ᠰᠢᠯᠢ ᠶᠢᠨ ᠬᠤᠳᠠ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢ ᠪᠦᠬᠦ ᠬᠦᠴᠦᠨ ᠢᠶᠠᠷ ᠢᠶᠠᠨ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/2/1
     ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠣᠷᠭᠢᠯ ᠦᠶ᠎ᠡ ᠶᠢ ᠠᠷᠭᠠᠴᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ᠂  ᠰᠢᠯᠢ ᠶᠢᠨ ᠬᠤᠳᠠ ᠣᠯᠠᠨ ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠠᠶᠠᠨᠴᠢᠳ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠠᠶᠠᠯᠠᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ  ᠪᠠᠳᠤᠯᠠᠵᠤ ᠪᠠᠶᠢᠨ᠎ᠠ᠃      ᠤᠶᠢᠷ᠎ᠠ ᠳᠤ᠂ ᠰᠤᠷᠪᠤᠯᠵᠢᠯᠠᠭᠴᠢ ᠶᠢᠨ ᠦᠢᠯᠠᠭᠠᠭᠰᠠᠨ ᠢᠶᠠᠷ᠂ ᠰᠢᠯᠢ ᠶᠢᠨ ᠬᠤᠳᠠ ᠶᠢᠨ ᠭᠠᠯᠲᠤ ᠲᠡᠷᠭᠡᠨ ᠥᠷᠲᠡᠭᠡᠨ ᠎ ᠤ ᠠᠶᠠᠨᠴᠢᠳ ᠤᠨ ᠢᠷᠡᠵᠤ ᠶᠠᠪᠤᠬᠤ ᠲᠤᠭ᠎ᠠ ᠶᠡᠭᠡ ᠪᠠᠷ ᠨᠡᠮᠡᠭᠳᠡᠭᠰᠡᠨ ᠪᠣᠯᠪᠠᠴᠤ ᠭᠠᠯᠲᠤ ᠲᠡᠷᠭᠡᠨ ᠥᠷᠲᠡᠭᠡᠨ ᠤ ᠠᠵᠢᠯᠲᠠᠳ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠣᠯᠣᠨ ᠠᠷᠠᠳ ᠤᠨ ᠴᠠᠭᠳᠠᠭ᠎ᠠ ᠶᠢᠨ ᠬᠠᠪᠰᠤᠷᠤᠯᠭ᠎ᠠ ᠳᠣᠣᠷ᠎ᠠ  ᠲᠡᠷᠭᠡ ᠬᠦᠯᠢᠶᠡᠬᠦ ᠲᠢᠩᠬᠢᠮ ᠳᠤ ᠡᠮᠬᠢ ᠵᠢᠷᠤᠮ  ᠲᠠᠢ ᠪᠠᠶᠢᠵᠤ᠂ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠲᠠ᠂ ᠮᠥᠷᠯᠡᠨ ᠵᠣᠭᠰᠣᠵᠤ ᠪᠢᠯᠧᠲ ᠪᠠᠶᠢᠴᠠᠭᠠᠵᠤ ᠲᠡᠷᠭᠡᠨ ᠳᠤ  ᠭᠠᠷᠬᠤ ᠡᠯ᠎ᠠ ᠶᠠᠪᠤᠴᠨ ᠢᠯᠭᠤᠮ ᠤᠷᠤᠭᠰᠢᠳᠠᠢ ᠪᠠᠶᠢᠯ᠎ᠠ᠃        ᠰᠢᠯᠢ ᠶᠢᠨ ᠬᠤᠳᠠ ᠶᠢᠨ ᠲᠡᠷᠭᠡᠨ ᠥᠷᠲᠡᠭᠡᠨ ᠤ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠰᠦᠨ ᠳ᠋ᠦᠩ ᠄ 2024 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠤᠭᠤᠴᠠᠭᠠᠨ ᠳᠤ᠂ ᠮᠠᠨ ᠤ  ᠰᠢᠯᠢ ᠶᠢᠨ ᠬᠤᠳᠠ ᠶᠢᠨ ᠲᠡᠷᠭᠡᠨ ᠥᠷᠲᠡᠭᠡᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠴᠠ ᠥᠷᠭᠡᠨ ᠣᠯᠠᠨ ᠠᠶᠠᠨᠴᠢᠳ ᠎ ᠤᠨ ᠠᠮᠤᠷ ᠲᠦᠪᠰᠢᠨ  ᠎ ᠶᠢ ᠪᠦᠬᠦ ᠬᠦᠴᠦᠨ ᠪᠠᠷ ᠢᠶᠠᠨ ᠪᠠᠳᠤᠯᠠᠵᠤ᠂ ᠠᠮᠤᠷ ᠲᠦᠪᠰᠢᠨ ᠤ ᠪᠠᠶᠢᠴᠠᠭᠠᠯᠲᠠ ᠎ ᠳᠤ  ᠴᠠᠭᠠᠵᠠᠯᠠᠭᠰᠠᠨ ᠵᠢᠴᠢ ᠬᠢᠵᠠᠭᠠᠷᠯᠠᠭᠰᠠᠨ ᠡᠳ᠋ ᠪᠣᠳᠠᠰ ᠢ ᠤᠷᠢᠳᠴᠢᠯᠠᠨ ᠣᠶᠢᠯᠠᠭᠠᠵᠤ᠂ ᠲᠡᠷᠭᠡᠨ ᠳᠤ ᠰᠠᠭᠤᠬᠤ ᠬᠤᠭᠤᠴᠠᠭᠠᠨ ᠳᠤ ᠥᠪᠡᠷ ᠤᠨ ᠡᠳ᠋ ᠪᠣᠳᠠᠰ ᠢᠶᠠᠨ ᠰᠠᠶᠢᠲᠤᠷ ᠬᠠᠮᠢᠶᠠᠷᠴᠤ᠂ ᠭᠡᠭᠡᠭᠳᠡᠬᠦ ᠠᠴᠠ ᠰᠡᠷᠭᠡᠶᠢᠯᠡᠬᠦ ᠬᠡᠷᠡᠭᠲᠡᠢ ᠭᠡᠵᠤ ᠰᠠᠨᠠᠭᠤᠯᠵᠤ ᠪᠠᠶᠢᠨ᠎ᠠ᠃      2024 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ 1 ᠰᠠᠷ᠎ᠠ ᠶᠢᠨ 26᠎ ᠤ ᠡᠳᠦᠷ ᠠᠴᠠ ᠡᠬᠢᠯᠡᠵᠦ᠂ 3 ᠰᠠᠷ᠎ᠠ ᠶᠢᠨ 5᠎ ᠤ ᠡᠳᠦᠷ  ᠪᠤᠯᠳᠠᠯ᠎ᠠ ᠨᠡᠶᠢᠲᠡ 40 ᠦᠷᠬᠦᠯᠵᠢᠯᠡᠬᠦ ᠪᠤᠯᠤᠨ᠎ᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ  ᠪᠠᠳᠤᠯᠠᠨ ᠬᠠᠮᠤᠭ ᠶᠡᠭᠡ ᠬᠡᠮᠵᠢᠶ᠎ᠡ ᠪᠠᠷ ᠠᠶᠠᠨᠴᠢᠳ ᠤᠨ ᠶᠠᠪᠤᠵᠤ ᠰᠠᠭᠤᠬᠤ ᠵᠢᠴᠢ ᠪᠠᠷᠠᠭ᠎ᠠ ᠲᠡᠭᠡᠭᠡᠪᠦᠷᠢᠯᠡᠬᠦ ᠬᠡᠷᠡᠭᠴᠡᠭᠡ  ᠶᠢ  ᠬᠠᠩᠭᠠᠬᠤ ᠶᠢᠨ ᠲᠦᠯᠦᠭᠡ᠂  ᠰᠢᠯᠢ ᠶᠢᠨ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠡᠯ᠎ᠡ ᠵᠦᠢᠯ ᠤᠨ ᠡᠭᠦᠷᠭᠡ ᠪᠠᠨ ᠤᠷᠢᠳᠴᠢᠯᠠᠨ ᠪᠠᠶᠢᠷᠢᠯᠠᠭᠤᠯᠵᠤ᠂ ︽2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠥᠰᠥᠯ︾᠎ ᠢ ᠲᠣᠭᠲᠠᠭᠠᠵᠤ᠂ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ᠂ ᠶᠡᠬᠡᠪᠡᠷ ᠴᠡᠭᠴᠡᠯᠡᠨ ᠵᠠᠰᠠᠬᠤ︾ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠂ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠵᠠᠭᠤᠨ ᠡᠳᠦᠷ ᠤᠨ ᠠᠵᠢᠯᠯᠠᠭ᠎ᠠ ᠵᠡᠷᠭᠡ ᠶᠢ ᠢᠳᠡᠪᠬᠢᠲᠡᠢ  ᠦᠷᠨᠢᠬᠦᠯᠦᠭᠰᠠᠨ ᠪᠠᠶᠢᠨ᠎ᠠ᠃        ᠰᠢᠯᠢ ᠶᠢᠨ ᠬᠤᠳᠠ ᠶᠢᠨ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠶᠢᠨ ᠠᠯᠪᠠᠨ ᠭᠡᠷ ᠤᠨ ᠡᠷᠬᠢᠯᠡᠭᠴᠢ ᠼᠠᠢ ᠵᠢᠩ ᠸᠧᠨ᠄ ᠴᠠᠭᠠᠨ ᠰᠠᠷ᠎ᠠ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠤᠭᠤᠴᠠᠭᠠᠨ ᠳᠤ᠂ ᠪᠢᠳᠡ ᠭᠤᠣᠯᠳᠠᠯᠭ᠎ᠠ  ᠲᠠᠢ ᠠᠵᠢᠯ ᠤᠨ ᠪᠠᠶᠢᠷᠢ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂  ᠪᠠᠴᠢᠮ ᠪᠠᠶᠢᠳᠠᠯ ᠢ ᠠᠷᠭᠠᠴᠠᠬᠤ ᠲᠥᠰᠥᠪ ᠢ ᠤᠷᠢᠳᠴᠢᠯᠠᠨ ᠰᠠᠶᠢᠲᠤᠷ ᠬᠢᠵᠦ᠂ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠪᠡᠯᠡᠳᠬᠡᠯ ᠳᠤᠭᠤᠶᠢᠯᠠᠩ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠲᠡᠷᠭᠡᠨ ᠪᠢᠯᠧᠲ ᠢ ᠤᠷᠢᠳᠴᠢᠯᠠᠨ ᠬᠤᠳᠠᠯᠳᠤᠬᠤ ᠪᠠᠶᠢᠳᠠᠯ ᠢ ᠠᠩᠬᠠᠷᠴᠤ᠂ ᠲᠡᠭᠡᠭᠡᠪᠦᠷᠢ ᠶᠢᠨ ᠬᠡᠷᠡᠭᠴᠡᠭᠡ ᠶᠢ ᠰᠤᠳᠤᠯᠤᠨ ᠮᠠᠭᠠᠳᠯᠠᠵᠤ᠂ ᠪᠠᠴᠢᠮ ᠳᠤᠲᠠᠭᠳᠠᠵᠤ ᠪᠠᠶᠢᠭ᠎ᠠ ᠡᠭᠡᠯᠵᠢ ᠶᠢᠨ ᠱᠤᠭᠤᠮ ᠢ ᠴᠠᠭ ᠲᠤᠬᠠᠢ ᠳᠤᠨᠢ ᠨᠡᠮᠡᠨ ᠨᠡᠭᠡᠭᠡᠵᠦ᠂  ᠠᠶᠠᠨᠴᠢᠳ ᠤᠨ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠶᠢ ᠬᠠᠮᠤᠭ  ᠶᠡᠭᠡ ᠬᠡᠮᠵᠢᠶ᠎ᠡ ᠪᠠᠷ  ᠬᠠᠩᠭᠠᠵᠤ ᠪᠠᠶᠢᠨ᠎ᠠ᠃      ᠴᠠᠭᠠᠨ ᠰᠠᠷ᠎ᠠ ᠦᠢᠷᠠᠳᠬᠤ ᠶᠢ ᠲᠠᠭᠠᠯᠳᠤᠨ᠂ ᠮᠠᠨ ᠤ ᠤᠯᠤᠰ ᠤᠨ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠵᠢᠱᠢᠯᠲᠡ ᠪᠠᠷ᠂ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠪᠥᠬᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ ᠶᠢᠨ ᠬᠡᠪᠴᠢᠶ᠎ᠡ ᠰᠢᠨ᠎ᠡ ᠲᠡᠮᠳᠡᠭᠯᠡᠯ ᠡᠭᠦᠳᠬᠦ ᠪᠣᠯᠣᠨ᠎ᠠ᠃ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠠᠷᠢᠯᠭᠠᠬᠤ ᠶᠢᠨ ᠲᠥᠯᠥᠭᠡ᠂ ᠰᠢᠯᠢ ᠶᠢᠨ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠤᠯᠢ ᠣᠲᠣ ᠪᠠᠷ ᠬᠢᠨᠠᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ  ᠲᠡᠭᠡᠭᠰᠢᠯᠡᠬᠦᠯᠵᠤ ᠪᠠᠶᠢᠨ᠎ᠠ᠃      ᠤᠳᠤᠬᠠᠨ ᠪᠣᠯᠲᠠᠯ᠎ᠠ᠂  ᠰᠢᠯᠢ ᠶᠢᠨ ᠬᠤᠳᠠ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠪᠠᠶᠢᠴᠠᠭᠠᠯᠲᠠ ᠶᠢᠨ ᠠᠵᠤ ᠠᠬᠤᠶᠢᠯᠠᠯ ᠢ ᠨᠡᠶᠢᠲᠡ 178 ᠤᠳᠠᠭ᠎ᠠ ᠥᠷᠨᠢᠭᠦᠯᠵᠦ᠂ 200 ᠭᠠᠷᠤᠢ ᠲᠡᠷᠭᠡ ᠬᠥᠰᠬᠡ ᠶᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ 11 ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂  ᠪᠦᠬᠦᠨ ᠢ ᠴᠡᠭᠴᠡᠯᠡᠨ ᠵᠠᠰᠠᠵᠤ  ᠲᠠᠭᠤᠰᠬᠠᠵᠠᠢ᠃    ᠪᠤᠯᠤᠷ᠂ ᠯᠢᠦ ᠰᠢᠶᠣᠣ ᠴᠢ᠂ ᠱᠢ ᠯᠦ ᠱᠧᠩ᠂ ᠯᠢᠦ ᡁᠢ ᠬᠤᠤ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号