ᠰᠢᠯᠢ ᠶᠢᠨ ᠬᠤᠲᠠ ᠶᠢᠨ 2025 ᠣᠨ ᠤ ᠴᠡᠷᠢᠭ ᠤᠨ ᠠᠯᠪᠠᠨ ᠤ ᠳᠡᠩᠰᠡᠯᠡᠯᠲᠡ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/12/7
     ᠴᠡᠷᠢᠭ ᠤᠨ ᠠᠯᠪᠠᠨ ᠳᠤ ᠳᠠᠩᠰᠠᠯᠠᠭᠤᠯᠬᠤ ᠪᠣᠯ ᠤᠯᠤᠰ ᠠᠴᠠ ᠨᠠᠰᠤᠨ ᠳᠤ ᠬᠦᠷᠦᠭᠰᠡᠨ ᠠᠷᠠᠳ ᠢᠷᠭᠡᠨ ᠢ ᠬᠠᠤᠯᠢ ᠶᠣᠰᠣᠭᠠᠷ ᠳᠠᠩᠰᠠᠯᠠᠭᠤᠯᠤᠨ ᠬᠠᠮᠢᠶᠠᠷᠬᠤ ᠶᠠᠪᠤᠳᠠᠯ ᠮᠥᠨ᠂ ᠨᠠᠰᠤᠨ ᠳᠤ ᠬᠦᠷᠦᠭᠰᠡᠨ ᠡᠷᠡᠭᠲᠡᠶ ᠠᠷᠠᠳ ᠨᠢᠭᠡᠪᠦᠷᠢ ᠶᠢᠨ ᠡᠷᠬᠡᠪᠰᠢ ᠭᠦᠢᠴᠡᠳᠬᠡᠬᠦ ᠬᠡᠷᠡᠭᠲᠡᠶ ᠬᠠᠤᠯᠢ ᠪᠠᠷ ᠲᠣᠭᠲᠠᠭᠠᠭᠰᠠᠨ ᠡᠭᠦᠷᠭᠡ ᠮᠥᠨ᠃ ᠴᠡᠷᠢᠭ ᠲᠤ ᠤᠷᠤᠭᠰᠠᠨ ᠡᠰᠡᠬᠦ ᠶᠢ ᠬᠠᠮᠢᠶᠠᠷᠤᠯ ᠦᠭᠡᠢ ᠪᠠᠷ ᠴᠥᠮ ᠴᠡᠷᠢᠭ ᠤᠨ ᠠᠯᠪᠠᠨ ᠳᠤ ᠳᠠᠩᠰᠠᠯᠠᠭᠤᠯᠬᠤ ᠬᠡᠷᠡᠭᠲᠡᠶ᠃ ᠴᠡᠷᠢᠭ ᠤᠨ ᠠᠯᠪᠠᠨ ᠳᠤ ᠪᠦᠷᠢᠳᠬᠡᠭᠦᠯᠬᠦ ᠥᠬᠡᠶ᠂ ᠴᠡᠷᠢᠭ ᠤᠨ ᠠᠯᠪᠠᠨ ᠳᠤ ᠪᠦᠷᠢᠳᠬᠡᠭᠦᠯᠬᠦ ᠠᠴᠠ ᠵᠠᠶᠢᠯᠠᠬᠤ ᠪᠤᠶᠤ ᠲᠠᠲᠠᠭᠠᠯᠵᠠᠬᠤ ᠠᠷᠠᠳ ᠢᠷᠭᠡᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠥᠭᠡᠳ ᠰᠤᠷᠭᠠᠭᠤᠯᠢ ᠳᠡᠪᠰᠢᠬᠦ᠂ ᠠᠵᠢᠯ ᠤᠯᠬᠤ᠂ ᠠᠯᠪᠠᠨ ᠤ ᠰᠢᠯᠭᠠᠯᠲᠠ ᠳᠤ ᠣᠷᠣᠯᠴᠠᠬᠤ᠂ ᠭᠠᠳᠠᠭᠠᠳᠤ ᠳᠤ ᠭᠠᠷᠬᠤ ᠵᠡᠷᠭᠡ ᠶᠢ ᠨᠥᠯᠥᠭᠡᠯᠡᠨ᠎ᠡ᠃      ᠨᠢᠭᠡ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠡᠳᠡᠭᠡᠳ      ᠡᠷᠦᠬᠡ ᠠᠮᠠ ᠶᠢᠨ ᠲᠠᠩᠰᠠ ᠨᠢ  ᠰᠢᠯᠢ ᠶᠢᠨ ᠬᠤᠲᠠ ᠳᠤ ᠪᠠᠶᠢᠭ᠎ᠠ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 ᠨᠠᠰᠤ ᠬᠦᠷᠦᠭᠰᠡᠨ ᠡᠷᠡᠭᠲᠡᠶ ᠠᠷᠠᠳ ᠢᠷᠭᠡᠨ ︵2007 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠣ ᠲᠥᠷᠥᠭᠰᠡᠨ︶ ᠴᠥᠮ ᠬᠠᠤᠯᠢ ᠶᠣᠰᠣᠭᠠᠷ ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠭᠦᠢᠴᠡᠳᠬᠡᠬᠦ ᠬᠡᠷᠡᠭᠲᠡᠶ᠃      ᠬᠤᠶᠠᠷ᠂ ᠴᠡᠷᠢᠭ ᠤᠨ ᠠᠯᠪᠠᠨ ᠳᠤ  ᠲᠠᠩᠰᠠᠯᠠᠭᠤᠯᠬᠤ ᠠᠯᠬᠤᠮ ᠲᠠᠷᠠᠭ᠎ᠠ      ︵ᠨᠢᠭᠡ︶ ᠰᠦᠯᠵᠢᠶᠡᠨ ᠳᠡᠭᠡᠷ᠎ᠡ ᠲᠠᠩᠰᠠᠯᠠᠭᠤᠯᠬᠤ᠃ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠲᠡᠭᠡᠷ᠎ᠡ ᠲᠠᠩᠰᠠᠯᠠᠬᠤ ᠬᠦᠮᠦᠰ ᠬᠤᠪᠢ ᠬᠥᠮᠦᠨ ᠤ ᠮᠡᠳᠡᠭᠡ ᠵᠠᠩᠭᠢ  ᠪᠠᠨ 2025 ᠣᠨ ᠤ 1 ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠤᠰᠬᠠᠭᠠᠷᠠᠶ᠂ ᠪᠣᠳᠠᠲᠠᠶ ᠠᠯᠬᠤᠮ ᠳᠠᠷᠠᠭ᠎ᠠ ᠨᠢ ᠳᠣᠤᠷᠠᠬᠢ ᠮᠡᠲᠦ᠄      1᠂ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠶᠢᠨ ᠲᠦᠷᠦᠭᠦᠤ ᠨᠢᠭᠤᠷ ᠲᠤ ︽ᠴᠡᠷᠢᠭ ᠤᠨ ᠠᠯᠪᠠᠨ ᠤ ᠳᠡᠩᠰᠡᠯᠡᠯᠲᠡ︾ ᠶᠢ ᠲᠣᠪᠴᠢᠳᠠᠨ᠎ᠠ᠂ ᠡᠨᠡ ᠬᠦ ᠬᠠᠭᠤᠳᠠᠰᠤᠨ ᠳᠤ ᠴᠡᠷᠢᠭ ᠡᠯᠰᠡᠬᠦ ᠨᠡᠷ᠎ᠡ ᠮᠡᠳᠡᠭᠦᠯᠬᠦ ᠴᠠᠭ ᠵᠢᠴᠢ ᠴᠡᠷᠢᠭ ᠲᠤ ᠣᠷᠣᠬᠤ ᠲᠥᠷᠥ ᠶᠢᠨ ᠪᠣᠳᠣᠯᠭ᠎ᠠ ᠶᠢᠨ ᠲᠣᠳᠣᠷᠬᠠᠶᠢᠯᠠᠯᠲᠠ ᠶᠢ ᠬᠡᠯᠡᠵᠦ ᠥᠭᠭᠦᠨ᠎ᠡ᠂ ᠴᠡᠷᠢᠭ ᠲᠤ ᠣᠷᠣᠬᠤ ᠬᠦᠰᠡᠯ ᠲᠠᠢ ᠵᠠᠯᠠᠭᠤᠴᠤᠳ ᠠᠩᠬᠠᠷᠤᠯ ᠳᠠᠭᠠᠨ ᠠᠪᠬᠤ ᠶᠢᠨ ᠬᠠᠮᠲᠤ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ  ᠲᠡᠭᠡᠷ᠎ᠡ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠵᠦ ᠪᠣᠯᠤᠨ᠎ᠠ  ᠃      2᠂ ᠲᠡᠮᠳᠡᠭᠯᠡᠬᠦ ᠴᠣᠩᠬᠤᠪᠴᠢ ᠳᠤ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠲᠠᠩᠰᠠᠨ ᠨᠣᠮᠧᠷ  ᠢᠶᠠᠨ ᠲᠠᠭᠯᠠᠵᠣ᠂ ᠲᠡᠮᠳᠡᠭᠯᠡᠬᠦ ᠰᠢᠰᠲ᠋ᠧᠮ ᠢ ᠣᠷᠣᠭᠤᠯᠤᠭᠰᠠᠨ ᠤ ᠳᠠᠷᠠᠭ᠎ᠠ᠂ ︽ᠴᠡᠷᠢᠭ ᠤᠨ ᠠᠯᠪᠠᠨ ᠤ ᠳᠡᠩᠰᠡᠯᠡᠯᠲᠡ︾ ᠶᠢ ᠳᠠᠷᠤᠪᠠᠯ ᠳᠠᠷᠤᠶ ᠴᠡᠷᠢᠭ ᠤᠨ ᠠᠯᠪᠠᠨ ᠤ ᠳᠡᠩᠰᠡᠯᠡᠯᠲᠡ ᠬᠢᠵᠦ ᠪᠣᠯᠤᠨ᠎ᠠ︕ ᠳᠠᠩᠰᠠᠨ ᠤ ᠨᠣᠮᠧᠷ ᠢᠶᠠᠨ ᠳᠠᠩᠰᠠᠯᠠᠭᠤᠯᠤᠭᠰᠠᠨ ᠦᠭᠡᠢ ᠪᠣᠯ ᠶᠠᠭᠠᠬᠢᠵᠤ ᠲᠡᠮᠳᠡᠭᠯᠡᠬᠦ ᠪᠤᠢ︖ ᠡᠨᠡ ᠦᠶ᠎ᠡ ᠳᠤ ᠴᠢ ᠵᠥᠪᠬᠡᠨ ᠨᠢᠭᠤᠷ ᠲᠡᠭᠡᠷᠡᠬᠢ ︽ᠳᠠᠩᠰᠠᠯᠠᠭᠤᠯᠬᠤ︾ ᠲᠣᠪᠴᠢ ᠶᠢ ᠳᠠᠷᠤᠵᠤ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠲᠠᠩᠰᠠᠨ ᠨᠣᠮᠧᠷ ᠢ ᠳᠠᠩᠰᠠᠯᠠᠭᠤᠯᠤᠭᠰᠠᠨ ᠤ ᠳᠠᠷᠠᠭ᠎ᠠ ᠲᠡᠮᠳᠡᠭᠯᠡᠪᠡᠯ ᠪᠣᠯᠴᠢᠬᠠᠨ᠎ᠠ᠃      3᠂ ︽ᠴᠡᠷᠢᠭ ᠤᠨ ᠠᠯᠪᠠᠨ ᠤ ᠳᠡᠩᠰᠡᠯᠡᠯᠲᠡ ᠶᠢ ᠡᠬᠢᠯᠡᠭᠦᠯᠬᠦ︾ ᠲᠣᠪᠴᠢ ᠶᠢ ᠳᠠᠷᠤᠭᠰᠠᠨ ᠤ ᠳᠠᠷᠠᠭ᠎ᠠ᠂ ᠴᠡᠷᠢᠭ ᠤᠨ ᠠᠯᠪᠠᠨ ᠤ ᠳᠡᠩᠰᠡᠯᠡᠯᠲᠡ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ ᠬᠠᠭᠤᠳᠠᠰᠤᠨ ᠳᠤ ᠣᠷᠣᠭᠤᠯᠤᠨ᠎ᠠ᠃ ᠦᠨᠳᠦᠰᠦᠲᠡᠨ᠂ ᠤᠯᠤᠰ ᠲᠥᠷᠥ ᠶᠢᠨ ᠪᠠᠶᠢᠳᠠᠯ᠂ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭ᠎ᠠ ᠭᠠᠵᠠᠷ᠂ ᠣᠭ ᠨᠤᠲᠤᠭ᠂ ᠣᠷᠤᠭ ᠤᠨ ᠪᠠᠶᠢᠳᠠᠯ᠂ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ︵ᠰᠤᠷᠤᠯᠭ᠎ᠠ ᠶᠢᠨ ᠨᠠᠮᠲᠠᠷ᠂ ᠰᠤᠷᠤᠯᠭ᠎ᠠ ᠶᠢᠨ ᠪᠠᠶᠢᠳᠠᠯ᠂ ᠰᠤᠷᠭᠠᠭᠤᠯᠢ ᠶᠢᠨ ᠨᠡᠷᠡᠶᠢᠳᠦᠯ᠂ ᠰᠣᠷᠣᠭᠰᠠᠨ ᠲᠤᠰᠬᠠᠶ ᠮᠡᠷᠭᠡᠵᠢᠯ︶᠂ ᠠᠵᠢᠯ ᠡᠷᠭᠢᠯᠡᠬᠦ ᠲᠥᠷᠥᠯ ᠢᠯᠭᠠᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠡᠷᠦᠬᠡ ᠠᠮᠠ ᠶᠢᠨ ᠬᠠᠷᠢᠶ᠎ᠠ ᠶᠢᠨ ᠲᠥᠷᠥᠯ ᠢᠯᠭᠠᠯ᠂ ᠬᠥᠮᠦᠨ ᠤ ᠭᠠᠭᠴᠠ ᠬᠡᠤᠬᠡᠳ ᠡᠰᠡᠬᠦ᠂ ᠬᠠᠷᠢᠯᠴᠠᠬᠤ ᠤᠲᠠᠰᠤ ︵ᠬᠤᠪᠢ ᠬᠥᠮᠦᠨ ᠤ ᠭᠠᠷ ᠤᠲᠠᠰᠤᠨ ᠤ ᠨᠣᠮᠧᠷ᠂ ᠬᠡᠷ ᠪᠦᠯᠢ ᠶᠢᠨ ᠤᠲᠠᠰᠤ︶᠂ ᠬᠡᠷ ᠪᠦᠯᠢ ᠶᠢᠨ ᠬᠠᠶ᠋ᠢᠭ ᠵᠡᠷᠭᠡ ᠮᠡᠳᠡᠭᠡ ᠵᠠᠩᠭᠢ ᠶᠢ ᠲᠠᠭᠯᠠᠨ᠂  ᠲᠣᠰᠢᠶᠠᠭᠰᠠᠨ  ᠤ ᠳᠠᠷᠠᠭ᠎ᠠ ᠳᠠᠷᠤᠶ ᠰᠦᠯᠵᠢᠶᠡᠨ ᠳᠡᠭᠡᠷ᠎ᠡ ᠴᠡᠷᠢᠭ ᠤᠨ ᠠᠯᠪᠠᠨ ᠳᠤ ᠳᠡᠩᠰᠡᠯᠡᠵᠦ ᠲᠠᠭᠤᠰᠣᠨ᠎ᠠ᠃ ᠰᠦᠯᠵᠢᠶᠡᠨ ᠤ ᠬᠠᠶ᠋ᠢᠭ᠄ www.gfbzb.gov.cn      ︵ᠬᠤᠶᠠᠷ︶ ᠲᠤᠬᠠᠶ ᠶᠢᠨ ᠲᠠᠯᠠᠪᠤᠷ ᠲᠤ ᠨᠤᠲᠠᠯᠠᠬᠤ᠃ ᠰᠦᠯᠵᠢᠶᠡᠨ ᠳᠡᠭᠡᠷ᠎ᠡ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠤ ᠳᠠᠷᠠᠭ᠎ᠠ᠂ 2025 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠴᠡᠷᠢᠭ ᠤᠨ ᠠᠯᠪᠠᠨ ᠤ ᠪᠦᠷᠢᠳᠬᠡᠯ ᠤᠨ ᠬᠠᠭᠤᠳᠠᠰᠤᠨ ᠳᠤ ︽ᠡᠷᠡᠭᠲᠡᠶ ᠠᠷᠠᠳ ᠢᠷᠭᠡᠨ ᠤ ᠴᠡᠷᠢᠭ ᠤᠨ ᠠᠯᠪᠠᠨ ᠤ ᠪᠦᠷᠢᠳᠬᠡᠯ / ᠡᠯᠰᠡᠭᠳᠡᠬᠦ ᠨᠡᠷ᠎ᠡ ᠮᠡᠳᠡᠭᠦᠯᠬᠦ ᠬᠦᠰᠦᠨᠦᠭᠲᠦ︾ ︽ᠡᠷᠡᠭᠲᠡᠶ ᠠᠷᠠᠳ ᠢᠷᠭᠡᠨ ᠤ ᠴᠡᠷᠢᠭ ᠤᠨ ᠠᠯᠪᠠᠨ ᠤ ᠪᠦᠷᠢᠳᠬᠡᠯ ᠤᠨ ᠬᠦᠰᠦᠨᠦᠭᠲᠦ / ᠡᠯᠰᠡᠭᠳᠡᠬᠦ ᠨᠡᠷ᠎ᠡ ᠮᠡᠳᠡᠭᠦᠯᠬᠦ ᠦᠯᠡᠳᠡᠭᠡᠰᠦ︾ ᠶᠢ ᠪᠠᠭᠤᠯᠭᠠᠨ ᠳᠠᠷᠤᠮᠠᠯᠯᠠᠵᠤ᠂ ᠲᠣᠰ ᠬᠥᠮᠦᠨ ᠪᠤᠶᠤ ᠬᠡᠷ ᠤᠨ ᠬᠥᠮᠦᠰ ᠲᠤ ᠪᠠᠨ ᠨᠠᠶᠢᠳᠠᠨ ᠲᠣᠰ ᠬᠦᠰᠦᠨᠦᠭᠲᠦ ᠵᠢᠴᠢ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ᠂ ᠰᠣᠷᠭᠠᠭᠤᠯᠢ ᠶᠢᠨ ᠦᠨᠡᠮᠯᠡᠯ ︵ᠰᠤᠷᠤᠯᠭ᠎ᠠ ᠶᠢᠨ ᠨᠠᠮᠲᠠᠷ ᠤᠨ ᠭᠡᠷᠡᠴᠢ︶᠂ ᠣᠶᠢᠷ᠎ᠠ ᠶᠢᠨ ᠬᠤᠭᠤᠴᠠᠭᠠᠨ ᠤ ᠨᠢᠭᠡ ᠢᠮᠠᠬᠤ ᠶᠢᠨ ᠮᠠᠯᠠᠭᠠᠶ ᠥᠬᠡᠶ ᠤᠯᠠᠭᠠᠨ ᠳᠡᠪᠢᠰᠬᠡᠷ ᠲᠠᠢ ᠬᠡᠷᠡᠯ ᠵᠢᠷᠤᠭ ᠢ ᠠᠪᠴᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠤᠮᠤ ︵ᠪᠠᠯᠭᠠᠰᠤ︶ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠲᠤᠬᠠᠶ ᠶᠢᠨ ᠲᠠᠯᠠᠪᠤᠷ ᠲᠤ ᠨᠣᠲᠠᠯᠠᠭᠤᠯᠬᠤ ᠶᠢᠨ ᠬᠠᠮᠲᠤ ︽ᠴᠡᠷᠢᠭ ᠤᠨ ᠠᠯᠪᠠᠨ ᠤ ᠳᠡᠩᠰᠡᠯᠡᠯᠲᠡ ᠶᠢᠨ ᠦᠨᠡᠮᠯᠡᠯ︾ ᠠᠪᠤᠨ᠎ᠠ᠃ ︵ᠡᠷᠦᠬᠡ ᠠᠮᠠ ᠶᠢᠨ ᠲᠠᠩᠰᠠ ᠨᠢ  ᠰᠢᠯᠢ ᠶᠢᠨ ᠬᠤᠲᠠ ᠳᠤ ᠪᠠᠶᠢᠬᠤ ᠥᠬᠡᠶ ᠨᠠᠰᠤᠨ ᠳᠤ ᠬᠦᠷᠦᠭᠰᠡᠳ ᠴᠤ ᠴᠡᠷᠢᠭ ᠤᠨ ᠠᠯᠪᠠᠨ ᠳᠤ ᠲᠠᠩᠰᠠᠯᠠᠭᠤᠯᠵᠣ᠂ ᠰᠦᠯᠵᠢᠶᠡᠨ ᠳᠡᠭᠡᠷ᠎ᠡ ᠳᠡᠩᠰᠡᠯᠡᠵᠦ ᠪᠠᠷᠠᠭᠰᠠᠨ ᠤ ᠳᠠᠷᠠᠭ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ  ᠲᠠᠭᠠᠨ ᠬᠦᠷᠴᠦ ᠲᠤᠬᠠᠶ ᠶᠢᠨ ᠲᠠᠯᠠᠪᠤᠷ ᠲᠤᠨᠢ ᠨᠤᠲᠠᠯᠠᠨ ᠲᠣᠭᠲᠠᠭᠠᠨ᠎ᠠ︶᠃      ᠭᠤᠷᠪᠠ᠂ ᠬᠠᠤᠯᠢ ᠶᠢᠨ ᠬᠠᠷᠢᠭᠤᠴᠠᠯᠭ᠎ᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ ᠤᠳ︾ ᠤᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠳᠣᠤᠷᠠᠬᠢ ᠮᠡᠲᠦ ᠲᠣᠳᠣᠷᠬᠠᠶᠢᠯᠠᠪᠠ᠄      1᠂ ᠪᠦᠬᠦᠯᠢ 18 ᠨᠠᠰᠤ ᠬᠦᠷᠦᠭᠰᠡᠨ ᠡᠷᠡᠭᠲᠡᠶ ᠠᠷᠠᠳ ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠥᠬᠡᠶ ᠪᠠᠶᠢᠪᠠᠯ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠥᠬᠡᠶ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠳᠤ ᠪᠡᠶ᠎ᠡ ᠶᠢᠨ ᠦᠨᠡᠮᠯᠡᠯ ᠤᠨ ᠭᠠᠷ ᠭᠦᠢᠴᠡᠳᠬᠡᠯ ᠬᠢᠵᠦ ᠥᠭᠴᠦ ᠪᠣᠯᠬᠤ ᠥᠬᠡᠶ᠃      2᠂ ᠴᠡᠷᠢᠭ ᠤᠨ ᠠᠯᠪᠠᠨ ᠳᠤ ᠳᠠᠩᠰᠠᠯᠠᠭᠤᠯᠬᠤ ᠠᠴᠠ ᠵᠠᠶᠢᠯᠠᠭᠰᠠᠨ ᠵᠣᠬᠢᠬᠤ ᠨᠠᠰᠤᠨ ᠤ ᠡᠷᠡᠭᠲᠡᠶ ᠠᠷᠠᠳ ᠢᠷᠭᠡᠨ ᠢ ᠠᠯᠪᠠᠳᠠᠨ ᠪᠤᠶᠤ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯᠳᠠᠨ ᠢᠶᠠᠷ ᠡᠯᠰᠡᠨ ᠬᠡᠷᠡᠭᠯᠡᠵᠦ ᠪᠣᠯᠬᠤ ᠦᠭᠡᠢ᠂ ᠭᠠᠳᠠᠭᠠᠳᠤ ᠳᠤ ᠭᠠᠷᠬᠤ ᠭᠡᠪᠡᠯ ᠬᠢᠯᠢ ᠠᠴᠠ ᠭᠠᠷᠬᠤ ᠭᠠᠷ ᠭᠦᠢᠴᠡᠳᠬᠡᠯ ᠬᠢᠵᠦ ᠥᠭᠬᠦ ᠦᠭᠡᠢ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢ ᠳᠠᠩᠰᠠᠯᠠᠭᠤᠯᠵᠤ ᠥᠭᠬᠦ ᠦᠭᠡᠢ᠃      3᠂ ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠠᠵᠢᠯ ᠢ ᠬᠠᠷᠰᠢᠯᠠᠭᠰᠠᠨ ᠪᠤᠶᠤ ᠬᠠᠷᠰᠢᠯᠠᠭᠰᠠᠨ ᠨᠢᠭᠡᠴᠢ ᠪᠠ ᠬᠤᠪᠢ ᠬᠥᠮᠦᠨ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ᠃      ᠲᠦᠷᠪᠡ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠳᠤ ᠠᠰᠠᠭᠤᠨ ᠯᠠᠪᠯᠠᠬᠤ ᠵᠦᠢᠯ      ᠥᠷᠭᠡᠨ ᠣᠯᠠᠨ ᠵᠠᠯᠠᠭᠤᠴᠤᠳ ᠪᠠ ᠭᠡᠷ ᠤᠨ ᠠᠬᠠᠮᠠᠳ ᠤᠨ ᠴᠡᠷᠢᠭ ᠤᠨ ᠠᠯᠪᠠᠨ ᠳᠤ ᠳᠠᠩᠰᠠᠯᠠᠭᠤᠯᠬᠤ ᠪᠠ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠡᠳᠦᠭᠡ ᠮᠠᠨ ᠤ ᠬᠤᠲᠠ ᠶᠢᠨ ᠡᠯ᠎ᠡ ᠱᠠᠲᠤᠨ ᠤ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠬᠠᠷᠢᠯᠴᠠᠬᠤ ᠬᠡᠯᠪᠡᠷᠢ ᠶᠢ ᠳᠣᠣᠷᠠᠬᠢ ᠮᠡᠲᠦ ᠨᠡᠶᠢᠲᠡᠯᠡᠶ᠎ᠡ᠄      ᠬᠤᠲᠠ ᠶᠢᠨ ᠴᠡᠷᠢᠭ ᠡᠯᠰᠡᠬᠦ ᠠᠵᠢᠯ ᠤᠨ ᠠᠯᠪᠠᠨ ᠭᠡᠷ᠄ 0479 — 7357130      ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠄ 18647933344      ᠷᠠᠰᠢᠶᠠᠨᠪᠣᠯᠠᠭ ᠪᠠᠯᠭᠠᠰᠤ᠄ 13604791868      ᠪᠠᠶᠠᠨᠪᠤᠯᠠᠭ ᠰᠤᠮᠤ᠄ 15247970043      ᠴᠣᠬᠠᠠᠭᠤᠯᠠ ᠰᠤᠮᠤ᠄ 13664798817      ᠪᠤᠯᠠᠭᠠᠨ ᠰᠤᠮᠤ᠄ 15804791777      ᠰᠢᠷᠠᠳᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 13190579903      ᠪᠣᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 13190666204      ᠬᠠᠩᠭᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 13722097730      ᠪᠠᠶᠠᠨᠴᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 18104795332      ᠴᠤᠭᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 18747963679      ᠡᠷᠳᠡᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 13847906836      ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 17604790808      ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 18747923220      ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ᠄ 18247930700      ᠮᠣᠳᠣᠨ ᠮᠠᠯᠵᠢᠯ ᠤᠨ ᠲᠠᠯᠠᠪᠠᠢ᠄ 15604799888      ᠰᠢᠯᠢ ᠶᠢᠨ ᠬᠤᠲᠠ ᠵᠢᠨ‌ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠬᠡᠷ                    2024 ᠣᠨ ᠤ 12 ᠰᠠᠷ᠎ᠠ ᠶᠢᠨ 3 ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号