ᠠᠷᠠᠳ ᠤᠨ ᠣᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠵᠦ᠂ ᠠᠷᠠᠳ ᠤᠨ ᠰᠠᠨᠠᠭ᠎ᠠ ᠶᠢ ᠲᠤᠰᠬᠠᠵᠤ᠂ | ᠠᠷᠠᠳ ᠤᠨ ᠰᠡᠳᠬᠢᠯ ᠢ ᠨᠢᠭᠲᠠᠷᠠᠭᠤᠯᠬᠤ ᠶᠢᠨ ᠲᠥᠯᠥᠭᠡ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ | ᠠᠰᠠᠭᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ | ᠵᠣᠯ ᠵᠢᠷᠭᠠᠯ ᠤᠨ ᠲᠥᠷᠥᠭᠳᠡᠯ ᠢ ᠦᠨᠡᠨᠬᠦ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠠᠷᠠᠳᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ | ᠬᠠᠤᠯᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠣᠰᠠᠳᠠ᠂ ᠪᠦᠬᠦ ᠬᠤᠲᠠ ᠶᠢᠨ ᠬᠡᠪᠴᠢᠶᠡᠨ ᠳᠤ | ᠥᠷᠭᠡᠨ ᠣᠯᠠᠨ ᠬᠤᠲᠠ ᠶᠢᠨ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠠᠴᠠ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠴᠤᠭᠯᠠᠭᠤᠯᠵᠤ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠴᠠᠭ᠄ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ | 15 ᠤ ᠡᠳᠦᠷ ᠪᠣᠯᠲᠠᠯ᠎ᠠ᠃ | ᠬᠤᠶᠠᠷ᠂ ᠡᠯᠰᠡᠬᠦ ᠠᠭᠤᠯᠭ᠎ᠠ᠄ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ | ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠎ᠠ᠃ ︽ᠠᠷᠠᠳ ᠲᠤ ᠲᠥᠬᠦᠮ ᠦᠵᠡᠭᠦᠯᠬᠦ᠂ ᠠᠷᠠᠳ ᠢ ᠬᠠᠷᠠᠭᠠᠯᠵᠠᠬᠤ᠂ | ᠠᠷᠠᠳ ᠲᠤ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠭᠤᠤᠯᠳᠠᠭᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ | ᠬᠠᠮᠠᠭᠠᠯᠠᠯ᠂ ᠰᠢᠨᠵᠢᠯᠡᠭᠡ ᠮᠡᠷᠭᠡᠵᠢᠯ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠣᠷᠴᠢᠨ ᠲᠣᠭᠤᠷᠢᠨ ᠤ | ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠣᠯᠠᠨ ᠨᠡᠶᠢᠲᠡ ᠶᠢᠨ ᠠᠮᠤᠷ | ᠲᠦᠪᠰᠢᠨ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠨᠠᠰᠤᠵᠢᠯ ᠤᠨ ᠠᠰᠠᠷᠠᠮᠵᠢ ᠬᠡᠤᠬᠡᠳ ᠤᠨ ᠬᠥᠮᠦᠵᠢᠯ ᠵᠡᠷᠭᠡ | ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠵᠦᠢᠯᠡᠰ ᠤᠨ ᠲᠣᠭᠤᠷᠢᠨ ᠳᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ | ᠭᠤᠷᠪᠠ᠂ ᠡᠯᠰᠡᠬᠦ ᠱᠠᠭᠠᠷᠳᠠᠯᠭ᠎ᠠ ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ | ᠬᠠᠤᠯᠢ ᠴᠠᠭᠠᠵᠠ ᠬᠠᠤᠯᠢ ᠲᠣᠭᠲᠠᠭᠠᠯ ᠪᠠ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢᠨ | ᠱᠠᠭᠠᠷᠳᠠᠯᠭ᠎ᠠ ᠳᠤ ᠨᠡᠶᠢᠴᠡᠵᠦ᠂ ᠤᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠪᠠᠶᠢᠬᠤ ᠬᠡᠷᠡᠭᠲᠡᠢ᠂ ᠰᠠᠨᠠᠭᠤᠯᠭ᠎ᠠ ᠭᠠᠷᠭᠠᠭᠰᠠᠨ ᠲᠦᠷᠦᠯ ᠵᠦᠢᠯ ᠨᠢ ᠤᠯᠠᠨ ᠲᠦᠮᠡᠨ ᠤ ᠠᠩᠬᠠᠷᠴᠤ ᠪᠠᠶᠢᠭ᠎ᠠ | ᠬᠡᠮᠵᠢᠶ᠎ᠡ ᠪᠠᠷ ᠥᠨᠳᠥᠷ᠂ ᠠᠷᠠᠳ ᠤᠨ ᠠᠮᠢᠳᠤᠷᠠᠯ ᠲᠠᠢ ᠬᠤᠯᠪᠣᠭᠳᠠᠬᠤ ᠬᠡᠮᠵᠢᠶ᠎ᠡ ᠪᠠᠷ ᠶᠡᠭᠡ ᠪᠠᠶᠢᠬᠤ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ ᠪᠥᠭᠡᠳ ᠲᠦᠭᠡᠮᠡᠯ ᠬᠠᠷᠠᠭᠠᠯᠵᠠᠯ ᠤᠨ ᠴᠢᠨᠠᠷ᠂ ᠨᠡᠶᠢᠲᠡ ᠶᠢᠨ | ᠠᠰᠠᠷᠠᠮᠵᠢ ᠶᠢᠨ ᠴᠢᠨᠠᠷ ᠵᠢᠴᠢ ᠨᠡᠶᠢᠭᠡᠮ ᠤᠨ ᠦᠷ᠎ᠡ ᠠᠰᠢᠭ ᠤᠨ ᠴᠢᠨᠠᠷ ᠲᠠᠢ ᠪᠠᠶᠢᠬᠤ ᠬᠡᠷᠡᠭᠲᠡᠢ᠃ ᠪᠥᠳᠥᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠡᠵᠡᠮᠳᠡᠵᠦ ᠪᠣᠯᠬᠤ ᠴᠢᠨᠠᠷ ᠲᠠᠢ ᠪᠠᠶᠢᠵᠤ᠂ ᠵᠠᠷᠴᠢᠮ | ᠳᠡᠭᠡᠷ᠎ᠡ ᠪᠠᠨ ᠲᠣᠰ ᠣᠨ ᠳᠤ ᠪᠡᠶᠡᠯᠡᠭᠦᠯᠬᠦ ᠬᠡᠷᠡᠭᠲᠡᠶ᠃ | ᠳᠥᠷᠪᠡ᠂ ᠡᠯᠰᠡᠨ ᠴᠤᠭᠯᠠᠭᠤᠯᠬᠤ ᠠᠷᠭ᠎ᠠ ᠮᠠᠶ᠋ᠢᠭ᠄ ᠳᠣᠤᠷᠠᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ | ᠰᠠᠨᠠᠭᠤᠯᠭ᠎ᠠ ᠳᠤᠷᠠᠳᠴᠤ ᠪᠣᠯᠤᠨ᠎ᠠ᠄ | 1᠂ ︽2025 ᠣᠨ ᠤ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠡᠯᠰᠡᠨ ᠴᠤᠭᠯᠠᠭᠤᠯᠬᠤ ᠬᠦᠰᠦᠨᠦᠭᠲᠦ︾ ᠶᠢ ᠪᠠᠭᠤᠯᠭᠠᠨ | ᠠᠪᠴᠤ᠂ ᠲᠦᠷᠢᠮᠵᠢᠭᠦᠨ ᠲᠠᠭᠯᠠᠭᠰᠠᠨ ᠤ ᠳᠠᠷᠠᠭ᠎ᠠ᠂ ᠡᠯᠧᠺᠲᠷᠣᠨ ᠬᠡᠪᠯᠡᠯ ᠤᠨ ᠬᠦᠰᠦᠨᠦᠭᠲᠦ ᠶᠢ ᠰᠢᠤᠳᠠᠨ ᠤ | ᠬᠠᠶᠢᠷᠴᠠᠭ xlhtszfbzxh@163.com ᠳᠤ ᠶᠠᠪᠤᠭᠤᠯᠵᠤ᠂ ᠭᠤᠤᠯ ᠰᠡᠳᠦᠪ ᠨᠢ ︽2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠯᠰᠡᠨ ᠴᠤᠭᠯᠠᠭᠤᠯᠬᠤ︾ ᠪᠠ ᠢᠯᠡᠭᠡᠭᠴᠢ | ᠵᠢᠴᠢ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ | 2᠂ ᠲᠠᠯ᠎ᠠ ᠨᠤᠲᠤᠭ ᠤᠨ ᠭᠡᠷᠡᠯᠳᠦ ᠰᠣᠪᠣᠳ ᠰᠢᠯᠢ ᠶᠢᠨ ᠬᠤᠲᠠ ᠶᠢᠨ ᠸᠢᠴᠠᠲ ᠤᠨ ᠣᠯᠠᠨ ᠨᠡᠶᠢᠲᠡ ᠶᠢᠨ | ᠳ᠋ᠤᠭᠠᠷ ᠲᠤ ᠦᠭᠡ ᠦᠯᠡᠳᠡᠭᠡᠬᠦ ᠳᠡᠭᠡᠨ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠡᠯᠰᠡᠨ ᠴᠤᠭᠯᠠᠭᠤᠯᠬᠤ︾ ᠭᠡᠰᠡᠨ ᠥᠰᠥᠭ ᠢ ᠪᠢᠴᠢᠵᠦ᠂ ᠣᠪᠣᠭ ᠨᠡᠷ᠎ᠡ᠂ ᠬᠠᠷᠢᠯᠴᠠᠬᠤ ᠤᠲᠠᠰᠤ᠂ | ᠣᠲᠣ ᠶᠢᠨ ᠰᠠᠭᠤᠭ᠎ᠠ ᠭᠠᠵᠠᠷ ᠢᠶᠠᠨ ᠲᠣᠳᠣᠷᠬᠠᠶ ᠪᠢᠴᠢᠵᠦ᠂ ᠬᠠᠷᠢᠯᠴᠠᠬᠤ ᠳᠤ ᠲᠥᠬᠦᠮ ᠪᠠᠶᠢᠯᠭᠠᠨ᠎ᠠ᠃ | 3᠂ ᠳᠤᠷᠠᠳᠤᠭᠰᠠᠨ ᠰᠠᠨᠠᠭᠤᠯᠭ᠎ᠠ ᠶᠢ ᠵᠠᠬᠢᠳᠠᠯ ᠢᠶᠠᠷ ᠳᠠᠮᠵᠢᠭᠤᠯᠤᠨ ᠰᠢᠯᠢ ᠶᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠲᠤ ᠢᠯᠡᠭᠡᠨ᠎ᠡ᠂ ᠰᠢᠤᠳᠠᠨ ᠤ ᠳ᠋ᠤᠭᠠᠷ 026000᠂ ᠵᠠᠬᠢᠳᠠᠯ ᠤᠨ ᠳᠤᠭᠲᠤᠶ | ᠳᠡᠭᠡᠷ᠎ᠡ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠢ ᠡᠯᠰᠡᠨ ᠴᠤᠭᠯᠠᠭᠤᠯᠬᠤ | ︾ ᠶᠢ ᠲᠣᠳᠣᠷᠬᠠᠶᠢᠯᠠᠬᠤ ᠶᠢᠨ ᠬᠠᠮᠲᠤ ᠵᠠᠬᠢᠳᠠᠯ ᠳᠤ ᠰᠠᠨᠠᠭᠤᠯᠭ᠎ᠠ ᠭᠠᠷᠭᠠᠭᠴᠢ ᠶᠢᠨ ᠣᠪᠣᠭ ᠨᠡᠷ᠎ᠡ ᠪᠠ ᠬᠠᠷᠢᠯᠴᠠᠬᠤ | ᠠᠷᠭ᠎ᠠ ᠮᠠᠶ᠋ᠢᠭ ᠢ ᠦᠯᠡᠳᠡᠭᠡᠬᠦ ᠬᠡᠷᠡᠭᠲᠡᠶ᠃ | | | 2024 ᠣᠨ ᠤ 12 ᠰᠠᠷ᠎ᠠ ᠶᠢᠨ 3 ᠤ ᠡᠳᠦᠷ | |