︽2024 ᠣᠨ ᠤ ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ 
ᠨᠡᠶᠢᠲᠡᠯᠡᠭᠰᠡᠨ ᠴᠠᠭ᠄
2024/12/9
     ᠮᠠᠨ ᠤ ᠬᠤᠲᠠ ᠶᠢᠨ ︽ᠵᠢᠭᠤᠯᠴᠢᠯᠠᠯ + ᠮᠣᠷᠢᠨ ᠤ ᠠᠵᠤ ᠦᠢᠯᠡᠰ︾ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠥᠯᠥᠭᠡ᠂  ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠤ ᠠᠬᠤᠶ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ︽2024 ᠣᠨ ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠡᠪᠦᠯ ᠤᠨ ᠤᠯᠠᠷᠢᠯ ᠤᠨ ᠲᠠᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ ᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 2024 ᠣᠨ ᠤ ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠲᠠᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ ᠤ ᠲᠥᠰᠦᠯ ᠢ  ᠲᠣᠭᠳᠠᠭᠠᠪᠠ᠃      ᠨᠢᠭᠡ᠂ ᠠᠵᠢᠯᠯᠠᠭ᠎ᠠ ᠶᠢᠨ ᠭᠤᠤᠯ ᠰᠡᠳᠦᠪ  ᠰᠢᠯᠢ ᠶᠢᠨ ᠬᠤᠲᠠ ᠪᠠᠷ ᠵᠣᠭᠠᠯᠠᠨ ᠲᠣᠭᠤᠷᠢᠬᠤ      ᠬᠤᠶᠠᠷ᠂ ᠤᠷᠤᠯᠳᠤᠭᠠᠨ ᠤ ᠠᠭᠤᠯᠭ᠎ᠠ ᠵᠢᠴᠢ ᠴᠠᠭ ᠭᠠᠵᠠᠷ      ︵ᠨᠢᠭᠡ︶ ᠡᠬᠢᠯᠡᠯᠲᠡ ᠶᠢᠨ ᠶᠣᠰᠣᠯᠠᠯ ᠵᠢᠴᠢ 15 ᠺᠢᠯᠣᠮᠧᠲᠷ ᠤᠨ 3 ᠬᠥᠮᠦᠨ ᠤ ᠬᠠᠮᠲᠤ ᠶᠢᠨ ᠪᠣᠣᠬᠢᠶ᠎ᠠ ᠤᠷᠤᠯᠳᠤᠭᠠᠨ᠂ ᠲᠠᠪᠬᠢᠭ᠎ᠠ ᠮᠣᠷᠢᠨ ᠠᠴᠠ ᠰᠤᠷ ᠬᠠᠷᠪᠤᠬᠤ ᠤᠷᠤᠯᠳᠤᠭᠠᠨ᠂  ᠲᠠᠪᠬᠢᠭ᠎ᠠ ᠮᠣᠷᠢᠨ ᠠᠴᠠ ᠬᠠᠳᠠᠭ ᠲᠡᠭᠦᠬᠦ ᠤᠷᠤᠯᠳᠤᠭᠠᠨ ᠪᠠ ᠮᠣᠷᠢ ᠰᠤᠷᠭᠠᠬᠤ ᠤᠷᠤᠯᠳᠤᠭᠠᠨ ᠤ ᠴᠠᠭ᠄ 12 ᠰᠠᠷ᠎ᠠ ᠶᠢᠨ 14 ᠤ ᠦᠳᠡ ᠶᠢᠨ ᠡᠮᠦᠨᠡᠬᠢ 10᠄ 00᠃ ᠭᠠᠵᠠᠷ᠄ ᠪᠠᠶᠠᠨᠰᠢᠯᠢ ᠮᠠᠯᠵᠢᠯ ᠤᠨ ᠲᠠᠯᠠᠪᠠᠶ ᠶᠢᠨ ᠮᠣᠷᠢᠨ ᠨᠠᠭᠠᠳᠣᠮ ᠤᠨ ᠺᠯᠦ᠋ᠪ ᠃      ︵ᠬᠤᠶᠠᠷ︶ ᠮᠣᠩᠭᠤᠯ ᠮᠣᠷᠢᠨ ᠤ 30 ᠺᠢᠯᠣᠮᠧᠲᠷ ᠤᠨ ᠳᠠᠭᠠᠭᠠᠴᠠ ᠶᠢᠨ ᠤᠷᠤᠯᠳᠤᠭᠠᠨ ᠤ ᠴᠠᠭ᠄ 12 ᠰᠠᠷ᠎ᠠ ᠶᠢᠨ 15 ᠤ ᠦᠳᠡ ᠶᠢᠨ ᠡᠮᠦᠨᠡᠬᠢ 10᠄ 00᠃ ᠭᠠᠵᠠᠷ᠄ ᠪᠤᠯᠠᠭᠠᠨ ᠰᠤᠮᠤ ᠶᠢᠨ ᠰᠢᠷᠠᠳᠠᠯ᠎ᠠ‌ᠭᠠᠴᠠᠭ᠎ᠠ      ᠭᠤᠷᠪᠠ᠂ ᠵᠣᠬᠢᠶᠠᠨ ᠪᠠᠶᠢᠭᠤᠯᠬᠤ ᠨᠢᠭᠡᠴᠡ      ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ ᠡᠷᠭᠢᠯᠡᠨ᠎ᠡ︔ ᠰᠢᠯᠢ ᠶᠢᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂  ᠰᠢᠯᠢ ᠶᠢᠨ ᠬᠤᠲᠠ ᠶᠢᠨ ᠠᠳᠤᠭᠤᠨ ᠤ ᠠᠵᠤ  ᠦᠢᠯᠡᠰ ᠤᠨ ᠬᠥᠭᠵᠢᠯᠲᠡ ᠶᠢᠨ ᠲᠥᠪ  ᠠᠴᠠ ᠲᠠᠭᠠᠭᠠᠨ ᠡᠷᠬᠢᠯᠡᠨ᠎ᠡ︔ ᠰᠢᠯᠢ ᠶᠢᠨ ᠬᠤᠲᠠ ᠶᠢᠨ ᠵᠢᠶᠦ᠋ᠨ ᡂᠢ ᠵᠢᠭᠤᠯᠴᠢᠯᠠᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ  ᠂  ᠰᠢᠯᠢ ᠶᠢᠨ ᠬᠤᠲᠠ ᠶᠢᠨ ᠠᠳᠤᠭᠤᠨ ᠤ  ᠦᠢᠯᠡᠰ ᠤᠨ ᠨᠡᠶᠢᠭᠡᠮᠯᠢᠭ  ᠬᠠᠮᠵᠢᠨ ᠡᠷᠬᠢᠯᠡᠨ᠎ᠡ  ᠃      ᠳᠥᠷᠪᠡ᠂ ᠤᠷᠤᠯᠳᠤᠭᠠᠨ ᠳᠤ ᠣᠷᠣᠯᠴᠠᠬᠤ ᠮᠣᠷᠢᠨ ᠤ ᠨᠥᠬᠦᠴᠡᠯ       30 ᠺᠢᠯᠣᠮᠧᠲᠷ ᠤᠨ ᠳᠠᠭᠠᠭᠠᠴᠠ ᠶᠢᠨ ᠤᠷᠤᠯᠳᠤᠭᠠᠨ ᠳᠤ ᠣᠷᠣᠯᠴᠠᠬᠤ ᠮᠣᠷᠢ ᠶᠢ ᠮᠣᠩᠭᠤᠯ ᠮᠣᠷᠢ ᠪᠠᠷ ᠲᠣᠭᠲᠠᠭᠠᠵᠤ᠂ ᠪᠡᠶ᠎ᠡ ᠶᠢᠨ ᠥᠨᠳᠥᠷ ᠢ 1.45 ᠮᠧᠲᠷ ︵1.45 ᠮᠧᠲᠷ ᠢ ᠪᠠᠭᠳᠠᠭᠠᠨ᠎ᠠ︶ ᠠᠴᠠ ᠳᠣᠷᠣᠭᠰᠢ ︵ᠠᠵᠢᠷᠭ᠎ᠠ ᠪᠠ ᠯᠠᠭᠤᠰᠠ ᠮᠣᠷᠢ ᠶᠢ ᠤᠷᠤᠯᠳᠤᠭᠠᠨ ᠳᠤ  ᠣᠷᠣᠯᠴᠠᠭᠤᠯᠵᠣ  ᠪᠣᠯᠬᠤ ᠥᠬᠡᠶ︶ ᠪᠠᠷ ᠬᠢᠵᠠᠭᠠᠷᠯᠠᠨ᠂ ᠪᠦᠬᠦᠯᠢ 4 ᠨᠠᠰᠤ ︵2019 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ︶ ᠪᠠᠶᠢᠬᠤ ᠬᠡᠷᠡᠭᠲᠠᠢ᠃  ᠪᠣᠣᠬᠢᠶ᠎ᠠ ᠤᠷᠤᠯᠳᠤᠭᠠᠨ ᠪᠠ ᠪᠤᠰᠤᠳ ᠵᠦᠢᠯ ᠤᠨ ᠤᠷᠤᠯᠳᠤᠭᠠᠨ ᠳᠤ ᠣᠷᠣᠯᠴᠠᠬᠤ  ᠮᠣᠷᠢ ᠶᠢ ᠬᠢᠵᠠᠭᠠᠷᠯᠠᠬᠤ ᠦᠭᠡᠶ᠂ ᠣᠨᠣᠭᠠᠴᠢᠨ 18 ᠨᠠᠰᠤ ︵2006 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠦᠭᠰᠡᠨ︶ ᠬᠦᠷᠦᠭᠰᠡᠨ ᠪᠠᠶᠢᠬᠤ ᠬᠡᠷᠡᠭᠲᠡᠶ᠃ ᠤᠷᠤᠯᠳᠤᠭᠠᠨ ᠳᠤ ᠣᠷᠣᠯᠴᠠᠬᠤ ᠮᠣᠷᠢ ᠨᠢ ᠡᠷᠬᠡᠪᠰᠢ ᠬᠤᠯᠪᠣᠭᠳᠠᠯ ᠪᠦᠬᠦᠢ ᠬᠢᠵᠢᠭ ᠪᠠᠶᠢᠴᠠᠭᠠᠬᠤ ᠭᠠᠷ ᠭᠦᠢᠴᠡᠳᠬᠡᠯ ᠬᠢᠬᠦ ᠶᠢᠨ ᠬᠠᠮᠲᠤ ᠰᠢᠶᠠᠨ ᠤ ᠱᠠᠲᠤᠨ ᠤ ᠮᠠᠯ ᠡᠮᠨᠡᠯᠭᠡ ᠶᠢᠨ ᠥᠷᠲᠡᠭᠡᠨ ᠠᠴᠠ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠭᠠᠷᠭᠠᠵᠤ ᠥᠭᠬᠦ ᠬᠡᠷᠡᠭᠲᠡᠶ᠃ ᠤᠷᠤᠯᠳᠤᠭᠠᠨ ᠳᠤ ᠣᠷᠣᠯᠴᠠᠬᠤ ᠲᠠᠮᠢᠷᠴᠢᠳ ᠡᠷᠬᠡᠪᠰᠢ ᠬᠡᠨᠡᠳᠲᠡ ᠶᠢᠨ ᠬᠡᠷᠡᠭ ᠤᠨ ᠳᠠᠭᠠᠳᠬᠠᠯ ︵ᠳᠠᠭᠠᠳᠬᠠᠯ ᠤᠨ ᠲᠤᠭ᠎ᠠ ᠨᠢ 40 ᠲᠦᠮᠡ ᠠᠴᠠ ᠳᠡᠭᠡᠭᠰᠢ︶ ᠲᠠᠢ ᠪᠠᠶᠢᠬᠤ ᠶᠢᠨ ᠬᠠᠮᠲᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠢᠯᠡᠷᠬᠡᠶᠢᠯᠡᠯᠲᠡ ᠪᠢᠴᠢᠵᠦ᠂ ᠲᠤᠰ ᠬᠥᠮᠦᠨ ᠤ ᠡᠷᠡᠭᠦᠯ ᠮᠡᠨᠳᠦ ᠶᠢᠨ ᠭᠡᠷᠡᠴᠢ ᠪᠠᠨ ᠭᠠᠷᠭᠠᠬᠤ ᠬᠡᠷᠡᠭᠲᠡᠶ᠃      ᠲᠠᠪᠤ᠂ ᠤᠷᠤᠯᠳᠤᠭᠠᠨ ᠤ ᠠᠷᠭ᠎ᠠ      ᠲᠣᠰ ᠤᠳᠠᠭᠠᠨ ᠤ ᠤᠷᠤᠯᠳᠤᠭᠠᠨ ᠤ ᠪᠣᠶ ᠪᠥᠬᠦᠶ ᠲᠥᠷᠥᠯ ᠵᠦᠢᠯ ᠤᠨ ᠲᠦᠷᠢᠮ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠲᠠᠭᠠᠭᠠᠴᠠ ᠶᠢᠨ ᠤᠷᠤᠯᠳᠤᠭᠠᠨ ᠤ ᠲᠦᠷᠢᠮ︾ ᠵᠢᠴᠢ ᠥᠪᠥᠷ ᠮᠣᠩᠭᠤᠯ ᠤᠨ ᠪᠤᠰᠤᠳ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠵᠣᠬᠢᠬᠤ ᠤᠷᠤᠯᠳᠤᠭᠠᠨ ᠤ ᠲᠦᠷᠢᠮ ᠢ ᠲᠣᠭᠲᠠᠭᠠᠨ ᠬᠡᠷᠡᠭᠵᠢᠭᠦᠯᠵᠦ᠂ ᠳᠠᠭᠠᠭᠠᠨ ᠭᠦᠢᠴᠡᠳᠬᠡᠬᠦ ᠨᠢᠭᠡᠴᠡ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ 15 ᠺᠢᠯᠣᠮᠧᠲᠷ ᠤᠨ ᠪᠦᠯᠬᠦᠮ ᠤᠨ ᠪᠣᠣᠬᠢᠶ᠎ᠠ ᠤᠷᠤᠯᠳᠤᠭᠠᠨ᠃ ᠬᠠᠮᠲᠤ ᠶᠢᠨ ᠤᠷᠤᠯᠳᠤᠭᠠᠨ ᠳᠤ᠂ 3 ᠬᠥᠮᠦᠨ 3 ᠮᠣᠷᠢ ᠪᠠᠷ ᠨᠢᠭᠡ ᠬᠠᠮᠲᠤᠯᠢᠭ ᠪᠣᠯᠭᠠᠵᠤ᠂ 5 ᠺᠢᠯᠣᠮᠧᠲᠷ ᠢᠶᠠᠷ ᠨᠢᠭᠡ ᠤᠷᠤᠯᠳᠤᠭᠠᠨ ᠤ ᠬᠡᠰᠡᠭ ᠪᠣᠯᠭᠠᠵᠤ᠂ ᠳᠡᠰ ᠳᠠᠷᠠᠭᠠᠯᠠᠨ ᠪᠣᠣᠬᠢᠶ᠎ᠠ ᠤᠷᠤᠯᠳᠤᠭᠠᠨ ᠶᠠᠪᠤᠭᠤᠯᠵᠤ᠂ ᠡᠴᠦᠰ ᠤᠨ ᠴᠡᠭ ᠲᠤ ᠬᠦᠷᠴᠦ ᠡᠴᠦᠰ ᠤᠨ ᠨᠡᠷᠡᠰ ᠤᠨ ᠳᠠᠷᠠᠭᠠᠯᠠᠯ ᠢ ᠲᠣᠭᠲᠠᠭᠠᠨ᠎ᠠ᠃      ᠵᠢᠷᠭᠤᠭ᠎ᠠ᠂ ᠪᠣᠳᠠᠲᠠᠶ ᠤᠴᠢᠷ ᠶᠠᠪᠤᠳᠠᠯ      1᠂ 12 ᠰᠠᠷ᠎ᠠ ᠶᠢᠨ 12 ᠤᠨ ᠡᠳᠦᠷ᠂ ᠮᠣᠷᠢᠨ ᠳᠤ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ︽ᠤᠷᠤᠯᠳᠤᠭᠠᠨ ᠳᠤ ᠣᠷᠣᠯᠴᠠᠬᠤ ᠨᠡᠷ᠎ᠡ ᠮᠡᠳᠡᠭᠦᠯᠬᠦ ᠬᠦᠰᠦᠨᠦᠭᠲᠦ︾ ︵ ᠣᠣᠯ ᠮᠠᠲ᠋ᠧᠷᠢᠶᠠᠯ ᠳᠤ ᠲᠣᠭᠲᠠᠭᠠᠯ ᠶᠣᠰᠣᠭᠠᠷ ᠭᠠᠷ ᠤᠨ ᠥᠰᠥᠭ ᠵᠢᠷᠤᠵᠤ ᠲᠠᠮᠠᠭ᠎ᠠ ᠳᠠᠷᠤᠨ᠎ᠠ︶᠂ ᠬᠥᠮᠦᠨ ᠤ ᠪᠡᠶ᠎ᠡ ᠶᠢᠨ ᠬᠡᠨᠡᠳᠲᠡ ᠶᠢᠨ ᠠᠳᠡᠯ ᠤᠨ ᠳᠠᠭᠠᠳᠬᠠᠯ ᠤᠨ ᠬᠠᠭᠤᠳᠠᠰᠤ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠢᠯᠡᠷᠬᠡᠶᠢᠯᠡᠯᠲᠡ ᠶᠢ ᠲᠤᠰᠢᠶᠠᠨ᠎ᠠ᠃      2᠂ ᠨᠡᠷ᠎ᠡ ᠮᠡᠳᠡᠭᠦᠯᠬᠦ ᠬᠠᠷᠢᠯᠴᠠᠬᠤ ᠬᠥᠮᠦᠨ᠃ ᠳᠠᠭᠠᠭᠠᠴᠠ ᠶᠢᠨ ᠤᠷᠤᠯᠳᠤᠭᠠᠨ᠂  ᠮᠣᠷᠢ ᠰᠤᠷᠭᠠᠬᠤ ᠤᠷᠤᠯᠳᠤᠭᠠᠨ ᠤ ᠬᠠᠷᠢᠯᠴᠠᠬᠤ ᠬᠦᠮᠦᠨ    ᠴᠣᠯᠮᠣᠨ᠄ 13327095644  ᠃      ᠪᠣᠣᠬᠢᠶ᠎ᠠ ᠤᠷᠤᠯᠳᠤᠭᠠᠨ᠂  ᠲᠠᠪᠬᠢᠭ᠎ᠠ ᠮᠣᠷᠢᠨ ᠠᠴᠠ ᠰᠤᠷ ᠬᠠᠷᠪᠤᠬᠤ ᠤᠷᠤᠯᠳᠤᠭᠠᠨ᠂ ᠲᠠᠪᠬᠢᠭ᠎ᠠ ᠮᠣᠷᠢᠨ  ᠠᠴᠠ ᠬᠠᠳᠠᠭ ᠲᠡᠭᠦᠬᠦ ᠤᠷᠤᠯᠳᠤᠭᠠᠨ     ᠬᠠᠷᠢᠯᠴᠠᠬᠤ ᠬᠦᠮᠦᠨ  ᠢ ᠯᠦᠩ᠄ 189047998403᠃      3᠂ ᠬᠢᠨᠠᠭᠴᠢ ᠪᠠ ᠬᠥᠨᠳᠡᠯᠡᠨ ᠠᠴᠠ ᠲᠠᠰᠤᠯᠬᠤ ᠺᠣᠮᠢᠰ ᠢ ᠵᠣᠬᠢᠶᠠᠨ ᠪᠠᠶᠢᠭᠤᠯᠬᠤ ᠺᠣᠮᠢᠰ ᠠᠴᠠ ᠰᠣᠩᠭᠤᠨ ᠲᠣᠮᠢᠯᠠᠨ᠎ᠠ᠃      4᠂ ᠪᠣᠰᠣᠳ ᠵᠦᠢᠯ ᠢ ᠠᠰ ᠲᠤᠨᠢ ᠮᠡᠳᠡᠭᠳᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号