ᠣᠣᠭᠤᠬᠤ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠳᠥᠯᠭᠢᠨ ᠠᠬᠢᠭᠤᠯᠵᠤ ᠣᠯᠠᠨ ᠲᠦᠮᠡᠨ ᠳᠤ ᠰᠠᠨᠠᠭ᠎ᠠ ᠠᠮᠤᠷ ᠤᠰᠤ ᠣᠣᠭᠤᠯᠭᠠᠨ᠎ᠠ
ᠨᠡᠶᠢᠲᠡᠯᠡᠭᠰᠡᠨ ᠴᠠᠭ᠄
2024/12/9
     ᠤᠤᠭᠤᠬᠤ ᠤᠰᠤ ᠶᠢ ᠡᠷᠦᠭᠡ ᠳᠤ ᠣᠷᠣᠭᠤᠯᠬᠤ ᠢᠨᠵᠧᠨᠧᠷᠢᠩ ᠪᠣᠯ ᠤᠯᠠᠨ ᠲᠦᠮᠡᠨ ᠳᠤ ᠠᠰᠢᠭ ᠬᠦᠷᠲᠡᠭᠡᠬᠦ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠨᠡ ᠵᠢᠯ᠂ ᠪᠠᠶᠠᠨᠪᠤᠯᠠᠭ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠳᠡᠪᠬᠢᠲᠡᠶ ᠠᠬᠢᠭᠤᠯᠤᠯ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠲᠥᠷᠥᠯ ᠵᠦᠢᠯ ᠢ ᠭᠤᠶᠤᠴᠢᠯᠠᠬᠤ ᠪᠠᠷ ᠳᠡᠮᠵᠢᠨ᠂ ᠴᠠᠭᠠᠨ ᠬᠠᠶᠢᠷ ᠤᠨ ᠰᠠᠭᠤᠭᠠᠯᠢ ᠠᠷᠠᠳ ᠤᠨ ᠵᠥᠪᠯᠡᠯ  ᠣᠣᠭᠤᠬᠤ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠠᠮᠵᠢᠯᠲᠠᠲᠠᠶ ᠬᠡᠷᠡᠭᠵᠢᠭᠦᠯᠵᠦ᠂ ᠲᠥᠷᠥᠯ ᠵᠦᠢᠯ ᠢ ᠪᠡᠶᠡᠯᠡᠭᠦᠯᠦᠭᠰᠡᠨ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠪᠣᠳᠠᠲᠠᠶ ᠲᠥᠬᠦᠮ ᠦᠵᠡᠭᠦᠯᠵᠦ᠂ ᠡᠷᠡᠭᠦᠯ ᠮᠡᠨᠳᠦ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠭᠰᠠᠨ ᠢᠶᠠᠷ ᠪᠠᠷᠠᠬᠤ ᠥᠬᠡᠶ ᠪᠠᠰᠠ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 230 ᠲᠦᠮᠡᠨ ᠲᠥᠭᠦᠷᠢᠭ ᠪᠠᠶᠢᠵᠤ᠂ ᠭᠤᠤᠯ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠪᠠᠶᠢᠴᠠᠭᠠᠯᠲᠠ ᠶᠢᠨ ᠬᠤᠳᠳᠤᠭ ᠨᠡᠮᠡᠬᠦ᠂ ᠤᠰᠤᠨ ᠤ ᠬᠡᠮᠵᠢᠭᠦᠷ ᠤᠭᠰᠠᠷᠠᠬᠤ᠂ ᠬᠤᠭᠤᠯᠠᠶ ᠳᠡᠪᠢᠰᠬᠦ ᠵᠡᠷᠭᠡ ᠠᠭᠤᠯᠭ᠎ᠠ ᠪᠠᠭᠲᠠᠨ᠎ᠠ᠃ ᠪᠠᠷᠢᠯᠭ᠎ᠠ ᠪᠠᠷᠢᠬᠤ ᠶᠠᠪᠤᠴᠠ ᠳᠤ᠂ ᠰᠤᠮᠤ ᠶᠢᠨ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠠᠴᠠ ᠪᠠᠷᠢᠯᠭ᠎ᠠ ᠶᠢᠨ ᠠᠩᠭᠢ ᠶᠢᠨ ᠡᠯ᠎ᠡ ᠵᠦᠢᠯ ᠤᠨ ᠭᠤᠭᠴᠤᠭ᠎ᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ ᠦᠵᠡᠵᠦ᠂ ᠪᠠᠷᠢᠯᠭ᠎ᠠ ᠶᠢᠨ ᠲᠠᠯ᠎ᠠ ᠪᠠ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠲᠣᠰ ᠤᠳᠠᠭᠠᠨ ᠤ ᠣᠣᠭᠤᠬᠤ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠨᠢ 128 ᠡᠷᠦᠬᠡ ᠳᠤ ᠠᠰᠢᠭ ᠬᠦᠷᠲᠡᠭᠡᠵᠦ᠂ ᠪᠠᠷᠢᠯᠭ᠎ᠠ ᠶᠢᠨ ᠬᠤᠭᠤᠯᠠᠶ ᠶᠢᠨ ᠪᠥᠬᠦ ᠣᠷᠳᠣ ᠶᠢᠨ ᠬᠡᠮᠵᠢᠶ᠎ᠡ ᠨᠢ 10420 ᠮᠧᠲᠷ ᠲᠤ ᠬᠦᠷᠴᠦ᠂ ᠪᠦᠷᠬᠦᠴᠡ ᠶᠢᠨ ᠨᠣᠷᠮ᠎ᠠ ᠨᠢ 100% ᠳᠤ ᠬᠦᠷᠴᠦ᠂ ᠰᠠᠭᠤᠭᠠᠯᠢ ᠠᠷᠠᠳ ᠲᠤ ︽ᠴᠢᠨᠠᠷ ᠰᠠᠶᠢᠲᠠᠶ︾ ᠰᠠᠨᠠᠭ᠎ᠠ ᠠᠮᠤᠷ ᠤᠰᠤ᠂ ︽ ᠪᠠᠷᠢᠨ ᠲᠣᠣᠷ᠎ᠠ ᠪᠠᠨ ᠠᠪᠴᠤ ᠣᠣᠭᠤᠬᠤ︾ ᠶᠢ ᠦᠨᠡᠨ ᠬᠦ ᠪᠡᠶᠡᠯᠡᠭᠦᠯᠪᠡ᠃ ︽ᠥᠩᠭᠡᠷᠡᠭᠰᠡᠨ ᠳᠤ ᠪᠢᠲᠡ ᠢᠳᠡᠬᠦ ᠤᠰᠤ ᠪᠠᠨ ᠪᠦᠷ ᠤᠰᠤ ᠲᠠᠲᠠᠬᠤ ᠭᠠᠵᠠᠷ ᠠᠴᠠ ᠣᠴᠢᠵᠣ  ᠲᠡᠭᠡᠭᠡᠵᠦ ᠢᠳᠡᠳᠡᠭ᠂ ᠡᠪᠦᠯ ᠤᠨ ᠴᠠᠭ ᠲᠤ ᠲᠤᠩ ᠳᠥᠭᠦᠮ ᠦᠭᠡᠢ ᠪᠠᠶᠢᠪᠠ᠂ ᠨᠠᠮ ᠪᠣᠯᠤᠨ ᠵᠠᠰᠠᠭ ᠤᠨ ᠣᠷᠳᠣᠨ ᠤ ᠤᠤᠭᠤᠬᠤ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠪᠢᠳᠡᠨ ᠳᠤ ᠪᠠᠰᠠ ᠴᠡᠪᠡᠷ ᠪᠥᠭᠡᠳ ᠲᠦᠭᠦᠮ ᠤᠰᠤ   ᠶᠢ ᠬᠡᠷᠡᠭᠯᠡᠭᠦᠯᠦᠭᠰᠡᠨ᠃︾ ᠭᠡᠵᠦ  ᠴᠠᠭᠠᠨ ᠬᠠᠶᠢᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠦ ᠬᠠᠢ ᠫᠢᠩ ᠬᠡᠯᠡᠪᠡ ᠃  ᠴᠠᠭᠠᠨ ᠬᠠᠶᠢᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠹᠠᠨ ᠶᠦᠩ᠄ ︽ᠪᠢᠳᠡ ᠣᠣᠯ ᠨᠢ ᠮᠠᠰᠢᠨ ᠬᠤᠳᠳᠤᠭ ᠢᠶᠠᠷ ᠤᠰᠤ ᠠᠪᠴᠤ ᠪᠠᠶᠢᠭᠰᠠᠨ ᠪᠣᠯᠬᠤᠷ ᠤᠰᠤᠨ ᠤ ᠴᠢᠨᠠᠷ ᠨᠢ ᠴᠦ ᠮᠠᠭᠤ ᠪᠠᠶᠢᠵᠠᠶ᠂ ᠣᠲᠣ ᠲᠦᠭᠡᠭᠡᠯ ᠤᠰᠤ ᠨᠡᠪᠳᠡᠷᠡᠭᠰᠡᠨ ᠠᠴᠠ ᠮᠠᠰᠢ ᠲᠥᠬᠦᠮ ᠮᠥᠷᠲᠡᠭᠡᠨ ᠴᠡᠪᠡᠷ ᠠᠷᠢᠭᠤᠨ᠂ ᠷᠠᠰᠢᠶᠠᠨ ᠤᠰᠤᠨ ᠠᠴᠠ ᠴᠤ ᠠᠮᠲᠠᠲᠠᠶ ᠪᠠᠶᠢᠳᠠᠭ᠂ ᠨᠠᠮ ᠪᠠ ᠵᠠᠰᠠᠭ ᠤᠨ ᠣᠷᠳᠣᠨ ᠳᠤ ᠮᠠᠰᠢ ᠲᠠᠯᠠᠷᠬᠠᠵᠤ ᠪᠠᠶᠢᠨ᠎ᠠ︾ ᠭᠡᠪᠡ᠃      ᠠᠷᠠᠳ ᠤᠨ ᠠᠮᠢᠳᠤᠷᠠᠯ ᠤᠨ ᠢᠨᠵᠧᠨᠧᠷᠢᠩ ᠠᠷᠠᠳ ᠤᠨ ᠲᠠᠭᠤᠨ ᠢ ᠳᠠᠭᠠᠬᠤ ᠳᠤ᠂ ᠤᠯᠠᠨ ᠲᠦᠮᠡᠨ ᠤ ᠬᠦᠴᠢᠷ ᠶᠠᠪᠤᠳᠠᠯ ᠪᠣᠯ ᠳᠠᠷᠤᠢ ᠪᠢᠳᠡᠨ ᠤ ᠬᠢᠬᠦ ᠪᠣᠳᠠᠲᠠᠢ ᠶᠠᠪᠤᠳᠠᠯ ᠪᠣᠯᠤᠨ᠎ᠠ᠂ ᠪᠠᠶᠠᠨᠪᠤᠯᠠᠭ ᠰᠤᠮᠤ ᠦᠷᠭᠦᠯᠵᠢᠯᠡᠨ ᠪᠣᠳᠠᠲᠠᠢ ᠠᠰᠠᠭᠤᠳᠠᠯ ᠠᠴᠠ ᠡᠭᠦᠰᠴᠦ᠂ ︽ᠠᠷᠠᠳ ᠤᠨ ᠲᠥᠯᠥᠭᠡ ᠵᠢᠳᠬᠦᠬᠦ︾ ᠦᠵᠡᠯ ᠰᠠᠨᠠᠭ᠎ᠠ ᠪᠠᠷ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ︾ ᠤᠨ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号