ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 20 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
     12 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 20 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ᠂  ᠭᠤᠸᠠᠩᠳᠦ᠋ᠩ ᠤᠨ ᠵᠦᠬᠠᠢ ᠬᠤᠲᠠ ᠶᠢᠨ ᠲᠡᠷᠭᠡ ᠵᠢᠯᠣᠭᠤᠳᠤᠨ ᠶᠠᠪᠠᠭᠠᠨ ᠬᠥᠮᠦᠨ ᠢ ᠳᠠᠭᠠᠷᠢᠭᠰᠠᠨ ᠬᠡᠷᠡᠭ ᠪᠠ ᠤᠯᠤᠰ ᠤᠨ ᠳᠡᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠳᠤ ᠲᠣᠷᠠᠳᠣᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ᠂ ᠮᠥᠩᠭᠦᠨ ᠭᠦᠢᠯᠭᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠬᠤᠳᠠ ᠶᠢᠨ ᠤᠳᠤᠷᠢᠳᠤᠯᠭ᠎ᠠ ᠵᠤᠤ ᠭᠦᠸᠧ ᠵᠣ᠋᠂ ᠶᠠᠩ ᠵᠧᠨ᠂ ᠲᠣᠶᠠᠭ᠎ᠠ᠂ ᠹᠠᠨ ᠰᠢᠶᠤᠤ ᠴᠦᠨ᠂ ᠳ᠋ᠢᠩ ᠬᠤᠩ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠭᠡᠰᠢᠭᠦᠳ ᠪᠢᠴᠢᠭ ᠤᠨ ᠰᠣᠯᠢᠯᠴᠠᠭᠠᠨ ᠤ ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠮᠥᠩᠭᠦᠨ ᠭᠦᠢᠯᠭᠡᠭᠡᠨ ᠤ ᠠᠵᠢᠯ ‍ᠤᠨ‌ᠢ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠪᠣᠯᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠣᠯᠭᠠᠬᠤ ᠶᠢ ᠪᠠᠷᠢᠮᠲᠠᠯᠠᠵᠤ᠂ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠣᠨ ᠨᠤᠲᠤᠭ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠪᠣᠯᠤᠨ ᠮᠥᠩᠭᠦᠨ ᠭᠦᠢᠯᠭᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠣᠬᠢᠴᠠᠩᠭᠤᠢ ᠪᠠᠷ ᠠᠬᠢᠭᠤᠯᠬᠤ ᠪᠠ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号