ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠵᠢᠷᠣᠮᠵᠢᠭᠤᠯᠬᠤ ᠶᠢᠨ ᠲᠣᠰᠠᠳᠠ᠂ ︽ ᠰᠢᠯᠢ ᠶᠢᠨ ᠬᠤᠲᠠ ᠶᠢᠨ 2025 ᠣᠨ ᠤ | ᠬᠤᠸᠠᠷ ᠫᠤᠤᠵᠢᠩ ᠤᠨ ᠲᠦᠷ ᠴᠠᠭ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠠᠯᠪᠠᠨ ᠵᠠᠷᠯᠠᠯ︾ ᠢ | ᠦᠨᠳᠦᠰᠦᠯᠡᠨ᠂ ᠡᠳᠦᠭᠡ ᠰᠢᠯᠢ ᠶᠢᠨ ᠬᠤᠲᠠ ᠶᠢᠨ 2025 ᠣᠨ ᠤ ᠬᠤᠸᠠᠷ ᠫᠤᠤᠵᠢᠩ ᠤᠨ ᠲᠦᠷ ᠴᠠᠭ ᠤᠨ | ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠭᠤᠶᠤᠴᠢᠯᠠᠯ ᠪᠠ ᠨᠣᠮᠧᠷ ᠰᠤᠭᠤᠯᠬᠤ ᠬᠠᠮᠢᠶ᠎ᠠ ᠪᠥᠬᠦᠶ ᠵᠦᠢᠯᠡᠰ ᠢ | ᠳᠣᠤᠷᠠᠬᠢ ᠮᠡᠲᠦ ᠰᠠᠨᠠᠭᠤᠯᠤᠶ᠎ᠠ᠄ | ᠰᠠᠶᠢᠨ ᠳᠤᠷ᠎ᠠ ᠠᠴᠠ ᠪᠠᠨ ᠭᠤᠶᠤᠴᠢᠯᠠᠬᠤ ᠵᠠᠷᠴᠢᠮ ᠶᠣᠰᠣᠭᠠᠷ᠂ ᠭᠤᠶᠤᠴᠢᠯᠠᠭᠴᠢ ᠨᠢ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠭᠤᠶᠤᠴᠢᠯᠠᠵᠤ ᠪᠣᠯᠤᠨ᠎ᠠ᠂ | ᠭᠤᠶᠤᠴᠢᠯᠠᠭᠰᠠᠨ ᠡᠮᠦᠨ᠎ᠡ ᠬᠤᠶᠢᠨᠠᠬᠢ ᠲᠠᠰ ᠳᠠᠷᠠᠭᠠᠯᠠᠯ ᠨᠢ ᠲᠤᠬᠠᠶ ᠶᠢᠨ ᠲᠠᠯᠠᠪᠤᠷ ᠤᠨ ᠬᠠᠷᠭᠤᠭᠤᠯᠤᠨ ᠪᠠᠶᠢᠴᠠᠭᠠᠬᠤ | ᠲᠠᠰ ᠳᠠᠷᠠᠭᠠᠯᠠᠯ ᠲᠠᠢ ᠬᠠᠮᠢᠶ᠎ᠠ ᠥᠬᠡᠶ᠂ ᠡᠯ᠎ᠡ ᠭᠤᠶᠤᠴᠢᠯᠠᠭᠴᠢ ᠨᠢ ᠵᠥᠪᠬᠡᠨ ᠲᠣᠭᠲᠠᠭᠰᠠᠨ ᠴᠠᠭ ᠤᠨ ᠳᠣᠲᠣᠷ᠎ᠠ | ᠭᠤᠶᠤᠴᠢᠯᠠᠯ ᠢᠶᠠᠨ ᠪᠡᠶᠡᠯᠡᠭᠦᠯᠪᠡᠯ ᠪᠣᠯᠴᠢᠬᠠᠨ᠎ᠠ᠂ ᠤᠷᠢᠳᠴᠢᠯᠠᠨ ᠮᠥᠷᠯᠡᠬᠦ ᠴᠢᠬᠤᠯᠠ ᠥᠬᠡᠶ᠂ ᠲᠤᠬᠠᠶ ᠶᠢᠨ | ᠲᠠᠯᠠᠪᠤᠷ ᠤᠨ ᠬᠠᠷᠭᠤᠭᠤᠯᠤᠨ ᠪᠠᠶᠢᠴᠠᠭᠠᠬᠤ ᠲᠠᠰ ᠳᠠᠷᠠᠭᠠᠯᠠᠯ ᠨᠢ ᠨᠣᠮᠧᠷ ᠡᠷᠭᠢᠭᠦᠯᠬᠦ ᠪᠠᠷ ᠳᠡᠮᠵᠢᠨ ᠲᠣᠭᠲᠠᠭᠠᠨ᠎ᠠ᠃ | ᠨᠢᠭᠡ᠂ ᠭᠤᠶᠤᠴᠢᠯᠠᠬᠤ ᠮᠠᠲ᠋ᠧᠷᠢᠶᠠᠯ | ︵ᠨᠢᠭᠡ︶ ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠭᠤᠶᠤᠴᠢᠯᠠᠯ ᠤᠨ | ᠪᠢᠴᠢᠭ︔ ︵ᠳᠠᠭᠠᠯᠳᠤᠭᠤᠯᠤᠯ 1 ᠶᠢ ᠨᠠᠷᠢᠨ ᠦᠵᠡᠭᠡᠷᠡᠶ︶ | ︵ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠯᠭᠤᠭᠰᠠᠨ | ᠡᠵᠡᠩᠨᠡᠯᠲᠡ ᠶᠢᠨ ᠦᠨᠡᠮᠯᠡᠯ ᠪᠤᠶᠤ ᠨᠢᠭᠡᠴᠡ ᠶᠢᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠭᠦᠯᠬᠦ ᠮᠡᠳᠡᠭᠳᠡᠯ ᠤᠨ | ᠪᠢᠴᠢᠭ︔ | ︵ᠭᠤᠷᠪᠠ︶ ᠡᠵᠡᠩᠨᠡᠯᠲᠡ ᠶᠢᠨ ᠲᠠᠯᠠᠪᠤᠷ ᠤᠨ ᠥᠪᠡᠷ ᠤᠨ ᠬᠢᠨᠢ ᠪᠤᠶᠤ ᠲᠦᠷᠢᠶᠡᠰᠦᠯᠡᠭᠰᠡᠨ ᠮᠠᠲ᠋ᠧᠷᠢᠶᠠᠯ︔ | ︵ᠲᠦᠷᠪᠡ︶ ᠡᠵᠡᠩᠨᠡᠯᠲᠡ ᠶᠢᠨ ᠲᠠᠯᠠᠪᠤᠷ ᠤᠨ ᠳᠣᠲᠣᠭᠠᠳᠤ ᠲᠠᠯᠠᠪᠠᠢ ᠪᠠ ᠡᠷᠬᠢᠨ ᠲᠣᠭᠤᠷᠢᠨ ᠤ ᠠᠮᠤᠷ | ᠲᠦᠪᠰᠢᠨ ᠤ ᠨᠥᠬᠦᠴᠡᠯ ᠤᠨ ᠲᠣᠳᠣᠷᠬᠠᠶᠢᠯᠠᠯᠲᠠ ᠵᠢᠴᠢ ᠬᠠᠪᠲᠠᠭᠠᠶ ᠵᠢᠷᠤᠭ︔ ︵ᠳᠠᠭᠠᠯᠳᠤᠭᠤᠯᠤᠯ 1 ᠳᠤ ᠦᠵᠡ︶ | | ︵ᠲᠠᠪᠤ︶ ᠠᠶᠤᠯ ᠥᠬᠡᠶ ᠦᠢᠯᠡᠳᠪᠦᠷᠢᠯᠡᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ︵ᠬᠤᠸᠠᠷ ᠫᠤᠤᠵᠢᠩ ᠤᠨ ᠭᠤᠤᠯ ᠬᠠᠷᠢᠭᠤᠴᠠᠯᠭᠠᠲᠠᠨ︶᠂ 2024 | ᠣᠨ ᠤ 2 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ ᠭᠡᠷᠡᠴᠢ ᠠᠪᠬᠤ ᠳᠤ᠂ ᠣᠨ ᠤ ᠳᠠᠪᠲᠠᠨ | ᠪᠣᠯᠪᠠᠰᠤᠷᠠᠭᠤᠯᠤᠯ ᠤᠨ ᠲᠡᠮᠳᠡᠭᠯᠡᠯ ᠪᠤᠶᠤ ᠳᠠᠪᠲᠠᠨ ᠪᠣᠯᠪᠠᠰᠤᠷᠠᠭᠤᠯᠤᠯ ᠤᠨ ᠭᠡᠷᠡᠴᠢ ᠶᠢ ᠬᠠᠩᠭᠠᠬᠤ ᠬᠡᠷᠡᠭᠲᠡᠶ︔ | 2024 ᠣᠨ ᠤ 2 ᠰᠠᠷ᠎ᠠ ᠶᠢᠨ 29 ᠤ ᠡᠳᠦᠷ ᠠᠴᠠ ᠰᠡᠭᠦᠯᠡᠷ ᠭᠡᠷᠡᠴᠢ ᠠᠪᠬᠤ ᠳᠤ᠂ ᠣᠨ ᠤ ᠳᠠᠪᠲᠠᠨ | ᠪᠣᠯᠪᠠᠰᠤᠷᠠᠭᠤᠯᠤᠭᠰᠠᠨ ᠲᠡᠮᠳᠡᠭᠯᠡᠯ ᠪᠤᠶᠤ ᠳᠠᠪᠲᠠᠨ ᠪᠣᠯᠪᠠᠰᠤᠷᠠᠭᠤᠯᠤᠭᠰᠠᠨ ᠭᠡᠷᠡᠴᠢ ᠶᠢ ᠬᠠᠩᠭᠠᠬᠤ ᠴᠢᠬᠤᠯᠠ ᠥᠬᠡᠶ︔ | | ︵ᠵᠢᠷᠭᠤᠭ᠎ᠠ︶ ᠪᠣᠷᠣᠯᠠᠭᠤᠯᠭ᠎ᠠ ᠶᠢᠨ ᠠᠵᠢᠯᠳᠠᠨ ᠤ ᠠᠶᠤᠯᠭᠦᠶ ᠶᠢᠨ ᠪᠣᠯᠪᠠᠰᠤᠷᠠᠯ ᠳᠤ ᠬᠢᠷᠢ ᠲᠡᠩᠴᠡᠭᠰᠡᠨ | ᠦᠨᠡᠮᠯᠡᠯ ︵ᠭᠤᠣᠯ ᠬᠠᠷᠢᠭᠤᠴᠠᠯᠭᠠᠲᠠᠨ ᠲᠠᠢ ᠨᠢᠭᠡ ᠯᠡ ᠬᠥᠮᠦᠨ ᠪᠠᠶᠢᠵᠤ ᠪᠣᠯᠬᠤ ᠦᠭᠡᠢ︶︔ | ︵ᠲᠤᠯᠤᠭ᠎ᠠ︶ ᠬᠤᠸᠠᠷ ᠫᠤᠤᠵᠢᠩ ᠤᠨ ᠠᠶᠤᠯ ᠥᠭᠡᠢ ᠡᠵᠡᠩᠨᠡᠯᠲᠡ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠮᠠᠲ᠋ᠧᠷᠢᠶᠠᠯ᠃ ︵ᠳᠠᠭᠠᠯᠳᠤᠭᠤᠯᠤᠯ 1 ᠳᠤ ᠨᠠᠷᠢᠪᠴᠢᠯᠠᠨ ᠦᠵᠡ︶᠃ | ᠰᠦᠯᠵᠢᠶᠡᠨ ᠳᠡᠭᠡᠷ᠎ᠡ ᠭᠤᠶᠤᠴᠢᠯᠠᠬᠤ ᠳᠤ ᠠᠩᠬᠠᠷᠬᠤ ᠵᠦᠢᠯ᠄ | 1᠂ ᠰᠦᠯᠵᠢᠶᠡᠨ ᠳᠡᠭᠡᠷ᠎ᠡ ᠭᠤᠶᠤᠴᠢᠯᠠᠬᠤ ᠳᠤ ︽ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ | ︶ ᠵᠥᠪᠰᠢᠶᠡᠷᠡᠯ ᠢ ᠠᠩᠬ᠎ᠠ ᠤᠳᠠᠭ᠎ᠠ ᠭᠤᠶᠤᠴᠢᠯᠠᠬᠤ︾ ᠶᠢ ᠰᠣᠩᠭᠤᠬᠤ ᠬᠡᠷᠡᠭᠲᠡᠶ᠃ | 2᠂ ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ ᠳᠤ ᠭᠤᠶᠤᠴᠢᠯᠠᠬᠤ ᠮᠠᠲ᠋ᠧᠷᠢᠶᠠᠯ ᠤᠨ ︵ᠬᠤᠶᠠᠷ︶ ︵ | ᠭᠤᠷᠪᠠ︶ ︵ᠲᠠᠪᠤ︶ ︵ᠵᠢᠷᠭᠤᠭ᠎ᠠ︶ ︵ᠲᠤᠯᠤᠭ᠎ᠠ︶ ᠳ᠋ᠣᠭᠠᠷ ᠵᠤᠷᠪᠤᠰ ᠢ ᠭᠤᠶᠤᠴᠢᠯᠠᠯ ᠤᠨ ᠪᠢᠴᠢᠭ ᠤᠨ | ᠳᠠᠭᠠᠯᠳᠤᠭᠤᠯᠤᠯ ᠪᠠ ᠭᠤᠶᠤᠴᠢᠯᠠᠯ ᠤᠨ ᠪᠢᠴᠢᠭ ᠲᠠᠢ ᠬᠠᠮᠲᠤ ᠳᠤᠨᠢ ᠲᠤᠰᠢᠶᠠᠬᠤ ᠬᠡᠷᠡᠭᠲᠡᠶ᠂ ᠡᠰᠡ ᠲᠡᠭᠡᠪᠡᠯ | ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠬᠤᠶᠠᠷ᠂ ᠬᠤᠸᠠᠷ ᠫᠤᠤᠵᠢᠩ ᠤᠨ ᠲᠦᠷ ᠴᠠᠭ ᠤᠨ ᠵᠢᠵᠢᠭᠯᠡᠨ ᠬᠤᠳᠠᠯᠳᠤᠬᠤ ᠭᠠᠵᠠᠷ ᠤᠨ ᠡᠵᠡᠩᠨᠡᠯᠲᠡ ᠶᠢᠨ | ᠵᠥᠪᠰᠢᠶᠡᠷᠡᠯ ᠢ ᠭᠤᠶᠤᠴᠢᠯᠠᠬᠤ ᠠᠷᠭ᠎ᠠ ᠮᠠᠶ᠋ᠢᠭ ᠪᠠ ᠴᠠᠭ ᠤᠨ ᠬᠢᠵᠠᠭᠠᠷ | ︵ᠨᠢᠭᠡ︶ ᠰᠦᠯᠵᠢᠶᠡᠨ ᠳᠡᠭᠡᠷ᠎ᠡ ᠭᠤᠶᠤᠴᠢᠯᠠᠨ᠎ᠠ᠄ ︽ ᠮᠧᠩ ᠰᠣ᠋ ᠪᠠᠨ︾ APP᠂ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠵᠡᠷᠭᠡ ᠬᠤᠶᠠᠷ ᠵᠦᠢᠯ ᠤᠨ ᠠᠷᠭ᠎ᠠ ᠵᠠᠮ ᠢᠶᠠᠷ | ᠭᠤᠶᠤᠴᠢᠯᠠᠵᠤ ᠪᠣᠯᠤᠨ᠎ᠠ᠂ ᠪᠣᠳᠠᠲᠠᠶ ᠠᠭᠤᠯᠭ᠎ᠠ ᠶᠢ ᠳᠠᠭᠠᠯᠳᠤᠭᠤᠯᠤᠯ 2᠂ ᠳᠠᠭᠠᠯᠳᠤᠭᠤᠯᠤᠯ 3 ᠳᠤ ᠨᠠᠷᠢᠨ | ᠦᠵᠡᠭᠡᠷᠡᠶ᠃ ᠰᠦᠯᠵᠢᠶᠡᠨ ᠳᠡᠭᠡᠷ᠎ᠡ ᠭᠤᠶᠣᠴᠢᠯᠠᠬᠤ ᠴᠠᠭ᠄ 2024 ᠣᠨ ᠤ 12 ᠰᠠᠷ᠎ᠠ ᠶᠢᠨ 16 ᠤ ᠡᠳᠦᠷ ᠠᠴᠠ | 12 ᠰᠠᠷ᠎ᠠ ᠶᠢᠨ 18 ᠤ ᠡᠳᠦᠷ ︵12 ᠰᠠᠷ᠎ᠠ ᠶᠢᠨ 16 ᠤ ᠡᠳᠦᠷ ᠤᠨ 8᠄ 30 — 12 ᠰᠠᠷ᠎ᠠ ᠶᠢᠨ 18 ᠤ | ᠡᠳᠦᠷ ᠤᠨ 17᠄ 30︶᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠄ | https://zwfw.nmg.gov.cn ᠃ | ︵ᠬᠤᠶᠠᠷ︶ ᠰᠦᠯᠵᠢᠶᠡᠨ ᠠᠴᠠ ᠭᠠᠳᠠᠨ᠎ᠠ ᠭᠤᠶᠤᠴᠢᠯᠠᠬᠤ᠄ ᠰᠢᠯᠢ ᠶᠢᠨ ᠭᠤᠤᠯ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠭ᠎ᠠ ᠶᠢᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ | ᠭᠤᠶᠤᠴᠢᠯᠠᠨ᠎ᠠ᠃ ᠰᠦᠯᠵᠢᠶᠡᠨ ᠠᠴᠠ ᠭᠠᠳᠠᠨ᠎ᠠ ᠭᠤᠶᠤᠴᠢᠯᠠᠬᠤ ᠴᠠᠭ᠄ 2024 ᠣᠨ ᠤ 12 ᠰᠠᠷ᠎ᠠ ᠶᠢᠨ 16 ᠤ | ᠡᠳᠦᠷ ᠠᠴᠠ 12 ᠰᠠᠷ᠎ᠠ ᠶᠢᠨ 18 ᠤ ᠡᠳᠦᠷ ︵ᠦᠳᠡ ᠶᠢᠨ ᠡᠮᠦᠨᠡᠬᠢ 8᠄ 30 — 12᠄ 00᠂ ᠦᠳᠡ ᠶᠢᠨ | ᠬᠤᠶᠢᠨᠠᠬᠢ 2᠄ 30 — 5᠄ 30︶᠃ | ᠭᠤᠷᠪᠠ᠂ ᠲᠤᠬᠠᠶ ᠶᠢᠨ ᠲᠠᠯᠠᠪᠤᠷ ᠲᠤ ᠨᠣᠮᠧᠷ ᠰᠤᠭᠤᠯᠬᠤ ᠬᠠᠮᠢᠶ᠎ᠠ ᠪᠥᠬᠦᠶ ᠵᠦᠢᠯᠡᠰ | ︵ᠨᠢᠭᠡ︶ ᠨᠣᠮᠧᠷ ᠰᠤᠭᠤᠯᠬᠤ ᠴᠠᠭ ᠲᠤᠬᠠᠶ ᠶᠢᠨ ᠲᠠᠯᠠᠪᠤᠷ ᠲᠤ ᠨᠣᠮᠧᠷ ᠰᠤᠭᠤᠯᠬᠤ ᠴᠠᠭ᠄ 2024 | ᠣᠨ ᠤ 12 ᠰᠠᠷ᠎ᠠ ᠶᠢᠨ 20 ᠤ ᠡᠳᠦᠷ ᠤᠨ 15᠄ 00 ᠴᠠᠭ | ᠲᠤᠬᠠᠶ ᠶᠢᠨ ᠲᠠᠯᠠᠪᠤᠷ ᠲᠤ ᠨᠣᠮᠧᠷ ᠰᠤᠭᠤᠯᠬᠤ ᠭᠠᠵᠠᠷ᠄ ᠬᠤᠸᠠ ᠰᠢ ᠶᠡᠭᠡ ᠪᠠᠭᠤᠳᠠᠯ ᠤᠨ ᠭᠤᠷᠪᠠᠳᠤᠭᠠᠷ | ᠲᠠᠪᠬᠤᠷᠭ᠎ᠠ ᠶᠢᠨ ᠣᠯᠠᠨ ᠴᠢᠳᠠᠮᠵᠢᠳᠤ ᠲᠢᠩᠬᠢᠮ ︵ᠪᠣᠳᠠᠲᠠᠶ ᠬᠠᠶ᠋ᠢᠭ ᠢ ᠳᠠᠭᠠᠯᠳᠤᠭᠤᠯᠤᠯ 4 ᠳᠤ ᠦᠵᠡ︶ | ︵ᠬᠤᠶᠠᠷ︶ ᠨᠣᠮᠧᠷ ᠰᠤᠭᠤᠯᠬᠤ ᠲᠦᠷᠢᠮ ᠢ ᠲᠤᠬᠠᠶ ᠶᠢᠨ ᠲᠠᠯᠠᠪᠤᠷ ᠲᠤ ᠫᠢᠩᠫᠠᠩ ᠪᠥᠮᠪᠦᠭᠡ ᠶᠢᠨ ᠨᠣᠮᠧᠷ ᠢ | ᠲᠣᠬᠢᠶᠠᠯᠳᠤᠯ ᠢᠶᠠᠷ ᠠᠳᠬᠤᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠳᠠᠷᠤᠶ ᠭᠤᠶᠤᠴᠢᠯᠠᠭᠴᠢ ᠨᠢᠭᠡᠪᠦᠷᠢ ᠨᠢ | ᠨᠢᠭᠡᠨ ᠲᠣᠭᠠᠨ ᠤ ᠫᠢᠩᠫᠠᠩ ᠪᠥᠮᠪᠦᠭᠡ ᠶᠢᠨ ᠨᠣᠮᠧᠷ ᠲᠠᠢ ᠲᠣᠬᠢᠷᠠᠯᠴᠠᠵᠤ᠂ ᠫᠢᠩᠫᠠᠩ ᠪᠥᠮᠪᠦᠭᠡ ᠶᠢ ᠨᠣᠮᠧᠷ | ᠡᠷᠭᠢᠭᠦᠯᠬᠦ ᠬᠠᠶᠢᠷᠴᠠᠭ ᠲᠤ ᠲᠥᠪᠯᠡᠷᠡᠭᠦᠯᠦᠨ ᠲᠠᠯᠪᠢᠬᠤ ᠶᠢᠨ ᠬᠠᠮᠲᠤ ᠭᠦᠢᠴᠡᠳ ᠰᠠᠵᠢᠯᠠᠵᠣ᠂ ᠭᠤᠶᠤᠴᠢᠯᠠᠭᠴᠢ ᠠᠴᠠ | ᠲᠣᠬᠢᠶᠠᠯᠳᠤᠯ ᠢᠶᠠᠷ ᠪᠠᠷᠢᠵᠤ ᠠᠪᠤᠨ᠎ᠠ᠃ | ︵ᠭᠤᠷᠪᠠ︶ ᠨᠣᠮᠧᠷ ᠡᠷᠭᠢᠭᠦᠯᠬᠦ ᠲᠡᠰ ᠲᠠᠷᠠᠭᠠᠯᠠᠯ | 1᠂ ᠨᠢᠭᠡᠳᠦᠭᠡᠷ ᠡᠭᠡᠯᠵᠢ᠄ ᠨᠣᠮᠧᠷ ᠡᠷᠭᠢᠭᠦᠯᠬᠦ ᠳᠠᠷᠠᠭᠠᠯᠠᠯ ᠤᠨ ᠳ᠋ᠤᠭᠠᠷ ᠢ ᠰᠤᠭᠤᠯᠬᠤ ᠡᠯ᠎ᠡ ᠨᠣᠮᠧᠷ | ᠰᠤᠭᠤᠯᠬᠤ ᠠᠵᠢᠯᠲᠠᠨ ᠨᠡᠷ᠎ᠡ ᠮᠡᠳᠡᠭᠦᠯᠦᠭᠰᠡᠨ ᠳᠠᠷᠠᠭᠠᠯᠠᠯ ᠢᠶᠠᠷ ᠲᠠᠶᠢᠰᠠᠨ ᠳᠤ ᠭᠠᠷᠴᠤ ᠨᠣᠮᠧᠷ ᠡᠷᠭᠢᠭᠦᠯᠬᠦ | ᠳᠠᠷᠠᠭᠠᠯᠠᠯ ᠤᠨ ᠳ᠋ᠤᠭᠠᠷ ᠢ ᠰᠤᠭᠤᠯᠬᠤ ᠪᠥᠭᠡᠳ ᠰᠢᠪᠠᠭ᠎ᠠ ᠲᠠᠲᠠᠭᠰᠠᠨ ᠦᠷ᠎ᠡ ᠳ᠋ᠦᠩ ᠳᠤ ᠭᠠᠷ ᠤᠨ ᠥᠰᠥᠭ ᠵᠢᠷᠤᠵᠤ | ᠨᠤᠲᠠᠯᠠᠨ ᠲᠣᠭᠲᠠᠭᠠᠵᠤ᠂ ᠲᠠᠲᠠᠵᠤ ᠳᠠᠭᠤᠰᠲᠠᠯ᠎ᠠ ᠦᠷᠭᠦᠯᠵᠢᠯᠡᠭᠦᠯᠦᠨ᠎ᠡ᠃ | 2᠂ ᠬᠤᠶᠠᠳᠤᠭᠠᠷ ᠡᠭᠡᠯᠵᠢ᠄ ᠲᠤᠬᠠᠶ ᠶᠢᠨ ᠲᠠᠯᠠᠪᠤᠷ ᠤᠨ ᠬᠠᠷᠭᠤᠭᠤᠯᠤᠨ ᠪᠠᠶᠢᠴᠠᠭᠠᠬᠤ ᠲᠠᠰ ᠳᠠᠷᠠᠭᠠᠯᠠᠯ ᠢ | ᠲᠣᠭᠲᠠᠭᠠᠬᠤ ᠳᠤ ᠨᠢᠭᠡᠳᠦᠭᠡᠷ ᠡᠭᠡᠯᠵᠢ ᠶᠢᠨ ᠨᠣᠮᠧᠷ ᠡᠷᠭᠢᠭᠦᠯᠬᠦ ᠲᠠᠰ ᠳᠠᠷᠠᠭᠠᠯᠠᠯ ᠢᠶᠠᠷ ᠲᠠᠶᠢᠰᠠᠨ ᠳᠤ ᠭᠠᠷᠴᠤ | ᠲᠤᠬᠠᠶ ᠶᠢᠨ ᠲᠠᠯᠠᠪᠤᠷ ᠤᠨ ᠬᠠᠷᠭᠤᠭᠤᠯᠤᠨ ᠪᠠᠶᠢᠴᠠᠭᠠᠬᠤ ᠲᠠᠰ ᠳᠠᠷᠠᠭᠠᠯᠠᠯ ᠤᠨ ᠳ᠋ᠤᠭᠠᠷ ᠢ ᠰᠤᠭᠤᠯᠬᠤ ᠪᠥᠭᠡᠳ | ᠰᠢᠪᠠᠭ᠎ᠠ ᠲᠠᠲᠠᠭᠰᠠᠨ ᠦᠷ᠎ᠡ ᠳ᠋ᠦᠩ ᠳᠤ ᠭᠠᠷ ᠤᠨ ᠥᠰᠥᠭ ᠵᠢᠷᠤᠵᠤ ᠨᠤᠲᠠᠯᠠᠨ ᠲᠣᠭᠲᠠᠭᠠᠵᠤ᠂ ᠲᠠᠲᠠᠵᠤ | ᠳᠠᠭᠤᠰᠲᠠᠯ᠎ᠠ ᠦᠷᠭᠦᠯᠵᠢᠯᠡᠭᠦᠯᠦᠨ᠎ᠡ᠃ ᠰᠢᠯᠢ ᠶᠢᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠶᠢᠨ ᠨᠣᠮᠧᠷ ᠰᠤᠭᠤᠯᠬᠤ ᠲᠠᠰ | ᠳᠠᠷᠠᠭᠠᠯᠠᠯ ᠢᠶᠠᠷ᠂ ᠭᠤᠶᠤᠴᠢᠯᠠᠭᠴᠢ ᠨᠢᠭᠡᠪᠦᠷᠢ ᠶᠢᠨ ᠲᠤᠰᠢᠶᠠᠭᠰᠠᠨ ᠬᠠᠶ᠋ᠢᠭ ᠢ ᠲᠤᠬᠠᠶ ᠶᠢᠨ ᠲᠠᠯᠠᠪᠤᠷ ᠲᠤ ᠵᠥᠪᠬᠡᠨ | ᠨᠢᠭᠡ ᠯᠡ ᠤᠳᠠᠭ᠎ᠠ ᠬᠢᠨᠠᠨ ᠪᠠᠶᠢᠴᠠᠭᠠᠨ᠎ᠠ᠃ | ︵ᠳᠥᠷᠪᠡ︶ ᠠᠩᠬᠠᠷᠬᠤ ᠵᠦᠢᠯ | 1᠂ ᠭᠤᠶᠤᠴᠢᠯᠠᠭᠴᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠤᠶᠤᠴᠢᠯᠠᠬᠤ ᠴᠠᠭ ᠢ | ᠴᠢᠩᠭ᠎ᠠ ᠵᠢᠷᠤᠮᠯᠠᠨ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠭᠠᠷᠠᠶ᠂ ᠭᠤᠶᠤᠴᠢᠯᠠᠬᠤ ᠴᠠᠭ ᠤᠨ ᠳᠣᠲᠣᠷ᠎ᠠ | ᠮᠠᠲ᠋ᠧᠷᠢᠶᠠᠯ ᠢᠶᠠᠨ ᠲᠤᠰᠢᠶᠠᠬᠤ ᠥᠬᠡᠶ ᠭᠤᠶᠤᠴᠢᠯᠠᠭᠴᠢ ᠶᠢ ᠮᠠᠨ ᠤ ᠲᠣᠪᠴᠢᠶ᠎ᠠ ᠴᠥᠮ ᠭᠥᠯᠢᠶᠡᠨ ᠠᠪᠴᠤ | ᠰᠢᠢᠳᠪᠦᠷᠢᠯᠡᠬᠦ ᠥᠬᠡᠶ᠃ | 2᠂ ᠭᠤᠶᠤᠴᠢᠯᠠᠯ ᠤᠨ ᠮᠠᠲ᠋ᠧᠷᠢᠶᠠᠯ ᠨᠢ ᠨᠡᠶᠢᠴᠡᠪᠡᠯ᠂ ᠭᠥᠯᠢᠶᠡᠨ ᠠᠪᠴᠤ ᠰᠢᠢᠳᠪᠦᠷᠢᠯᠡᠵᠦ ᠠᠮᠵᠢᠯᠲᠠ | ᠣᠯᠤᠭᠰᠠᠨ ᠭᠤᠶᠤᠴᠢᠯᠠᠭᠴᠢ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠤᠲᠠᠰᠤ ᠪᠠᠷ ᠮᠡᠳᠡᠭᠳᠡᠨ᠂ ᠨᠣᠮᠧᠷ ᠰᠤᠭᠤᠯᠬᠤ ᠳᠤ ᠣᠷᠣᠯᠴᠠᠨ᠎ᠠ᠃ | 3᠂ ᠭᠤᠶᠤᠴᠢᠯᠠᠭᠴᠢ ᠵᠥᠪᠬᠡᠨ ᠲᠤᠬᠠᠶ ᠶᠢᠨ ᠲᠠᠯᠠᠪᠤᠷ ᠲᠤ ᠨᠣᠮᠧᠷ ᠰᠤᠭᠤᠯᠬᠤ ᠳᠤ ᠨᠢᠭᠡ ᠯᠡ ᠬᠥᠮᠦᠨ | ᠣᠷᠣᠯᠴᠠᠬᠤ ᠶᠢ ᠵᠥᠪᠰᠢᠶᠡᠷᠡᠨ᠎ᠡ᠂ ᠨᠣᠮᠧᠷ ᠰᠤᠭᠤᠯᠬᠤ ᠳᠤ ᠣᠷᠣᠯᠴᠠᠭᠰᠠᠨ ᠭᠤᠶᠤᠴᠢᠯᠠᠭᠴᠢ ᠡᠷᠬᠡᠪᠰᠢ ᠥᠪᠡᠷ ᠤᠨ | ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠠᠪᠴᠤ᠂ ᠠᠵᠢᠯᠲᠠᠨ ᠢᠶᠠᠷ ᠭᠤᠶᠤᠴᠢᠯᠠᠭᠴᠢ ᠶᠢᠨ ᠪᠡᠶ᠎ᠡ ᠶᠢᠨ ᠬᠢᠷᠢ | ᠬᠡᠮ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠠᠯᠠᠪᠤᠷ ᠲᠤ ᠣᠷᠣᠵᠤ ᠨᠣᠮᠧᠷ ᠰᠤᠭᠤᠯᠬᠤ ᠳᠤ ᠣᠷᠣᠯᠴᠠᠬᠤ ᠬᠡᠷᠡᠭᠲᠡᠶ | ︔ ᠲᠤᠬᠠᠶ ᠶᠢᠨ ᠲᠠᠯᠠᠪᠤᠷ ᠲᠤ ᠬᠦᠷᠴᠦ ᠨᠣᠮᠧᠷ ᠰᠤᠭᠤᠯᠬᠤ ᠳᠤ ᠣᠷᠣᠯᠴᠠᠵᠤ ᠳᠡᠶᠢᠯᠬᠦ ᠥᠬᠡᠶ ᠭᠤᠶᠤᠴᠢᠯᠠᠭᠴᠢ | ᠪᠤᠰᠤᠳ ᠬᠥᠮᠦᠨ ᠳᠤ ᠨᠠᠶᠢᠳᠠᠨ ᠣᠷᠣᠯᠴᠠᠭᠤᠯᠵᠤ ᠪᠣᠯᠤᠨ᠎ᠠ᠂ ᠭᠡᠬᠦ ᠳᠡᠭᠡᠨ ᠭᠤᠶᠤᠴᠢᠯᠠᠭᠴᠢ ᠪᠠ ᠨᠠᠶᠢᠳᠠᠭᠳᠠᠭᠴᠢ | ᠬᠤᠶᠠᠷ ᠲᠠᠯ᠎ᠠ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠵᠤ᠂ ᠠᠵᠢᠯᠲᠠᠨ ᠢᠶᠠᠷ ᠭᠤᠶᠤᠴᠢᠯᠠᠭᠴᠢ ᠪᠠ | ᠨᠠᠶᠢᠳᠠᠭᠳᠠᠭᠴᠢ ᠶᠢᠨ ᠪᠡᠶ᠎ᠡ ᠶᠢᠨ ᠬᠢᠷᠢ ᠬᠡᠮ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠠᠯᠠᠪᠤᠷ ᠲᠤ ᠣᠷᠣᠵᠤ ᠨᠣᠮᠧᠷ | ᠰᠤᠭᠤᠯᠬᠤ ᠳᠤ ᠣᠷᠣᠯᠴᠠᠭᠤᠯᠤᠨ᠎ᠠ᠃ ᠪᠡᠶ᠎ᠡ ᠶᠢᠨ ᠦᠨᠡᠮᠯᠡᠯ ᠤᠨ ᠬᠠᠭᠤᠯᠪᠣᠷᠢ ᠳᠤ ︽ᠵᠥᠪᠬᠡᠨ 2025 ᠣᠨ ᠤ | ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠤ ᠬᠡᠷᠡᠭᠯᠡᠨ᠎ᠡ︾ ᠭᠡᠵᠦ ᠪᠢᠴᠢᠬᠦ ᠴᠢᠬᠤᠯᠠᠲᠠᠶ᠂ ᠪᠡᠶ᠎ᠡ ᠶᠢᠨ | ᠦᠨᠡᠮᠯᠡᠯ ᠤᠨ ᠬᠠᠭᠤᠯᠪᠣᠷᠢ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ | ᠬᠤᠷᠢᠶᠠᠨ ᠠᠪᠤᠨ᠎ᠠ᠃ | 4᠂ ᠴᠠᠭ ᠲᠠᠭᠠᠨ ᠲᠤᠬᠠᠶ ᠶᠢᠨ ᠲᠠᠯᠠᠪᠤᠷ ᠲᠤ ᠬᠦᠷᠴᠦ ᠨᠣᠮᠧᠷ ᠰᠤᠭᠤᠯᠬᠤ ᠳᠤ ᠣᠷᠣᠯᠴᠠᠭᠰᠠᠨ ᠥᠬᠡᠶ | ᠭᠤᠶᠤᠴᠢᠯᠠᠭᠴᠢ ᠶᠢ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠪᠠᠷ ᠭᠤᠶᠤᠴᠢᠯᠠᠬᠤ ᠬᠢᠷᠢ ᠬᠡᠮ ᠢᠶᠠᠨ | ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | 5᠂ ᠨᠣᠮᠧᠷ ᠰᠤᠭᠤᠯᠬᠤ ᠲᠤᠬᠠᠶ ᠶᠢᠨ ᠲᠠᠯᠠᠪᠤᠷ ᠲᠤ ᠢᠯᠡᠷᠡᠭᠦᠯᠦᠭᠰᠡᠨ ᠶᠠᠮᠠᠷᠪᠠ ᠬᠡᠮ ᠦᠢᠯᠡᠳᠬᠦ ᠦᠢᠯᠡ | ᠠᠵᠢᠯᠯᠠᠭ᠎ᠠ ᠶᠢ ᠢᠯᠡᠷᠡᠭᠦᠯᠪᠡᠯ᠂ ᠭᠤᠶᠤᠴᠢᠯᠠᠭᠴᠢ ᠶᠢᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠪᠠᠷ | ᠭᠤᠶᠤᠴᠢᠯᠠᠬᠤ ᠬᠢᠷᠢ ᠬᠡᠮ ᠢ ᠬᠦᠴᠦᠨ ᠥᠬᠡᠶ ᠪᠣᠯᠭᠠᠨ᠎ᠠ᠃ | 6᠂ ᠭᠤᠶᠤᠴᠢᠯᠠᠭᠴᠢ ᠲᠤᠬᠠᠶ ᠶᠢᠨ ᠲᠠᠯᠠᠪᠤᠷ ᠲᠤ ᠤᠷᠢᠳᠴᠢᠯᠠᠨ ᠬᠦᠷᠬᠦ ᠬᠡᠷᠡᠭᠲᠠᠢ᠂ ᠮᠠᠨ ᠤ ᠲᠣᠪᠴᠢᠶ᠎ᠠ | 13:30 —15:00 ᠳᠤ ᠲᠠᠯᠠᠪᠤᠷ ᠲᠤ ᠣᠷᠣᠬᠤ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ | ᠳᠥᠷᠪᠡ᠂ ᠪᠤᠰᠤᠳ ᠵᠦᠢᠯ | 1᠂ ᠰᠢᠯᠢ ᠶᠢᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ | ᠠᠰᠠᠭᠤᠨ ᠯᠠᠪᠯᠠᠬᠤ ᠤᠲᠠᠰᠤ᠄ 0479 — 8107132 | 2᠂ ᠰᠦᠯᠵᠢᠶᠡᠨ ᠲᠡᠭᠡᠷ᠎ᠡ ᠭᠤᠶᠣᠴᠢᠯᠠᠬᠤ ᠠᠷᠭ᠎ᠠ ᠶᠢ ᠵᠢᠭᠠᠨ ᠵᠢᠯᠣᠭᠤᠳᠬᠤ ᠠᠰᠠᠭᠤᠨ ᠯᠠᠪᠯᠠᠬᠤ ᠤᠲᠠᠰᠤ | ᠄ ᠨᠠᠨᠳᠢᠨ 15394793354 ᠃ | | |