ᠴᠡᠷᠢᠭ ᠤᠨ ᠠᠯᠪᠠᠨ ᠳᠤ ᠳᠠᠩᠰᠠᠯᠠᠭᠤᠯᠬᠤ ᠲᠤᠬᠠᠶ ᠶᠢᠨ ᠵᠢᠯ ᠤᠨ 12 ᠰᠠᠷ᠎ᠠ ᠶᠢᠨ 31 ᠤ ᠡᠳᠦᠷ ᠠᠴᠠ | ᠡᠮᠦᠨ᠎ᠡ ᠪᠦᠬᠦᠯᠢ 18 ᠨᠠᠰᠤ ᠬᠦᠷᠦᠭᠰᠡᠨ ᠡᠷᠡᠭᠲᠡᠶ ᠡᠷᠬᠡᠳᠦ ᠠᠷᠠᠳ᠂ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ | ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠨᠢᠭᠡᠨᠲᠡ ᠴᠡᠷᠢᠭ ᠤᠨ | ᠠᠯᠪᠠᠨ ᠳᠤ ᠳᠠᠩᠰᠠᠯᠠᠭᠤᠯᠵᠤ ᠥᠩᠭᠡᠷᠡᠭᠰᠡᠨ ᠪᠥᠭᠡᠳ ᠴᠡᠷᠢᠭ ᠲᠤ ᠣᠷᠣᠬᠤ ᠰᠠᠨᠠᠭ᠎ᠠ ᠲᠠᠢ ᠪᠠᠶᠢᠪᠠᠯ ᠰᠦᠯᠵᠢᠶᠡᠨ | ᠳᠡᠭᠡᠷ᠎ᠡ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ᠳᠤ ᠰᠢᠭᠤᠳ ᠣᠷᠣᠯᠴᠠᠵᠤ ᠪᠣᠯᠤᠨ᠎ᠠ᠃ | ᠠᠩᠬᠠᠨ ᠤ ᠴᠡᠷᠢᠭ ᠤᠨ ᠠᠯᠪᠠᠨ ᠳᠤ ᠪᠦᠷᠢᠳᠬᠡᠭᠦᠯᠬᠦ ᠴᠠᠭ᠄ 1 ᠰᠠᠷ᠎ᠠ ᠶᠢᠨ 1 ᠤ ᠡᠳᠦᠷ ᠠᠴᠠ 9 | ᠰᠠᠷ᠎ᠠ ᠶᠢᠨ 30 ᠤ ᠡᠳᠦᠷ ᠪᠣᠯᠲᠠᠯ᠎ᠠ | ᠡᠷᠡᠭᠲᠡᠶ ᠴᠡᠷᠢᠭ ᠡᠯᠰᠡᠬᠦ | ᠨᠡᠷ᠎ᠡ ᠮᠡᠳᠡᠭᠦᠯᠬᠦ ᠰᠠᠨᠠᠭᠤᠯᠤᠮᠵᠢ᠄ | ᠡᠷᠡᠭᠲᠡᠶ ᠴᠡᠷᠢᠭ ᠨᠡᠷ᠎ᠡ ᠮᠡᠳᠡᠭᠦᠯᠬᠦ ᠠᠴᠠ ᠡᠮᠦᠨ᠎ᠡ ᠡᠷᠬᠡᠪᠰᠢ ᠴᠡᠷᠢᠭ ᠤᠨ ᠠᠯᠪᠠᠨ ᠳᠤ ᠪᠦᠷᠢᠳᠬᠡᠭᠦᠯᠬᠦ ᠬᠡᠷᠡᠭᠲᠡᠶ | ᠃ | ᠪᠥᠬᠦ ᠤᠯᠤᠰ ᠤᠨ ᠴᠡᠷᠢᠭ ᠡᠯᠰᠡᠬᠦ ︵ᠡᠷᠡᠭᠲᠡᠶ ᠴᠡᠷᠢᠭ︶ 2025 ᠣᠨ ᠤ ᠴᠡᠷᠢᠭ ᠲᠤ ᠡᠯᠰᠡᠭᠳᠡᠬᠦ ᠪᠠᠷ | ᠨᠡᠷ᠎ᠡ ᠮᠡᠳᠡᠭᠦᠯᠬᠦ ᠴᠠᠭ | ᠲᠡᠭᠡᠷ᠎ᠡ ᠬᠠᠭᠠᠰ ᠵᠢᠯ ᠳᠤ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ᠄ 2024 ᠣᠨ ᠤ 12 ᠰᠠᠷ᠎ᠠ ᠶᠢᠨ | 1 ᠤ ᠡᠳᠦᠷ ᠠᠴᠠ 2025 ᠣᠨ ᠤ 2 ᠰᠠᠷ᠎ᠠ ᠶᠢᠨ 10 ᠤ ᠡᠳᠦᠷ ᠤᠨ 24 ᠴᠠᠭ᠃ | ᠲᠣᠣᠷ᠎ᠠ ᠬᠠᠭᠠᠰ ᠵᠢᠯ ᠳᠤ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ᠄2024 ᠣᠨ ᠤ 12 ᠰᠠᠷ᠎ᠠ ᠶᠢᠨ | 1 ᠤ ᠡᠳᠦᠷ ᠠᠴᠠ 2025 ᠣᠨ ᠤ 8 ᠰᠠᠷ᠎ᠠ ᠶᠢᠨ 10 ᠤ ᠡᠳᠦᠷ ᠤᠨ 24 ᠴᠠᠭ᠃ | ᠡᠷᠡᠭᠲᠡᠶ ᠴᠡᠷᠢᠭ ᠲᠤ ᠡᠯᠰᠡᠭᠳᠡᠬᠦ ᠳᠤ ᠨᠡᠷ᠎ᠡ ᠮᠡᠳᠡᠭᠦᠯᠬᠦ ᠡᠳᠡᠭᠡᠳ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ | ᠲᠡᠭᠦᠰᠦᠭᠰᠡᠨ ᠰᠣᠷᠣᠭᠴᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ | ᠳᠡᠭᠡᠳᠦ ᠰᠤᠷᠭᠠᠭᠤᠯᠢ ᠳᠤ ᠰᠣᠷᠣᠯᠴᠠᠵᠣ ᠪᠠᠶᠢᠭ᠎ᠠ ᠰᠣᠷᠣᠭᠴᠢ ᠶᠢ ᠪᠠᠭᠲᠠᠭᠠᠨ᠎ᠠ︶ ᠢ ᠡᠯᠰᠡᠨ᠎ᠡ᠂ ᠪᠦᠬᠦᠯᠢ | 18 ᠠᠴᠠ ᠪᠦᠬᠦᠯᠢ 22 ᠨᠠᠰᠤ ︵2003 ᠣᠨ ᠤ 1 ᠰᠠᠷ᠎ᠠ ᠶᠢᠨ 1 ᠤ ᠡᠳᠦᠷ — 2007 ᠣᠨ ᠤ 12 | ᠰᠠᠷ᠎ᠠ ᠶᠢᠨ 31 ᠤ ᠡᠳᠦᠷ ᠲᠥᠷᠦᠭᠰᠡᠨ︶ ᠬᠦᠷᠦᠭᠰᠡᠨ︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠣᠷᠣᠭᠴᠢ᠂ ᠳᠡᠭᠡᠷ᠎ᠡ ᠬᠠᠭᠠᠰ ᠵᠢᠯ ᠳᠤ | ᠲᠡᠭᠦᠰᠬᠦ ᠨᠥᠬᠦᠴᠡᠯ ᠳᠤ ᠨᠡᠶᠢᠴᠡᠭᠰᠡᠨ ᠲᠡᠭᠦᠰᠬᠦ ᠠᠩᠭᠢ ᠶᠢᠨ ᠰᠣᠷᠣᠭᠴᠢ᠂ ᠪᠦᠬᠦᠯᠢ 18 — 24 ᠨᠠᠰᠤ | ᠭᠦᠷᠦᠭᠰᠡᠨ ᠪᠠᠶᠢᠬᠤ ᠬᠡᠷᠡᠭᠲᠡᠶ︔ ᠰᠤᠳᠤᠯᠬᠤ ᠰᠣᠷᠣᠭᠴᠢ ᠲᠡᠭᠦᠰᠦᠭᠰᠡᠨ ᠰᠣᠷᠣᠭᠴᠢ ᠵᠢᠴᠢ ᠰᠤᠷᠭᠠᠭᠤᠯᠢ ᠳᠤ | ᠪᠠᠶᠢᠭ᠎ᠠ ᠰᠣᠷᠣᠭᠴᠢ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠲᠠᠯᠪᠢᠨ᠎ᠠ︔ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠡᠷᠡᠭᠲᠡᠶ ᠵᠠᠯᠠᠭᠤ᠂ ᠪᠦᠬᠦᠯᠢ 18 ᠨᠠᠰᠤᠨ ᠠᠴᠠ | ᠪᠦᠬᠦᠯᠢ 20 ᠨᠠᠰᠤ ᠬᠦᠷᠦᠭᠰᠡᠠ ᠪᠠᠶᠢᠬᠤ ᠬᠡᠷᠡᠭᠲᠠᠢ᠃ | ᠡᠮᠡᠭᠲᠡᠶ ᠴᠡᠷᠢᠭ ᠡᠯᠰᠡᠬᠦ | ᠪᠦᠬᠦ ᠤᠯᠤᠰ ᠤᠨ ᠴᠡᠷᠢᠭ ᠲᠤ ᠡᠯᠰᠡᠭᠳᠡᠬᠦ ︵ᠡᠮᠡᠭᠲᠡᠶ ᠴᠡᠷᠢᠭ︶ 2025 ᠣᠨ ᠤ ᠴᠡᠷᠢᠭ ᠲᠤ ᠡᠯᠰᠡᠭᠳᠡᠬᠦ | ᠨᠡᠷ᠎ᠡ ᠮᠡᠳᠡᠭᠦᠯᠬᠦ ᠴᠠᠭ | ᠳᠡᠭᠡᠷ᠎ᠡ ᠬᠠᠭᠠᠰ ᠵᠢᠯ ᠳᠤ ᠡᠯᠰᠡᠭᠳᠡᠬᠦ ᠪᠠᠷ ᠨᠡᠷ᠎ᠡ ᠮᠡᠳᠡᠭᠦᠯᠬᠦ ᠄ 2025 ᠣᠨ ᠤ 1 ᠰᠠᠷ᠎ᠠ ᠶᠢᠨ 1 ᠤ | ᠡᠳᠦᠷ ᠠᠴᠠ 2025 ᠣᠨ ᠤ 2 ᠰᠠᠷ᠎ᠠ ᠶᠢᠨ 10 ᠤ ᠡᠳᠦᠷ ᠤᠨ 24 ᠴᠠᠭ᠃ | ᠳᠣᠣᠷ᠎ᠠ ᠬᠠᠭᠠᠰ ᠵᠢᠯ ᠳᠤ ᠡᠯᠰᠡᠭᠳᠡᠬᠦ ᠪᠠᠷ ᠨᠡᠷ᠎ᠡ ᠮᠡᠳᠡᠭᠦᠯᠬᠦ᠄ 2025 ᠣᠨ ᠤ 7 ᠰᠠᠷ᠎ᠠ ᠶᠢᠨ 1 ᠤ | ᠡᠳᠦᠷ ᠠᠴᠠ 2025 ᠣᠨ ᠤ 8 ᠰᠠᠷ᠎ᠠ ᠶᠢᠨ 10 ᠤ ᠡᠳᠦᠷ ᠤᠨ 24 ᠴᠠᠭ ᠃ | ᠡᠮᠡᠭᠲᠡᠶ ᠴᠡᠷᠢᠭ ᠤᠨ ᠨᠡᠷ᠎ᠡ ᠮᠡᠳᠡᠭᠦᠯᠬᠦ ᠡᠲᠡᠭᠡᠳ | ᠳᠡᠭᠡᠷ᠎ᠡ ᠬᠠᠭᠠᠰ ᠵᠢᠯ ᠳᠤ ᠨᠡᠷ᠎ᠡ ᠮᠡᠳᠡᠭᠦᠯᠬᠦ᠄ ᠡᠩ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ | ᠪᠠᠶᠢᠭ᠎ᠠ ᠰᠣᠷᠣᠭᠴᠢ᠂ ᠪᠦᠬᠦᠯᠢ 18 — 22 ᠪᠦᠬᠦᠯᠢ ᠨᠠᠰᠤ ︵2003 ᠣᠨ ᠤ 1 ᠰᠠᠷ᠎ᠠ ᠶᠢᠨ 1 ᠤ ᠡᠳᠦᠷ | — 2007 ᠣᠨ ᠤ 12 ᠰᠠᠷ᠎ᠠ ᠶᠢᠨ 31 ᠤ ᠡᠳᠦᠷ ᠲᠥᠷᠦᠭᠰᠡᠨ︶ ᠬᠦᠷᠴᠦ᠂ ᠪᠦᠬᠦᠯᠢ ᠡᠳᠦᠷ ᠤᠨ ᠳᠦᠷᠢᠮᠲᠦ | ᠰᠤᠳᠤᠯᠬᠤ ᠰᠣᠷᠣᠭᠴᠢ ᠶᠢᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ | ᠰᠣᠷᠣᠭᠴᠢ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠲᠠᠯᠪᠢᠨ᠎ᠠ︔ 2024 ᠣᠨ ᠳᠤ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ | ᠠᠩᠭᠢ ᠶᠢᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ 2025 ᠣᠨ ᠤ ᠳᠡᠭᠡᠷ᠎ᠡ ᠬᠠᠭᠠᠰ ᠵᠢᠯ ᠳᠤ ᠡᠮᠡᠭᠲᠡᠶ | ᠴᠡᠷᠢᠭ ᠡᠯᠰᠡᠬᠦ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠂ ᠨᠠᠰᠤ ᠶᠢ ᠨᠢ ᠪᠦᠬᠦᠯᠢ 23 ᠨᠠᠰᠤ ᠬᠦᠷᠲᠡᠯ᠎ᠡ | ᠠᠭᠤᠵᠢᠭᠤ ᠲᠠᠯᠪᠢᠨ᠎ᠠ᠃ | ᠳᠣᠣᠷ᠎ᠠ ᠬᠠᠭᠠᠰ ᠵᠢᠯ ᠳᠤ ᠨᠡᠷ᠎ᠡ ᠮᠡᠳᠡᠭᠦᠯᠬᠦ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠲᠤᠰ ᠬᠤᠭᠤᠴᠠᠭᠠᠨ ᠤ ᠲᠡᠭᠦᠰᠬᠦ ᠰᠤᠷᠤᠭᠴᠢ᠂ ᠡᠩ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠤᠷᠤᠭᠴᠢ ᠵᠢᠴᠢ ᠰᠤᠷᠭᠠᠭᠤᠯᠢ ᠳᠤ | ᠪᠠᠶᠢᠭ᠎ᠠ ᠰᠤᠷᠤᠭᠴᠢ᠂ ᠪᠦᠬᠦᠯᠢ 18 ᠨᠠᠰᠤᠨ ᠠᠴᠠ 22 ᠪᠦᠬᠦᠯᠢ ᠨᠠᠰᠤ ᠬᠦᠷᠦᠭᠰᠡᠨ ︵2003 ᠣᠨ ᠤ 1 | ᠰᠠᠷ᠎ᠠ ᠶᠢᠨ 1 ᠤ ᠡᠳᠦᠷ 2007 ᠣᠨ ᠤ 12 ᠰᠠᠷ᠎ᠠ ᠶᠢᠨ 31 ᠤ ᠡᠳᠦᠷ ᠲᠥᠷᠦᠭᠰᠡᠨ︶᠂ ᠪᠦᠬᠦᠯᠢ | ᠡᠳᠦᠷ ᠤᠨ ᠳᠦᠷᠢᠮᠲᠦ ᠰᠤᠳᠤᠯᠬᠤ ᠰᠤᠷᠤᠭᠴᠢ ᠶᠢᠨ ᠲᠤᠰ ᠬᠤᠭᠤᠴᠠᠭᠠᠨ ᠤ ᠲᠡᠭᠦᠰᠬᠦ ᠰᠤᠷᠤᠭᠴᠢ ᠵᠢᠴᠢ | ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠲᠠᠯᠪᠢᠨ᠎ᠠ᠃ | ᠨᠡᠷ᠎ᠡ ᠮᠡᠳᠡᠭᠦᠯᠬᠦ ᠠᠷᠭ᠎ᠠ᠄ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ᠠᠯᠪᠠᠨ ᠤ ᠰᠦᠯᠵᠢᠶᠡᠨ ᠥᠷᠳᠡᠭᠡ᠄ | www.gfbzb.gov.cn᠂ ᠲᠣᠮᠳᠠᠳᠣ ᠣᠯᠣᠰ ᠤᠨ ᠴᠡᠷᠢᠭ ᠤᠨ ᠨᠣᠮᠧᠷ ᠤᠨ App | |