2025 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠤᠰᠬᠠᠶ ᠲᠥᠷᠥᠯ ᠤᠨ ᠠᠰᠫᠢᠷᠠᠨᠲ ᠡᠯᠰᠡᠬᠦ ᠲᠥᠯᠥᠪᠯᠡᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/12/17
     ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠴᠡᠷᠢᠭ ᠲᠤ ᠣᠷᠣᠬᠤ ᠶᠢ ᠵᠣᠷᠢᠭᠵᠢᠭᠤᠯᠵᠤ᠂ ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠦᠰᠦᠨ ᠬᠥᠮᠦᠵᠢᠵᠦ ᠴᠢᠳᠠᠪᠤᠷᠢᠲᠠᠨ ᠪᠣᠯᠬᠤ ᠵᠠᠮ ᠢ ᠥᠷᠭᠡᠳᠬᠡᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 2025 ᠣᠨ ᠳᠤ ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠤᠰᠬᠠᠶ ᠲᠥᠷᠥᠯ ᠤᠨ ᠠᠰᠫᠢᠷᠠᠨᠲ ᠡᠯᠰᠡᠬᠦ ᠲᠥᠯᠥᠪᠯᠡᠭᠡ ︵ᠳᠣᠷᠣᠭᠰᠢ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠭᠡᠵᠦ ᠲᠣᠪᠴᠢᠯᠠᠨ᠎ᠠ︶ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ᠃ 2025 ᠣᠨ ᠤ ᠪᠥᠬᠦ ᠤᠯᠤᠰ ᠤᠨ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢ ᠪᠡᠭᠡᠵᠢᠩ ᠶᠡᠭᠡ ᠰᠤᠷᠭᠠᠭᠤᠯᠢ᠂  ᠴᠢᠩ ᠬᠤᠸᠠ ᠶᠡᠭᠡ ᠰᠤᠷᠭᠠᠭᠤᠯᠢ ᠵᠡᠷᠭᠡ 523 ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠠᠴᠠ ᠳᠠᠭᠠᠭᠠᠨ ᠡᠭᠦᠷᠭᠡᠯᠡᠨ᠎ᠡ ᠃ ᠰᠣᠷᠣᠭᠴᠢ ᠡᠯᠰᠡᠬᠦ ᠲᠥᠯᠥᠪᠯᠡᠭᠡ ᠶᠢ ᠬᠠᠮᠲᠤ ᠪᠠᠷ ᠦᠵᠡᠶ᠎ᠡ —      ︽ᠮᠡᠳᠡᠭᠳᠡᠯ︾ ᠳᠤ ᠶᠠᠮᠠᠷ ᠶᠠᠮᠠᠷ ᠠᠭᠤᠯᠭ᠎ᠠ ᠶᠢ ᠴᠢᠬᠤᠯᠠᠴᠢᠯᠠᠭᠰᠠᠨ ᠪᠣᠶ︖ ᠬᠠᠮᠲᠤ ᠪᠠᠷ ᠦᠵᠡᠶ᠎ᠡ —      ᠨᠢᠭᠡ᠂ ᠲᠤᠰᠬᠠᠶ  ᠲᠥᠷᠦᠯ ᠤᠨ ᠲᠥᠯᠥᠪᠯᠡᠭᠡ ᠶᠢ ᠴᠢᠩᠳᠠᠯᠠᠨ ᠬᠡᠷᠡᠭᠵᠢᠭᠦᠯᠦᠨ᠎ᠡ      ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢ ᠴᠢᠩᠭ᠎ᠠ ᠬᠡᠷᠡᠭᠵᠢᠭᠦᠯᠬᠦ ᠪᠣᠯ ᠪᠥᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠥᠬᠦ ᠤᠯᠤᠰ ᠤᠨ ᠠᠰᠫᠢᠷᠠᠨᠲ ᠡᠯᠰᠡᠬᠦ ᠲᠥᠯᠥᠪᠯᠡᠭᠡ ᠶᠢᠨ ᠶᠡᠷᠦᠩᠬᠡᠶ ᠬᠡᠪᠴᠢᠶᠡᠨ ᠳᠤ ᠠᠰ ᠲᠤᠨᠢ ᠵᠢᠭᠰᠠᠭᠠᠨ ᠪᠠᠭᠤᠯᠭᠠᠵᠤ᠂ ᠲᠤᠰᠬᠠᠶ ᠲᠥᠷᠦᠯ ᠢᠶᠠᠷ ᠬᠡᠷᠡᠭᠵᠢᠭᠦᠯᠬᠦ ᠬᠡᠷᠡᠭᠲᠡᠶ᠂ ᠡᠩ ᠤᠨ ᠲᠥᠯᠥᠪᠯᠡᠭᠡ ᠪᠤᠶᠤ ᠪᠤᠰᠤᠳ ᠲᠤᠰᠬᠠᠶ ᠵᠦᠢᠯ ᠤᠨ ᠲᠥᠯᠥᠪᠯᠡᠭᠡ ᠪᠣᠯᠭᠠᠨ ᠳᠣᠭᠢᠷᠠᠭᠤᠯᠵᠤ ᠪᠣᠯᠬᠤ ᠥᠬᠡᠶ᠃ ᠰᠣᠷᠣᠭᠴᠢ ᠡᠯᠰᠡᠬᠦ ᠨᠢᠭᠡᠴᠡ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢᠨ ᠰᠢᠯᠭᠠᠭᠤᠯᠤᠭᠴᠢ ᠶᠢᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ︵ᠡᠩ ᠤᠨ ᠪᠠᠶᠢᠳᠠᠯ ᠳᠤ ᠲᠣᠰ ᠨᠢᠭᠡᠴᠡ ᠶᠢᠨ ᠬᠠᠷᠠᠭᠠᠯᠵᠠᠭᠰᠠᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠡᠩ ᠤᠨ ᠲᠥᠯᠥᠪᠯᠡᠭᠡ ᠶᠢᠨ ᠰᠢᠯᠭᠠᠭᠤᠯᠤᠭᠴᠢ ᠶᠢᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠠᠴᠠ ᠥᠨᠳᠥᠷ ᠪᠠᠶᠢᠵᠤ ᠪᠣᠯᠬᠤ ᠥᠬᠡᠶ︶ ᠶᠢ ᠥᠪᠡᠰᠦᠪᠡᠨ ᠡᠵᠡᠨ ᠮᠡᠳᠡᠵᠦ ᠲᠣᠭᠲᠠᠭᠠᠨ᠎ᠠ᠂ ᠲᠣᠰ ᠲᠥᠯᠥᠪᠯᠡᠭᠡ ᠳᠤ ᠰᠢᠯᠭᠠᠭᠤᠯᠤᠭᠴᠢ ᠶᠢᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠬᠦᠯᠢᠶᠡᠨ ᠠᠪᠣᠨ᠎ᠠ᠃ ᠠᠳᠠᠯᠢ ᠨᠥᠬᠦᠴᠡᠯ ᠤᠨ ᠳᠣᠤᠷ᠎ᠠ  ᠦᠢᠯᠡᠴᠢᠯᠡᠭᠰᠡᠨ ᠴᠠᠭ ᠨᠢ ᠣᠷᠳᠣ ᠰᠢᠯᠭᠠᠭᠤᠯᠤᠭᠴᠢ ᠶᠢ ᠤᠷᠢᠳᠠᠪᠠᠷ ᠡᠯᠰᠡᠨ᠎ᠡ᠃ ᠲᠤᠰᠬᠠᠶ ᠲᠥᠷᠦᠯ ᠤᠨ ᠲᠥᠯᠥᠪᠯᠡᠭᠡ ᠪᠠᠨ ᠪᠡᠶᠡᠯᠡᠭᠦᠯᠦᠭᠡᠳᠦᠶ ᠰᠣᠷᠣᠭᠴᠢ ᠡᠯᠰᠡᠬᠦ ᠨᠢᠭᠡᠴᠡ ᠨᠦᠭᠦᠳ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠳᠣᠭᠢᠷᠠᠭᠤᠯᠵᠤ᠂ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠬᠡᠷᠡᠭᠲᠡᠶ᠃ 2025 ᠣᠨ ᠤ ᠪᠥᠬᠦ ᠤᠯᠤᠰ ᠤᠨ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢ ᠪᠡᠭᠡᠵᠢᠩ ᠶᠡᠭᠡ ᠰᠤᠷᠭᠠᠭᠤᠯᠢ᠂  ᠴᠢᠩ ᠬᠤᠸᠠ ᠶᠡᠭᠡ ᠰᠤᠷᠭᠠᠭᠤᠯᠢ ᠵᠡᠷᠭᠡ 523 ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠡᠭᠦᠷᠭᠡᠯᠡᠨ᠎ᠡ ︵ᠰᠣᠷᠣᠭᠴᠢ ᠡᠯᠰᠡᠬᠦ ᠨᠢᠭᠡᠴᠡ ᠶᠢᠨ ᠨᠡᠷᠡᠰ ᠢ ᠳᠠᠭᠠᠯᠳᠤᠭᠤᠯᠤᠯ ᠳᠤ ᠦᠵᠡ︶᠃ ᠡᠯ᠎ᠡ ᠰᠣᠷᠣᠭᠴᠢ ᠡᠯᠰᠡᠬᠦ ᠨᠢᠭᠡᠴᠡ ᠨᠦᠭᠦᠳ ᠰᠤᠷᠭᠠᠭᠤᠯᠢ ᠶᠢᠨ ᠪᠠᠶᠢᠳᠠᠯ ᠳᠠᠭᠠᠨ ᠳᠣᠭᠢᠷᠠᠭᠤᠯᠤᠨ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ  ︾ ᠶᠢᠨ ᠰᠣᠷᠣᠭᠴᠢ ᠡᠯᠰᠡᠬᠦ ᠲᠤᠰᠬᠠᠶ ᠮᠡᠷᠭᠡᠵᠢᠯ ᠤᠨ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠠᠰᠫᠢᠷᠠᠨᠲ ᠤᠨ ᠰᠢᠯᠭᠠᠯᠲᠠ ᠪᠠᠷ ᠰᠣᠷᠣᠭᠴᠢ ᠡᠯᠰᠡᠬᠦ ᠲᠤᠰᠬᠠᠶ ᠮᠡᠷᠭᠡᠵᠢᠯ ᠤᠨ ᠭᠠᠷᠴᠠᠭ ᠲᠤ ᠲᠣᠳᠣᠷᠬᠠᠶᠢᠯᠠᠬᠤ ᠶᠢᠨ ᠬᠠᠮᠲᠤ ᠨᠡᠶᠢᠲᠡᠯᠡᠬᠦ ᠬᠡᠷᠡᠭᠲᠡᠶ᠃      ᠬᠤᠶᠠᠷ᠂ ᠨᠡᠷ᠎ᠡ ᠮᠡᠳᠡᠭᠦᠯᠬᠦ ᠬᠢᠷᠢ ᠬᠡᠮ ᠢ ᠴᠢᠩᠭ᠎ᠠ ᠬᠢᠨᠠᠨ ᠬᠠᠷᠭᠤᠭᠤᠯᠣᠨ᠎ᠠ      ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢ ᠴᠢᠩᠭ᠎ᠠ ᠬᠢᠨᠠᠨ ᠬᠠᠷᠭᠤᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠴᠡᠷᠢᠭ ᠲᠤ ᠡᠯᠰᠡᠭᠳᠡᠨ ᠴᠡᠷᠢᠭ ᠤᠨ ᠠᠯᠪᠠᠨ ᠠᠴᠠ ᠪᠠᠭᠤᠭᠰᠠᠨ ᠪᠥᠭᠡᠳ ᠪᠦᠬᠦ ᠤᠯᠤᠰ ᠤᠨ ᠠᠰᠫᠢᠷᠠᠨᠲ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠬᠥᠮᠦᠰ ᠪᠠᠶᠢᠬᠤ ᠬᠡᠷᠡᠭᠲᠠᠢ᠂ ᠡᠭᠦᠨ ᠳᠤ ︽ᠳᠡᠭᠡᠳᠦ ᠰᠤᠷᠭᠠᠭᠤᠯᠢ ᠶᠢᠨ ᠰᠣᠷᠣᠭᠴᠢ︾ ᠭᠡᠳᠡᠭ ᠨᠢ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠂ ᠠᠰᠫᠢᠷᠠᠨᠲ᠂ ᠬᠤᠶᠠᠳᠤᠭᠠᠷ ᠣᠶᠤᠲᠠᠨ ᠤ ᠴᠣᠯᠠ ᠲᠠᠢ ᠲᠡᠭᠦᠰᠬᠦ ᠰᠣᠷᠣᠭᠴᠢ᠂ ᠰᠤᠷᠭᠠᠭᠤᠯᠢ ᠳᠤ ᠪᠠᠶᠢᠭ᠎ᠠ ᠰᠣᠷᠣᠭᠴᠢ ᠪᠠ ᠰᠤᠷᠭᠠᠭᠤᠯᠢ ᠳᠤ ᠤᠷᠤᠭᠰᠠᠨ ᠰᠢᠨ᠎ᠡ ᠰᠣᠷᠣᠭᠴᠢ ᠵᠢᠴᠢ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠶᠢᠨ ᠡᠯᠰᠡᠭᠰᠡᠨ ᠡᠩ ᠤᠨ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠲᠡᠭᠦᠰᠬᠦ ᠰᠣᠷᠣᠭᠴᠢ᠂ ᠰᠤᠷᠭᠠᠭᠤᠯᠢ ᠳᠤ ᠪᠠᠶᠢᠭ᠎ᠠ ᠰᠣᠷᠣᠭᠴᠢ ᠪᠠ ᠰᠤᠷᠭᠠᠭᠤᠯᠢ ᠳᠤ ᠤᠷᠤᠭᠰᠠᠨ ᠰᠢᠨ᠎ᠡ ᠰᠣᠷᠣᠭᠴᠢ ᠶᠢ ᠵᠢᠭᠠᠵᠤ ᠪᠣᠶ᠃ ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠱᠠᠭᠠᠷᠳᠠᠯᠭ᠎ᠠ ᠶᠣᠰᠣᠭᠠᠷ ᠥᠪᠡᠷ ᠤᠨ ᠴᠡᠷᠢᠭ ᠲᠤ ᠣᠷᠣᠬᠤ ᠠᠴᠠ ᠡᠮᠦᠨᠡᠬᠢ ᠰᠤᠷᠭᠠᠭᠤᠯᠢ ᠳᠤ ᠤᠷᠤᠭᠰᠠᠨ ᠮᠡᠳᠡᠭᠡ ᠵᠠᠩᠭᠢ ᠵᠢᠴᠢ ᠴᠡᠷᠢᠭ ᠲᠤ ᠤᠷᠤᠭᠰᠠᠨ᠂ ᠴᠡᠷᠢᠭ ᠠᠴᠠ ᠬᠠᠯᠠᠭᠳᠠᠭᠰᠠᠨ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠨᠢᠭᠡᠴᠡ ᠨᠦᠭᠦᠳ ᠲᠣᠭᠲᠠᠭᠠᠭᠰᠠᠨ ᠲᠠᠰ ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠶ᠃      ᠭᠤᠷᠪᠠ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ  ᠬᠡᠷᠡᠭᠵᠢᠭᠦᠯᠦᠨ᠎ᠡ      ᠡᠯ᠎ᠡ ᠰᠣᠷᠣᠭᠴᠢ ᠡᠯᠰᠡᠬᠦ ᠨᠢᠭᠡᠴᠡ ︽ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ᠂ ᠨᠢᠭᠡᠳᠦᠯᠲᠡᠶ ᠰᠢᠯᠭᠠᠨ ᠡᠯᠰᠡᠬᠦ᠂ ᠪᠡᠶ᠎ᠡ ᠪᠠᠨ ᠳᠠᠭᠠᠭᠠᠵᠤ ᠵᠠᠭᠠᠭ ᠲᠣᠭᠲᠠᠭᠠᠬᠤ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ︽︿2025 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠵᠢᠭᠠᠨ ᠰᠤᠷᠭᠠᠯᠲᠠ ︹ 2024 ︺ 4  ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢᠨ ᠰᠣᠷᠣᠭᠴᠢ ᠡᠯᠰᠡᠬᠦ ᠠᠵᠢᠯ ᠢ ᠴᠢᠩᠭ᠎ᠠ ᠵᠢᠷᠤᠮᠵᠢᠭᠤᠯᠤᠨ ᠰᠠᠶᠢᠲᠤᠷ ᠬᠢᠵᠦ᠂ ᠡᠷᠬᠡ ᠲᠡᠭᠰᠢ ᠲᠥᠪ ᠭᠤᠤᠯᠴᠢ ᠪᠠ ᠰᠣᠷᠣᠭᠴᠢ ᠡᠯᠰᠡᠬᠦ ᠶᠠᠰᠤ ᠴᠢᠨᠠᠷ ᠢ ᠦᠨᠡᠨᠬᠦ ᠪᠠᠲᠤᠯᠠᠨ᠎ᠠ᠃      ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢᠨ ᠰᠤᠷᠤᠭᠴᠢ ᠡᠯᠰᠡᠬᠦ ︵ᠲᠤᠬᠢᠷᠠᠭᠤᠯᠤᠯᠳᠠ ᠪᠠᠭᠲᠠᠨ᠎ᠠ︶ ᠠᠵᠢᠯ ᠢ ᠥᠷᠨᠢᠭᠦᠯᠵᠦ ᠪᠠᠶᠢᠭ᠎ᠠ ᠨᠢᠭᠡᠴᠡ ᠨᠦᠭᠦᠳ ᠰᠤᠷᠤᠭᠴᠢ ᠡᠯᠰᠡᠬᠦ ︵ᠲᠤᠬᠢᠷᠠᠭᠤᠯᠤᠯᠳᠠ ᠪᠠᠭᠲᠠᠨ᠎ᠠ︶ ᠲᠥᠷᠥ ᠶᠢᠨ ᠪᠤᠳᠤᠯᠭ᠎ᠠ ᠬᠢᠭᠡᠳ ᠲᠡᠰ ᠳᠠᠷᠠᠭᠠᠯᠠᠯ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ ᠳᠤ᠂ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ︾ ᠶᠢᠨ ᠬᠤᠭᠤᠷᠣᠨᠳᠣᠬᠢ ᠲᠣᠬᠢᠷᠠᠭᠤᠯᠤᠯᠲᠠ᠂ ︽ᠴᠡᠷᠢᠭ ᠠᠴᠠ ᠬᠠᠯᠠᠭᠳᠠᠭᠰᠠᠨ‌ᠣᠶᠤᠲᠠᠨ ᠴᠡᠷᠢᠭ ᠤᠨ ᠲᠥᠯᠥᠪᠯᠡᠭᠡ  ︾ ᠪᠣᠯᠤᠨ ᠡᠩ ᠤᠨ ᠲᠥᠯᠥᠪᠯᠡᠭᠡ ᠶᠢᠨ ᠲᠣᠬᠢᠷᠠᠭᠤᠯᠤᠯᠲᠠ ᠳᠤ ᠴᠥᠮ ᠪᠥᠬᠦ ᠤᠯᠤᠰ ᠤᠨ ᠨᠢᠭᠡᠳᠦᠯᠲᠡᠶ ᠲᠣᠬᠢᠷᠠᠭᠤᠯᠤᠯᠲᠠ ᠶᠢ ᠬᠡᠷᠡᠭᠵᠢᠭᠦᠯᠵᠦ᠂ ︽ᠪᠥᠬᠦ ᠤᠯᠤᠰ ᠤᠨ ᠠᠰᠫᠢᠷᠠᠨᠲ ᠡᠯᠰᠡᠬᠦ ᠬᠤᠶᠠᠳᠠᠬᠢ ᠰᠢᠯᠭᠠᠯᠲᠠ ᠶᠢᠨ ᠲᠣᠬᠢᠷᠠᠭᠤᠯᠤᠯᠲᠠ ᠶᠢᠨ ᠰᠢᠰᠲ᠋ᠧᠮ︾ ᠢᠶᠠᠷ ᠳᠠᠮᠵᠢᠭᠤᠯᠤᠨ ᠶᠠᠪᠤᠭᠳᠠᠭᠤᠯᠬᠤ ᠬᠡᠷᠡᠭᠲᠡᠶ᠃ ︽ᠴᠡᠷᠢᠭ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ ᠶᠢᠨ ᠲᠥᠯᠥᠪᠯᠡᠭᠡ︾ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠡᠩ ᠤᠨ ᠲᠥᠯᠥᠪᠯᠡᠭᠡ ᠳᠤ ᠲᠣᠬᠢᠷᠠᠭᠤᠯᠬᠤ ᠪᠠᠷ ᠭᠤᠶᠤᠴᠢᠯᠠᠪᠠᠯ᠂ ᠲᠡᠭᠦᠨ ᠤ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ  ᠰᠢᠯᠵᠢᠨ ᠣᠴᠢᠭᠰᠠᠨ ᠭᠠᠵᠠᠷ ᠣᠷᠣᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠪᠠᠶᠢᠭ᠎ᠠ ᠰᠢᠨᠵᠢᠯᠡᠭᠡᠨ ᠤ ᠲᠥᠷᠥᠯ ᠤᠨ ᠪᠥᠬᠦ ᠤᠯᠤᠰ ᠤᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠦᠨᠳᠦᠰᠦᠨ ᠱᠠᠭᠠᠷᠳᠠᠯᠭ᠎ᠠ ᠳᠤ ᠭᠦᠷᠦᠭᠰᠡᠨ ᠪᠠᠶᠢᠬᠤ ᠬᠡᠷᠡᠭᠲᠡᠶ︔ ᠨᠥᠬᠦᠴᠡᠯ ᠳᠤ ᠨᠡᠶᠢᠴᠡᠪᠡᠯ᠂ ᠲᠣᠭᠲᠠᠭᠠᠯ ᠶᠣᠰᠣᠭᠠᠷ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠤᠨ ᠠᠩᠬᠠᠨ ᠤ ᠰᠢᠯᠭᠠᠯᠲᠠ ᠳᠤ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ ᠡᠩ ᠤᠨ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ᠂ ᠬᠡᠷᠪᠡ ᠨᠡᠷ᠎ᠡ ᠮᠡᠳᠡᠭᠦᠯᠬᠦ ᠦᠶ᠎ᠡ ᠳᠤ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠤᠨ ᠠᠩᠬᠠᠨ ᠤ ᠰᠢᠯᠭᠠᠯᠲᠠ ᠳᠤ ᠬᠤᠪᠢ ᠨᠡᠮᠡᠬᠦ ᠪᠠᠷ ᠭᠤᠶᠤᠴᠢᠯᠠᠬᠤ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠨ ᠮᠡᠳᠡᠭᠦᠯᠪᠡᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠬᠢᠨᠠᠨ ᠪᠠᠲᠤᠯᠠᠭᠤᠯᠤᠭᠰᠠᠨ ᠤ ᠳᠠᠷᠠᠭ᠎ᠠ᠂ ᠳᠣᠭᠢᠷᠠᠭᠤᠯᠬᠤ ᠱᠠᠲᠤᠨ ᠳᠤ ᠲᠣᠭᠲᠠᠭᠠᠯ ᠶᠣᠰᠣᠭᠠᠷ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠳᠤ ᠲᠣᠬᠢᠷᠠᠭᠤᠯᠤᠯᠲᠠ ᠬᠢᠬᠦ ᠪᠠᠷ ᠭᠤᠶᠤᠴᠢᠯᠠᠵᠤ ᠪᠣᠯᠤᠨ᠎ᠠ᠂ ᠲᠡᠭᠦᠨ ᠤ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠬᠠᠮᠢᠶ᠎ᠠ ᠪᠥᠬᠦᠶ ᠰᠣᠷᠣᠭᠴᠢ ᠡᠯᠰᠡᠬᠦ ᠨᠢᠭᠡᠴᠡ ᠶᠢᠨ ᠲᠣᠭᠲᠠᠭᠠᠭᠰᠠᠨ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠢ ᠭᠥᠯᠢᠶᠡᠨ ᠠᠪᠤᠭᠰᠠᠨ ᠰᠢᠯᠭᠠᠭᠤᠯᠤᠭᠴᠢ ᠶᠢᠨ ᠲᠣᠬᠢᠷᠠᠭᠤᠯᠤᠯᠲᠠ ᠶᠢᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠬᠡᠷᠪᠡ ᠨᠡᠷ᠎ᠡ ᠮᠡᠳᠡᠭᠦᠯᠬᠦ ᠦᠶ᠎ᠡ ᠳᠤ ᠴᠡᠷᠢᠭ ᠤᠨ ᠠᠯᠪᠠ ᠠᠴᠠ  ᠬᠠᠯᠠᠭᠳᠠᠭᠰᠠᠨ ᠣᠶᠤᠲᠠᠨ ᠴᠡᠷᠢᠭ ‍ᠤᠨ‌ᠠᠩᠬᠠᠨ ᠤ ᠰᠢᠯᠭᠠᠯᠲᠠ ᠳᠤ ᠬᠤᠪᠢ ᠨᠡᠮᠡᠬᠦ ᠪᠠᠷ ᠭᠤᠶᠤᠴᠢᠯᠠᠭᠰᠠᠨ ᠥᠬᠡᠶ ᠪᠣᠯ᠂ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠢᠨ ᠲᠣᠬᠢᠷᠠᠭᠤᠯᠤᠯᠲᠠ ᠳᠤ ᠣᠷᠣᠯᠴᠠᠵᠤ ᠪᠣᠯᠬᠤ ᠥᠬᠡᠶ᠃ ᠨᠡᠷ᠎ᠡ ᠮᠡᠳᠡᠭᠦᠯᠬᠦ ᠳᠡᠭᠡᠨ ︽ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠢ ᠲᠠᠭᠯᠠᠨ ᠮᠡᠳᠡᠭᠦᠯᠬᠦ ᠬᠡᠷᠡᠭᠲᠡᠶ᠂ ᠭᠡᠪᠡᠴᠦ ᠬᠢᠷᠢ ᠬᠡᠮ ᠤᠨ ᠬᠢᠨᠠᠨ ᠪᠠᠶᠢᠴᠠᠭᠠᠯᠲᠠ ᠪᠤᠶᠤ ᠳᠠᠬᠢᠨ ᠬᠢᠨᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ︽ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠣᠰᠣᠭᠠᠷ ᠬᠤᠶᠠᠳᠠᠬᠢ ᠰᠢᠯᠭᠠᠯᠲᠠ ᠳᠤ ᠣᠷᠣᠯᠴᠠᠵᠤ ᠪᠣᠯᠬᠤ ᠥᠬᠡᠶ᠂ ᠵᠥᠪᠬᠡᠨ ᠲᠣᠬᠢᠷᠠᠭᠤᠯᠤᠯᠲᠠ ᠬᠢᠬᠦ ᠱᠠᠲᠤᠨ ᠳᠤ ᠲᠣᠭᠲᠠᠭᠠᠯ ᠶᠣᠰᠣᠭᠠᠷ ᠡᠩ ᠤᠨ ᠲᠥᠯᠥᠪᠯᠡᠭᠡ ᠳᠤ ᠲᠣᠬᠢᠷᠠᠭᠤᠯᠬᠤ ᠪᠠᠷ ᠭᠤᠶᠤᠴᠢᠯᠠᠵᠤ ᠪᠣᠯᠤᠨ᠎ᠠ᠃ ᠰᠣᠷᠣᠭᠴᠢ ᠡᠯᠰᠡᠬᠦ ᠨᠢᠭᠡᠴᠡ ᠰᠢᠯᠭᠠᠭᠤᠯᠤᠭᠴᠢ ᠶᠢᠨ ᠬᠦᠰᠡᠯ ᠡᠷᠡᠮᠡᠯᠵᠡᠯ ᠢ ᠰᠢᠭᠤᠳ ᠬᠤᠪᠢᠷᠠᠭᠤᠯᠵᠤ᠂ ᠲᠥᠯᠥᠪᠯᠡᠭᠡ ᠶᠢᠨ ᠲᠥᠷᠥᠯ ᠬᠡᠯᠪᠡᠷᠢ ᠳᠤ ᠲᠣᠬᠢᠷᠠᠭᠤᠯᠤᠯᠲᠠ ᠬᠢᠵᠦ ᠬᠤᠶᠠᠳᠠᠬᠢ ᠰᠢᠯᠭᠠᠯᠲᠠ ᠪᠠᠷ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠨ᠎ᠠ᠂ ᠰᠣᠷᠣᠭᠴᠢ ᠡᠯᠰᠡᠬᠦ ᠨᠢᠭᠡᠴᠡ ᠶᠢᠨ ᠪᠤᠰᠤᠳ ᠠᠷᠭ᠎ᠠ ᠵᠠᠮ ᠢᠶᠠᠷ ᠰᠢᠯᠭᠠᠭᠤᠯᠤᠭᠴᠢ ᠶᠢ ᠭᠥᠯᠢᠶᠡᠨ ᠠᠪᠴᠤ ᠳᠣᠭᠢᠷᠠᠭᠤᠯᠬᠤ ᠶᠢ ᠴᠢᠩᠭ᠎ᠠ ᠴᠠᠭᠠᠵᠠᠯᠠᠨ᠎ᠠ᠃      ᠳᠥᠷᠪᠡ᠂  ᠵᠢᠭᠠᠨ ᠵᠢᠯᠣᠭᠤᠳᠴᠣ ᠬᠢᠨᠠᠯᠲᠠ ᠲᠠᠯᠪᠢᠬᠤ ᠶᠢ ᠴᠢᠩᠭᠠᠳᠬᠠᠨ᠎ᠠ      ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠤᠭᠤᠳ ᠲᠣᠰ ᠭᠠᠵᠠᠷ ᠣᠷᠣᠨ ᠤ ᠬᠠᠮᠢᠶ᠎ᠠ ᠪᠥᠬᠦᠶ ᠰᠣᠷᠣᠭᠴᠢ ᠡᠯᠰᠡᠬᠦ ᠨᠢᠭᠡᠴᠡ ᠶᠢᠨ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠢᠨ ᠰᠣᠷᠣᠭᠴᠢ ᠡᠯᠰᠡᠬᠦ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠪᠠᠨ ᠴᠢᠩᠭᠠᠳᠬᠠᠬᠤ ᠬᠡᠷᠡᠭᠲᠡᠶ᠃ ᠲᠤᠰᠬᠠᠶ ᠲᠥᠷᠦᠯ ᠤᠨ ᠲᠥᠯᠥᠪᠯᠡᠭᠡ ᠶᠢ ᠬᠡᠷᠡᠭᠵᠢᠭᠦᠯᠬᠦ᠂ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ ᠬᠠᠷᠭᠤᠭᠤᠯᠬᠤ᠂ ᠳᠣᠭᠢᠷᠠᠭᠤᠯᠤᠨ ᠵᠣᠬᠢᠶᠠᠨ ᠪᠠᠶᠢᠭᠤᠯᠬᠤ᠂ ᠬᠤᠶᠠᠳᠠᠬᠢ ᠰᠢᠯᠭᠠᠯᠲᠠ ᠪᠠᠷ ᠡᠯᠰᠡᠬᠦ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠤᠰᠬᠠᠶ ᠲᠥᠷᠦᠯ ᠤᠨ ᠲᠥᠯᠥᠪᠯᠡᠭᠡ ᠪᠠᠷ ᠰᠣᠷᠣᠭᠴᠢ ᠡᠯᠰᠡᠬᠦ ᠠᠵᠢᠯ ᠤᠨ ᠲᠦᠷᠢᠮᠵᠢᠯ ᠲᠠᠢ ᠢᠯᠡ ᠲᠣᠳᠣ᠂ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠨ᠎ᠠ᠃      ᠲᠠᠪᠤ᠂ ᠰᠢᠯᠭᠠᠭᠤᠯᠤᠭᠰᠠᠳ ᠤᠨ  ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠎ᠡ      ᠡᠯ᠎ᠡ ᠰᠣᠷᠣᠭᠴᠢ ᠡᠯᠰᠡᠬᠦ ᠨᠢᠭᠡᠴᠡ ᠨᠦᠭᠦᠳ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠣᠰ ᠨᠢᠭᠡᠴᠡ ᠶᠢᠨ ᠢᠶᠠᠨ ᠰᠣᠷᠣᠭᠴᠢ ᠡᠯᠰᠡᠬᠦ ᠲᠦᠷᠢᠮ ᠳᠤ ᠣᠷᠣᠭᠤᠯᠤᠨ ᠤᠷᠢᠳᠴᠢᠯᠠᠨ ᠨᠡᠶᠢᠲᠡᠯᠡᠬᠦ ᠶᠢᠨ ᠬᠠᠮᠲᠤ᠂ ︽ᠳᠤᠮᠳᠠᠳᠤ ᠤᠯᠤᠰ ᠤᠨ ᠠᠰᠫᠢᠷᠠᠨᠲ ᠤᠨ ᠰᠣᠷᠣᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠪᠠ ᠲᠣᠰ ᠨᠢᠭᠡᠴᠡ ᠶᠢᠨ ᠢᠶᠠᠨ ᠰᠦᠯᠵᠢᠶ᠎ᠡ ᠵᠡᠷᠭᠡ ᠠᠷᠭ᠎ᠠ ᠵᠠᠮ ᠢ  ᠭᠦᠢᠴᠡᠳ ᠠᠰᠢᠭᠯᠠᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠰᠠᠭᠤᠨ ᠯᠠᠪᠯᠠᠵᠤ ᠬᠠᠷᠢᠭᠤᠯᠲᠠ ᠥᠭᠬᠦ ᠵᠡᠷᠭᠡ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ︽ᠴᠡᠷᠢᠭ ᠠᠴᠠ ᠬᠠᠯᠠᠭᠳᠠᠭᠰᠠᠨ ᠣᠶᠤᠲᠠᠨ ᠴᠡᠷᠢᠭ ᠤᠨ ᠲᠥᠯᠥᠪᠯᠡᠭᠡ︾ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ᠰᠠᠨᠠᠭᠤᠯᠬᠤ ᠨᠢ᠂ ᠰᠦᠯᠵᠢᠶᠡᠨ ᠳᠡᠭᠡᠷ᠎ᠡ ᠨᠤᠲᠠᠯᠠᠬᠤ ᠠᠴᠠ ᠡᠮᠦᠨ᠎ᠡ ᠲᠥᠪᠬᠢᠨᠡᠭᠦᠯᠬᠦ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ  ᠦᠢᠯᠡᠴᠢᠯᠡᠭᠡᠨ ᠤ ᠥᠷᠲᠡᠭᠡ ᠳᠤ ᠬᠦᠷᠴᠦ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠳᠡᠩᠰᠡᠯᠡᠨ ᠺᠠᠷᠲᠯᠠᠭᠰᠠᠨ ᠮᠡᠳᠡᠭᠡ ᠵᠠᠩᠭᠢ ᠶᠢᠨ ᠳᠡᠩᠰᠡᠯᠡᠯᠲᠡ ᠶᠢ ᠪᠡᠶᠡᠯᠡᠭᠦᠯᠬᠦ ᠬᠡᠷᠡᠭᠲᠡᠶ᠂ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢᠨ ᠣᠨᠣᠪᠴᠢ ᠥᠬᠡᠶ ᠠᠴᠠ ᠪᠣᠯᠵᠣ ᠦᠷᠭᠦᠯᠵᠢᠯᠡᠨ ᠨᠤᠲᠠᠯᠠᠬᠤ ᠪᠠ ᠰᠢᠯᠭᠠᠵᠤ ᠡᠯᠰᠡᠬᠦ ᠠᠵᠢᠯ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠰᠢᠯᠭᠠᠭᠤᠯᠤᠭᠴᠢ ᠶᠢᠨ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠴᠣ ᠳᠠᠷᠤᠶ ᠳᠤᠨᠢ  ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠬᠤᠯᠪᠣᠭᠳᠠᠯ ᠪᠦᠬᠦᠢ ᠭᠤᠮᠣᠳᠠᠯ ᠲᠣᠭᠠᠴᠢᠯᠲᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ  ᠰᠢᠢᠳᠪᠦᠷᠢᠯᠡᠬᠦ ᠬᠡᠷᠡᠭᠲᠠᠢ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号