴᠢᠨ ᠡᠷᠦᠬᠡ ᠠᠰᠢᠭ ᠬᠦᠷᠲᠡᠨ᠂ ᠵᠠᠬ᠎ᠠ ᠳᠡᠯᠭᠡᠭᠦᠷ ᠤᠨ ᠦᠨ᠎ᠡ ᠠᠴᠠ 1.5 ᠲᠥᠭᠦᠷᠢᠭ / ᠺᠢᠯᠣᠭ᠍ᠷᠠᠮ ᠤᠨ ᠦᠨ᠎ᠡ ᠪᠠᠷ ᠮᠠᠯᠴᠢᠳ ᠤᠨ ᠵᠠᠬᠢᠶᠠᠯᠠᠭ᠎ᠠ ᠶᠢᠨ ᠬᠤᠨᠢᠨ ᠭᠦᠯᠦᠦᠰᠡ ᠢ ᠬᠤᠳᠠᠯᠳᠤᠨ ᠠᠪᠴᠤ᠂ ᠣᠳᠣᠬᠠᠨ ᠪᠣᠯᠲᠠᠯ᠎ᠠ ᠨᠡᠶᠢᠲᠡ 4891 ᠬᠤᠨᠢ ᠶᠢ ᠨᠢᠲᠤᠯᠪᠡ᠃      2.ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠨᠢᠲᠤᠯᠵᠤ ᠡᠳ᠋ᠰᠢᠭᠦᠯᠬᠦ ᠬᠤᠭᠤᠴᠠᠭᠠᠨ ᠳᠤ ᠣᠷᠣᠵᠤ᠂ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠬᠢᠭᠡᠳ ᠬᠤᠷᠰᠢᠭᠰᠠᠨ ᠪᠠᠩᠬᠢ ᠯᠤᠭ᠎ᠠ ︿︿ᠵᠦ ᠪᠣᠣ ᠶᠢᠨ ᠵᠢᠭᠡᠯᠡᠯᠭᠡ﹀﹀ ᠭᠤᠶᠤᠴᠢᠯᠠᠬᠤ ᠶᠢ ᠢᠳᠡᠪᠬᠢᠲᠡᠶ ᠠᠬᠢᠭᠤᠯᠬᠤ ᠶᠢᠨ ᠲᠤᠰᠠᠳᠠ᠂ ᠠᠩᠬ᠎ᠠ ᠬᠢᠨᠠᠯᠲᠠ ᠪᠠᠷ ᠳᠠᠮᠵᠢᠭᠰᠠᠨ ᠠᠵᠤ ᠠᠬᠤᠶᠢᠯᠠᠯ ᠤᠨ ᠨᠡᠷᠡᠰ ᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢ ᠬᠦᠯᠢᠶᠡᠵᠦ᠂ ᠠᠵᠤ ᠠᠬᠤᠶᠢᠯᠠᠯ ᠤᠨ ᠵᠢᠭᠡᠯᠡᠯᠭᠡ ᠠᠪᠴᠤ ᠪᠠᠯᠠ ᠳᠣᠭᠢᠷᠠᠭᠤᠯᠬᠤ ᠳᠠᠷᠤᠯᠲᠠ ᠶᠢ ᠨᠠᠮᠳᠠᠭᠤᠯᠪᠠ᠃ ︿︿ᠵᠦ ᠪᠣᠣ ᠶᠢᠨ ᠵᠢᠭᠡᠯᠡᠯᠭᠡ﹀﹀  ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠨᠠᠩ ᠣᠯᠠᠨ ᠠᠵᠤ ᠠᠬᠤᠶᠢᠯᠠᠯ ᠳᠤ ᠠᠰᠢᠭ ᠬᠦᠷᠲᠡᠭᠡᠪᠡ᠃ ᠡᠭᠦᠨ ᠤ ᠬᠠᠮᠲᠤ᠂ ᠠᠩᠬᠠᠨ ᠤ ᠬᠢᠨᠠᠯᠲᠠ ᠶᠢᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠨᠠᠩ ᠴᠢᠨᠠᠷ ᠰᠠᠶᠢᠲᠠᠶ ᠠᠵᠤ ᠠᠬᠤᠶᠢᠯᠠᠯ ᠤᠨ ᠦᠢᠯᠡᠴᠢᠯᠡᠭᠡ ᠶᠢ ᠪᠡᠶᠡᠯᠡᠭᠦᠯᠪᠡ᠃      3.ᠨᠠᠷᠢᠯᠢᠭ ᠡᠳ᠋ᠰᠢᠭᠦᠯᠵᠦ ᠥᠪᠡᠷ ᠤᠨ ᠥᠷᠲᠡᠭ ᠢ ᠪᠠᠭᠤᠷᠠᠭᠤᠯᠪᠠ᠃ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠪᠠ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠳ᠋ᠠ ᠵᠤᠸᠠᠩ ᠶᠤᠸᠠᠨ ᠭᠤᠣᠯ ᠲᠣᠭᠤᠭᠠᠨ ᠭᠡᠷ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠦᠬᠡᠷ ᠬᠤᠨᠢᠨ ᠤ ᠮᠢᠬᠠᠨ ᠤ ᠪᠦᠲᠦᠭᠡᠭᠳᠡᠬᠦᠨ᠂ ᠤᠷᠢᠳᠴᠢᠯᠠᠨ ᠦᠢᠯᠡᠳᠦᠭᠰᠡᠨ ᠢᠳᠡᠭᠡᠨ ᠤ ᠪᠦᠬᠦ ᠵᠢᠯ ᠤᠨ ᠦᠢᠯᠡᠳᠪᠦᠷᠢᠯᠡᠯ ᠵᠢᠴᠢ ᠲᠠᠯ᠎ᠠ ᠨᠤᠲᠤᠭ ᠤᠨ ᠮᠧᠩ ᠢᠦᠢ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠸᠧᠢ ᠶᠤᠸᠠᠨ ᠮᠠᠯ ᠤᠨ ᠠᠰᠢᠭ ᠰᠢᠮ᠎ᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ  ᠨᠢᠲᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠢᠶᠠᠨ ᠳᠡᠰ ᠳᠡᠪᠰᠢᠭᠦᠯᠬᠦ᠂ ᠮᠡᠷᠭᠡᠵᠢᠯ ᠢᠶᠠᠨ ᠰᠠᠶᠢᠵᠢᠷᠠᠭᠤᠯᠬᠤ᠂ ᠪᠦᠲᠦᠭᠡᠭᠳᠡᠬᠦᠨ ᠢ ᠰᠢᠯᠢᠳᠡᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠷᠢᠯᠢᠭ ᠬᠡᠰᠡᠭᠯᠡᠬᠦ᠂ ᠤᠷᠢᠳᠴᠢᠯᠠᠨ ᠦᠢᠯᠡᠳᠬᠦ ᠵᠢᠴᠢ ᠪᠤᠯᠭᠤᠭᠰᠠᠨ ᠢᠳᠡᠭᠡᠨ᠂ ᠨᠠᠷᠢᠯᠢᠭ ᠪᠣᠭᠤᠳᠠᠯᠯᠠᠬᠤ ᠲᠠᠯ᠎ᠠ ᠪᠠᠷ ᠤᠯᠠᠮ ᠨᠢᠭᠡ ᠠᠯᠬᠤᠮ ᠬᠦᠴᠦᠯᠡᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠤᠨ᠂ ᠲᠤᠰᠬᠠᠶᠢᠵᠢᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠨᠡᠮᠡᠭᠳᠡᠭᠦᠯᠪᠡ᠃ ᠸᠧᠢ ᠶᠤᠸᠠᠨ ᠮᠠᠯ ᠤᠨ ᠠᠰᠢᠭ ᠰᠢᠮ᠎ᠡ ᠶᠢᠨ ᠬᠢᠵᠠᠭᠠᠷᠲᠤ ᠺᠣᠮᠫᠠᠨᠢ ᠶᠢᠨ ᠬᠤᠨᠢᠨ ᠴᠢᠰᠤ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠠᠰᠢᠭᠯᠠ᠂ ᠮᠠᠯ ᠤᠨ ᠲᠤᠰᠠᠯᠠᠬᠤ ᠪᠦᠲᠦᠭᠡᠭᠳᠡᠬᠦᠨ ᠤ ᠬᠡᠯᠬᠢᠶᠡᠵᠢᠯ ᠢ ᠤᠷᠲᠤᠳᠬᠠᠬᠤ ᠨᠥᠬᠦᠪᠥᠷᠢᠯᠡᠬᠦ ᠶᠢ ᠲᠦᠷᠭᠡᠳᠬᠡᠨ ᠠᠬᠢᠭᠤᠯᠵᠤ᠂ ︿︿ᠬᠠᠶᠠᠭᠳᠠᠮᠠᠯ ᠢ ᠡᠷᠳᠡᠨᠢ ᠪᠣᠯᠭᠠᠬᠤ﹀﹀ ᠶᠢ ᠪᠡᠶᠡᠯᠡᠭᠦᠯᠪᠡ᠃ ᠡᠭᠦᠨ ᠤ ᠬᠠᠮᠲᠤ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠵᠢᠯᠣᠭᠤᠳᠤᠨ ᠲᠤᠬᠠᠶ ᠶᠢᠨ ᠲᠠᠯᠠᠪᠤᠷ ᠲᠤ ᠢᠯᠡ ᠪᠣᠯᠭᠠᠵᠤ᠂ ᠸᠢᠴᠠᠲ ᠤᠨ ᠬᠤᠯᠪᠣᠭ᠎ᠠ᠂ ᠨᠠᠶᠢᠵᠠ ᠶᠢᠨ ᠬᠤᠯᠪᠣᠭ᠎ᠠ ᠪᠠᠷ ᠳᠠᠮᠵᠢᠭᠤᠯᠤᠨ ᠡᠳᠦᠷ ᠪᠦᠷᠢ ᠶᠢᠨ ᠬᠠᠮᠤᠭ ᠤᠨ ᠰᠢᠨ᠎ᠡ ᠬᠤᠳᠠᠯᠳᠤᠨ ᠠᠪᠬᠤ ᠦᠨ᠎ᠡ ᠶᠢ ᠮᠠᠯᠵᠢᠬᠤ ᠡᠷᠦᠬᠡ ᠳᠤ ᠴᠠᠭ ᠲᠤᠬᠠᠶ ᠳᠤᠨᠢ ᠮᠡᠳᠡᠭᠦᠯᠵᠦ᠂ ᠮᠠᠯᠵᠢᠬᠤ ᠡᠷᠦᠬᠡ ᠶᠢ ᠣᠶᠢᠷ᠎ᠠ ᠬᠠᠪᠢ ᠶᠢᠨ ᠴᠢᠨᠠᠷᠵᠢᠭᠤᠨ ᠦᠨ᠎ᠡ ᠶᠢᠨ ᠬᠠᠷᠢᠴᠠᠯ ᠥᠨᠳᠥᠷ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠳᠤ ᠰᠢᠭᠤᠳ ᠨᠢᠲᠤᠯᠵᠤ᠂ ᠳᠤᠮᠳᠠᠬᠢ ᠭᠤᠭᠴᠤᠭ᠎ᠠ ᠶᠢ ᠪᠠᠭᠠᠰᠬᠠᠪᠠ᠃      4.ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠵᠢᠭᠦᠯᠪᠡ᠃ ᠬᠠᠮ ᠵᠠᠭᠤᠴᠢᠯᠠᠭᠤᠷ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠣᠬᠤᠷ ᠪᠢᠴᠢᠯᠭᠡ ᠶᠢᠨ ᠳ᠋ᠤᠭᠠᠷ᠂ ᠴᠤᠤᠷᠢᠶ᠎ᠠ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠ᠂ ᠰᠢᠯᠢ ᠶᠢᠨ ᠬᠤᠲᠠ ᠶᠢᠨ ᠬᠤᠨᠢᠨ ᠮᠢᠬ᠎ᠠ ᠶᠢ ᠤᠬᠠᠭᠤᠯᠬᠤ ᠬᠦᠴᠦᠯᠡᠴᠡ ᠶᠢ ᠨᠡᠮᠡᠭᠳᠡᠭᠦᠯᠪᠡ᠃ ᠡᠵᠡᠩᠨᠡᠯᠲᠡ ᠶᠢᠨ ᠭᠤᠤᠯ ᠴᠣᠭᠴᠠ ᠶᠢᠨ ᠴᠤᠤᠷᠢᠶ᠎ᠠ᠂ ︿︿ᠱᠠᠯᠠᠮᠠᠭᠠᠢ ᠭᠠᠷ﹀﹀ ᠰᠦᠯᠵᠢᠶᠡᠨ ᠳᠡᠭᠡᠷ᠎ᠡ ᠪᠣᠷᠣᠯᠠᠭᠤᠯᠬᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠵᠣᠷᠢᠭᠵᠢᠭᠤᠯᠪᠠ᠃ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠤᠨ ᠠᠶᠢᠮᠠᠭ ᠤᠨ ᠳᠣᠲᠣᠨ᠎ᠠ ᠭᠠᠳᠠᠨᠠᠬᠢ ᠡᠯ᠎ᠡ ᠶᠡᠭᠡ ᠨᠠᠶᠢᠷ ᠤᠨ ᠴᠤᠭᠯᠠᠭᠠᠨ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠣᠭᠤᠳᠴᠤ᠂ ᠰᠢᠯᠢ ᠶᠢᠨ ᠬᠤᠲᠠ ᠶᠢᠨ ᠬᠤᠨᠢᠨ ᠮᠢᠬ᠎ᠠ ᠵᠢᠴᠢ ᠳᠠᠭᠠᠯᠲᠠ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠪᠠ ᠃ ᠭᠠᠳᠠᠭᠰᠢ ᠭᠠᠷᠴᠤ᠂ ᠡᠯ᠎ᠡ ᠭᠠᠵᠠᠷ ᠣᠷᠣᠨ ᠤ ᠢᠳᠡᠭᠡᠨ ᠤᠮᠳᠠᠭᠠᠨ ᠤ ᠨᠡᠶᠢᠭᠡᠮᠯᠢᠭ᠂ ᠮᠢᠬᠠᠨ ᠤ ᠨᠡᠶᠢᠭᠡᠮᠯᠢᠭ ᠲᠠᠢ ᠵᠣᠯᠭᠠᠭᠤᠯᠵᠤ ᠰᠢᠯᠢ ᠶᠢᠨ ᠭᠤᠤᠯ ᠤᠨ ᠬᠤᠨᠢᠨ ᠮᠢᠬ᠎ᠠ ᠶᠢ ᠤᠬᠠᠭᠤᠯᠤᠨ᠂ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ ᠶᠢ ᠵᠥᠪᠳᠡᠯᠴᠡᠨ᠂ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠬᠤᠲᠠ ᠳᠤ ᠪᠡᠶᠡᠴᠢᠯᠡᠨ ᠣᠶᠢᠯᠠᠭᠠᠬᠤ ᠵᠢᠱᠢᠶ᠎ᠡ ᠦᠵᠡᠭᠦᠯᠬᠦ ᠳᠡᠯᠭᠡᠭᠦᠷ ᠭᠠᠷᠭᠠᠬᠤ ᠵᠢᠴᠢ ᠲᠣᠮᠣ ᠬᠡᠯᠪᠡᠷᠢ ᠶᠢᠨ ᠬᠡᠲᠦ ᠳᠡᠯᠭᠡᠭᠦᠷ ᠲᠤ ᠣᠷᠣᠵᠤ ᠰᠠᠭᠤᠷᠢᠰᠢᠭᠤᠯᠬᠤ ᠯᠠᠩᠭᠦᠶ ᠭᠠᠷᠭᠠᠵᠤ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠪᠡ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号