ᠥᠨᠥᠳᠦᠷ ᠠᠴᠠ ᠡᠬᠢᠯᠡᠨ ᠡᠯᠧᠺᠲᠷᠣᠨ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠴᠤ ᠪᠣᠯᠤᠨ᠎ᠠ
ᠨᠡᠶᠢᠲᠡᠯᠡᠭᠰᠡᠨ ᠴᠠᠭ᠄
2024/12/4
     ᠡᠨᠡ ᠵᠢᠯ ᠤᠨ 12 ᠰᠠᠷ᠎ᠠ ᠶᠢᠨ 2 ᠤ ᠡᠳᠦᠷ  ᠪᠣᠯ ᠠᠷᠪᠠᠨ ᠭᠤᠷᠪᠠᠳᠤᠭᠠᠷ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠪᠣᠯᠤᠨ᠎ᠠ᠂ ︽ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠨ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪ ᠲᠠᠢ᠃ ᠰᠤᠷᠪᠤᠯᠵᠢᠯᠠᠭᠴᠢ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠨᠢ᠂ ᠡᠨᠡ ᠵᠢᠯ ᠤᠨ 12 ᠰᠠᠷ᠎ᠠ ᠶᠢᠨ 2 ᠤ ᠡᠳᠦᠷ ᠠᠴᠠ ᠡᠬᠢᠯᠡᠨ᠂ ᠮᠠᠰᠢᠨ ᠲᠡᠷᠭᠡᠨ ᠤ ᠠᠶᠠᠯᠠᠨ ᠶᠠᠪᠤᠬᠤ ᠦᠨᠡᠮᠯᠡᠯ ᠢ ᠡᠯᠤᠺᠲᠷᠤᠨᠴᠢᠯᠠᠬᠤ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠪᠣᠶ ᠪᠥᠬᠦᠶ ᠮᠠᠰᠢᠨ ᠲᠡᠷᠭᠡᠨ ᠤ ᠵᠢᠯᠣᠭᠤᠴᠢ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠡᠯᠧᠺᠲᠷᠣᠨ ᠵᠢᠯᠣᠭᠤᠴᠢ ᠶᠢᠨ ᠦᠨᠡᠮᠯᠡᠯ ᠭᠤᠶᠤᠴᠢᠯᠠᠵᠤ ᠪᠣᠯᠤᠨ᠎ᠠ᠃ ᠡᠨᠡ ᠵᠢᠯ ᠤᠨ 7 ᠰᠠᠷ᠎ᠠ ᠶᠢᠨ 1 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 8 ᠵᠦᠢᠯ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠤᠯᠤᠰ ᠲᠤ ᠮᠠᠰᠢᠨ ᠲᠡᠷᠭᠡᠨ ᠤ ᠠᠶᠠᠯᠠᠨ ᠶᠠᠪᠤᠬᠤ ᠦᠨᠡᠮᠯᠡᠯ ᠢ ᠡᠯᠤᠺᠲᠷᠤᠨᠴᠢᠯᠠᠬᠤ ᠶᠢ ᠪᠦᠯᠦᠭ ᠬᠤᠪᠢᠶᠠᠨ ᠳᠡᠯᠭᠡᠷᠡᠭᠦᠯᠦᠨ ᠬᠡᠷᠡᠭᠯᠡᠪᠡ᠃ ᠣᠲᠣ ᠪᠣᠯᠲᠠᠯ᠎ᠠ᠂ ᠨᠢᠭᠡᠨᠲᠡ 8600 ᠭᠠᠷᠤᠶ ᠲᠦᠮᠡᠨ ᠲᠡᠷᠭᠡᠨ ᠤ  ᠵᠢᠯᠣᠭᠤᠴᠢ ᠳᠤ ᠡᠯᠧᠺᠲᠷᠣᠨ ᠵᠢᠯᠣᠭᠤᠴᠢ ᠶᠢᠨ ᠦᠨᠡᠮᠯᠡᠯ ᠣᠯᠭᠤᠵᠤ᠂ ᠰᠦᠯᠵᠢᠶᠡᠨ ᠳᠡᠭᠡᠷ᠎ᠡ ︽ᠭᠡᠷᠡᠴᠢ︾᠂ ︽ᠺᠣᠳ᠋︾ ᠬᠠᠩᠭᠠᠬᠤ ᠦᠢᠯᠡᠴᠢᠯᠡᠭᠡ ᠬᠠᠩᠭᠠᠵᠤ ᠪᠠᠶᠢᠨ᠎ᠠ᠃ ᠣᠶᠢᠯᠠᠭᠠᠭᠰᠠᠨ ᠢᠶᠠᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠨᠠᠰᠢ᠂ ᠨᠢᠭᠡᠨᠲᠡ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠤ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠭᠠᠷᠤᠶ ᠲᠥᠭᠦᠷᠢᠭ ᠬᠥᠩᠭᠡᠯᠡᠭᠰᠡᠨ ᠪᠠᠶᠢᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号