ᠮᠥᠰᠥ ᠴᠠᠰᠤ ᠶᠢ ᠠᠷᠢᠯᠭᠠᠵᠤ ᠮᠠᠯᠵᠢᠬᠤ ᠣᠷᠣᠨ ᠤ ᠵᠠᠮ ᠤᠨ ᠰᠠᠭᠠᠳ ᠦᠭᠡᠢ ᠨᠡᠪᠲᠡᠷᠡᠬᠦ ᠶᠢ  ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/2/1
     ᠤᠶᠢᠷ᠎ᠠ ᠶᠢᠨ ᠬᠤᠭᠤᠴᠠᠭᠠᠨ ᠳᠤ᠂ ᠰᠢᠯᠢ ᠶᠢᠨ ᠬᠤᠳᠠ ᠶᠢᠨ ᠭᠡᠪᠴᠢᠶᠠᠨ ᠳᠤ ᠭᠡᠳᠤ ᠤᠳᠠᠭᠠᠨ ᠤ ᠶᠡᠭᠡ ᠴᠠᠰᠤ ᠤᠷᠤᠭᠰᠠᠨ ᠠᠴᠠ ᠪᠤᠯᠵᠤ ᠵᠠᠰᠠᠮᠠᠯ ᠵᠠᠮ  ᠲᠦᠭᠵᠢᠷᠠᠨ ᠥᠷᠭᠡᠨ ᠤᠯᠠᠨ ᠮᠠᠯᠴᠢᠨ ᠲᠦᠮᠡᠨ ᠤ ᠤᠷᠤᠵᠤ ᠭᠠᠷᠬᠤ ᠳᠤ ᠳᠥᠭᠦᠮ ᠦᠭᠡᠢ ᠮᠦᠷᠳᠡᠭᠡᠨ ᠠᠮᠤᠷ ᠲᠦᠪᠰᠢᠨ ᠤ ᠭᠡᠮ ᠰᠣᠭᠤᠭ ᠲᠠᠢ ᠪᠤᠯᠤᠭᠰᠠᠨ ᠪᠠᠶᠢᠨ᠎ᠠ᠃   ᠡᠶᠢᠮᠤᠷᠬᠦ ᠪᠠᠶᠢᠳᠠᠯ ᠢ ᠠᠷᠭᠠᠴᠠᠬᠤ ᠶᠢᠨ ᠲᠦᠯᠦᠭᠡ᠂ ᠰᠢᠯᠢ ᠶᠢᠨ ᠬᠤᠳᠠ ᠶᠢᠨ ᠡᠯ᠎ᠡ ᠰᠠᠯᠠᠭ᠎ᠠ ᠮᠥᠴᠢᠷ  ᠲᠣᠮᠣ ᠬᠡᠯᠪᠡᠷᠢ ᠶᠢᠨ ᠴᠠᠰᠤ ᠮᠦᠰᠤ ᠠᠷᠢᠯᠭᠠᠨ ᠴᠡᠪᠡᠷᠯᠡᠬᠦ  ᠪᠠᠭᠠᠵᠢ ᠲᠥᠬᠦᠭᠡᠷᠦᠮᠵᠢ ᠶᠢ ᠭᠡᠷᠡᠭᠯᠡᠵᠤ  ᠠᠵᠢᠯᠳᠠᠨ ᠤ ᠠᠵᠢᠯᠯᠠᠬᠤ ᠴᠠᠭ ᠢ ᠤᠷᠳᠤᠳᠬᠠᠵᠤ᠂ ᠡᠭᠡᠯᠢ ᠵᠢᠵᠢᠬᠦᠷ ᠢ ᠨᠡᠮᠡᠵᠤ ᠪᠠᠶᠢᠷᠢᠯᠠᠭᠤᠯᠤᠨ ᠮᠠᠯᠵᠢᠬᠤ ᠣᠷᠣᠨ ᠤ ᠵᠠᠮ  ᠎ ᠤᠨ ᠴᠠᠰᠤ ᠴᠡᠪᠡᠷᠯᠡᠬᠦ ᠠᠵᠢᠯ  ᠎ ᠢ ᠶᠠᠪᠤᠭᠳᠠᠭᠤᠯᠤᠭᠰᠠᠨ ᠪᠠᠶᠢᠨ᠎ᠠ᠃      1 ᠰᠠᠷ᠎ᠠ ᠶᠢᠨ 31᠎ ᠤ ᠡᠳᠦᠷ ᠠᠴᠠ ᠡᠬᠢᠯᠡᠵᠤ᠂ ᠰᠢᠯᠢ ᠶᠢᠨ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠴᠠᠰᠤ ᠬᠠᠶᠠᠬᠤ ᠮᠠᠰᠢᠨ᠂  ᠴᠠᠰᠤ ᠲᠡᠭᠡᠭᠡᠬᠦ ᠮᠠᠰᠢᠨ᠂ ᠭᠠᠵᠠᠷ ᠲᠡᠭᠰᠢᠯᠡᠬᠦ ᠮᠠᠰᠢᠨ  ᠵᠡᠷᠭᠡ ᠡᠯ᠎ᠠ ᠵᠤᠶᠢᠯ ᠤᠨ ᠴᠠᠰᠤ ᠠᠷᠢᠯᠭᠠᠨ ᠴᠡᠪᠡᠷᠯᠡᠬᠦ ᠲᠡᠷᠭᠡ ᠮᠠᠰᠢᠨ ᠢ ᠬᠥᠳᠡᠯᠭᠡᠵᠦ᠂ 506 ᠰᠢᠶᠠᠨ ᠤ ᠵᠠᠮ ᠤᠨ ᠮᠤᠳᠤᠨ ᠮᠠᠯᠵᠢᠯ ᠤᠨ ᠲᠠᠯᠠᠪᠡᠢ ᠠᠴᠠ ᠬᠤᠩᠭᠤᠷ ᠭᠠᠴᠠᠭ᠎ᠠ‌‍ᠬᠦ᠋ᠷᠬᠦ  ᠬᠡᠰᠡᠭ ᠵᠠᠮ ᠎ ᠤᠨ ᠴᠠᠰᠤ ᠮᠦᠰᠤ  ᠎ ᠶᠢ ᠠᠷᠢᠯᠭᠠᠬᠤ ᠠᠵᠢᠯ  ᠎ ᠢ ᠬᠢᠵᠤ ᠡᠬᠢᠯᠡᠯ᠎ᠠ᠃      ᠰᠢᠯᠢ ᠶᠢᠨ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠴᠡᠯᠡᠭᠡᠷ᠄ ᠴᠠᠭᠠᠨ ᠰᠠᠷ᠎ᠠ ᠣᠶᠢᠷᠠᠳᠴᠤ ᠪᠠᠶᠢᠭ᠎ᠠ ᠳᠤ  ᠂ ᠪᠢᠳᠡ 24 ᠴᠠᠭ ᠢᠶᠠᠷ ᠵᠢᠵᠢᠬᠦᠷᠯᠠᠨ ᠠᠵᠢᠯᠠᠯᠵᠤ᠂ ᠬᠡᠰᠡᠭ ᠴᠠᠰᠤᠨ ᠳᠤ ᠬᠠᠰᠢᠭᠳᠠᠭᠰᠠᠨ ᠵᠠᠮ ᠢ ᠲᠠᠷᠤᠶᠢᠬᠠᠨ ᠨᠡᠪᠳᠡᠷᠡᠬᠦᠯᠵᠤ᠂ ᠮᠠᠯᠴᠢᠨ ᠲᠦᠮᠡᠨ ᠤ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠠᠶᠠᠯᠠᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃      ᠣᠶᠢᠯᠠᠭᠠᠭᠰᠠᠨ ᠢᠶᠠᠷ᠂ ᠡᠪᠦᠯ ᠠᠴᠠ ᠨᠠᠰᠢ᠂  ᠰᠢᠯᠢ ᠶᠢᠨ ᠬᠤᠳᠠ ᠶᠢᠨ ᠬᠢᠨ ᠪᠦᠬᠦ ᠬᠤᠲᠠ ᠶᠢᠨ ᠣᠨᠴᠠᠭᠠᠶ ᠴᠠᠭ ᠠᠭᠤᠷ ᠢ ᠠᠷᠭᠠᠴᠠᠬᠤ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ  ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠴᠠᠰᠤ ᠮᠥᠰᠥ ᠠᠷᠢᠯᠭᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠ ᠪᠠᠴᠢᠮ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠲᠣᠬᠢᠷᠠᠭᠤᠯᠬᠤ ᠶᠢᠨ ᠬᠠᠮᠲᠤ᠂ ᠡᠯ᠎ᠡ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠠᠴᠠ ᠴᠠᠰᠤ ᠠᠷᠢᠯᠭᠠᠬᠤ ᠮᠥᠰᠥ ᠠᠷᠢᠯᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠬᠠᠷᠢᠶ᠎ᠠ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠴᠠᠰᠤ ᠮᠥᠰᠥ ᠶᠢ ᠠᠷᠢᠯᠭᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠ ᠪᠠᠴᠢᠮ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠲᠤᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃  ᠤᠳᠤᠬᠠᠨ ᠪᠣᠯᠲᠠᠯ᠎ᠠ᠂  ᠰᠢᠯᠢ ᠶᠢᠨ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠨᠢᠭᠡᠨᠲᠡ ᠨᠡᠶᠢᠲᠡ 453 ᠬᠥᠮᠥᠨ ᠤᠳᠠᠭ᠎ᠠ᠂ 249  ᠲᠡᠷᠭᠡ ᠤᠳᠠᠭ᠎ᠠ᠂ ᠴᠠᠰᠤ ᠴᠡᠪᠡᠷᠯᠡᠬᠦ ᠮᠠᠰᠢᠨ ᠮᠧᠬᠠᠨᠢᠭ 328 ᠰᠠᠤᠷᠢ ᠤᠳᠠᠭ᠎ᠠ ᠭᠠᠷᠭᠠᠵᠤ᠂ ᠬᠤᠷᠠᠭᠰᠠᠨ ᠴᠠᠰᠤ ᠶᠢ 1400 ᠭᠠᠷᠤᠢ ᠺᠢᠯᠣᠮᠧᠲᠷ ᠴᠡᠪᠡᠷᠯᠡᠵᠦ᠂ 26.3 ᠲᠦᠮᠡᠨ ᠪᠣᠰᠤᠭ᠎ᠠ ᠳᠥᠷᠪᠡᠯᠵᠢᠨ ᠮᠧᠲᠷ᠂ 69 ᠲᠣᠨ ᠴᠠᠰᠤ ᠬᠠᠶᠢᠯᠤᠭᠤᠯᠤᠭᠴᠢ ᠡᠳ᠋ ᠰᠠᠴᠤᠵᠤ ᠴᠡᠪᠡᠷᠯᠡᠭᠰᠡᠨ ᠪᠠᠶᠢᠨ᠎ᠠ᠃      ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠨᠢ ᠮᠠᠯᠴᠢᠨ ᠲᠦᠮᠡᠨ ᠤ ᠠᠮᠤᠷ ᠲᠦᠪᠰᠢᠨ ᠤᠷᠤᠵᠤ ᠭᠠᠷᠬᠤ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂  ᠨᠠᠮ ᠤᠨ ᠭᠡᠰᠢᠭᠦᠨ ᠺᠠᠳ᠋ᠷᠴᠤᠳ ᠤᠨ ᠦᠢᠯᠡᠴᠢᠯᠡᠭᠡᠨ ᠤ ᠤᠬᠠᠮᠰᠠᠷ ᠢ  ᠴᠢᠩᠭᠠᠳᠬᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠰᠢᠯᠢ ᠶᠢᠨ ᠬᠤᠳᠠ ᠴᠠᠭ ᠠᠭᠤᠷ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠮᠥᠰᠥ ᠴᠠᠰᠤᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠯᠴᠢᠨ ᠲᠦᠮᠡᠨ ᠤ ᠰᠢᠨ᠎ᠠ ᠵᠢᠯ ᠴᠠᠭᠠᠨ ᠰᠠᠷ᠎ᠠ ᠪᠠᠷ ᠠᠮᠤᠷ ᠲᠠᠶᠢᠪᠤᠩ‌ᠥᠩᠭᠡᠷᠡᠭᠦᠯᠬᠦ ᠶᠢ ᠪᠠᠳᠤᠯᠠᠵᠤ ᠪᠠᠶᠢᠨ᠎ᠠ᠃      ᠯᠢᠶᠠᠩ ᠢᠦᠢ ᠬᠤᠸᠠ᠂ ᠪᠠᠳᠠᠷᠠᠬᠤ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号