ᠣᠶᠢᠷ᠎ᠠ ᠳᠤ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ | ᠰᠡᠷᠭᠦᠯᠡᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠬᠢᠨ | ᠰᠠᠶᠢᠲᠤᠷ ᠬᠡᠷᠡᠭᠵᠢᠭᠦᠯᠬᠦ ᠲᠤᠬᠠᠢ ᠰᠣᠷᠪᠤᠯᠵᠢᠯᠠᠭ᠎ᠠ ᠬᠦᠯᠢᠶᠡᠬᠦ ᠳᠡᠭᠡᠨ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︿ᠪᠦᠰᠡᠯᠡᠯᠲᠡ ᠰᠢᠪᠲᠤᠯᠬᠤ﹀ | ᠢᠨᠵᠧᠨᠧᠷᠢᠩ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠦ᠂ ᠰᠢᠨ᠎ᠡ ᠠᠵᠤ ᠦᠢᠯᠡᠰ ᠰᠢᠨ᠎ᠡ ᠤᠷᠤᠯᠳᠤᠭᠠᠨ ᠤ ᠵᠠᠮ ᠢ | ᠢᠳᠡᠪᠬᠢᠲᠡᠢ ᠪᠤᠶᠢᠵᠢᠭᠤᠯᠤᠨ᠎ᠠ᠃ ᠮᠠᠨ ᠤ ᠠᠶᠢᠮᠠᠭ ᠰᠢᠨ᠎ᠡ ᠡᠨᠧᠷᠭᠢ᠂ ᠡᠭᠦᠯᠳᠡᠷ ᠪᠤᠶᠢᠵᠢᠭᠤᠯᠬᠤ᠂ ᠠᠮᠢ ᠠᠬᠤᠢ ᠶᠢ | ᠰᠡᠷᠭᠦᠭᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠷᠥᠯ ᠵᠦᠢᠯ ᠢ ᠴᠢᠨᠠᠷ ᠰᠠᠶᠢᠲᠠᠢ ᠬᠡᠷᠡᠭᠵᠢᠭᠦᠯᠬᠦ ᠶᠢᠨ ᠬᠠᠮᠲᠤ ᠳᠡᠭᠡᠳᠦ ᠲᠠᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠨ᠎ᠠ ᠭᠡᠪᠡ᠃ | ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠪᠠᠷ ᠰᠢᠪᠳᠤᠯᠤᠯᠳᠠ ᠶᠢᠨ ᠴᠡᠭ ᠪᠣᠯᠭᠠᠵᠤ᠂ ︽ᠬᠤᠣᠰ ᠪᠠᠶᠢᠴᠠᠭᠠᠯᠲᠠ᠂ ᠬᠤᠣᠰ ᠦᠢᠯᠡᠴᠢᠯᠡᠭᠡ︾ ᠶᠢ | ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ | ᠂ ᠠᠵᠤ ᠠᠬᠤᠶᠢᠯᠠᠯᠲᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠦᠨ᠂ | ᠤᠴᠠᠯᠢᠬᠳᠦ ᠦᠢᠯᠡᠴᠢᠯᠡᠭᠡ ᠪᠠ ᠵᠢᠯᠣᠭᠤᠳᠤᠯᠭ᠎ᠠ ᠬᠠᠩᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ | ᠨᠡᠮᠡᠭᠳᠡᠭᠦᠯᠬᠦ︾ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠦᠬᠡᠷ ᠤᠨ ᠰᠢᠨ᠎ᠡ ᠡᠭᠦᠯᠳᠡᠷ ᠢ ᠪᠤᠶᠢᠵᠢᠭᠤᠯᠬᠤ᠂ ᠰᠥᠨᠢᠳ | ᠬᠤᠨᠢᠨ ᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠲᠠᠯ᠎ᠠ ᠶᠢᠨ ᠰᠢᠨᠵᠢᠯᠡᠬᠦ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠪᠡ᠃ 2023 ᠣᠨ ᠤ ᠰᠡᠭᠦᠯᠴᠢ ᠪᠤᠯᠳᠠᠯ᠎ᠠ᠂ ᠮᠠᠨ ᠤ ᠠᠶᠢᠮᠠᠭ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 54 ᠪᠣᠯᠵᠤ᠂ ᠪᠥᠬᠦ ᠵᠢᠯ ᠳᠤ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠡᠶᠢᠲᠡ 76 ᠪᠣᠯᠪᠠ︔ | ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ 107 ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠮᠦᠡᠭᠭᠦ 1.01 | ᠳ᠋ᠦᠩᠰᠢᠭᠤᠷ ᠲᠥᠭᠦᠷᠢᠭ᠂ ᠮᠡᠷᠭᠡᠵᠢᠯ ᠤᠨ ᠠᠷᠠᠯᠵᠢᠶᠠᠨ ᠤ ᠦᠷᠳᠡᠭ 4758.2 ᠲᠦᠮᠡᠨ ᠲᠥᠭᠦᠷᠢᠭ ᠲᠤ ᠬᠦᠷᠴᠡᠢ᠃ | 2024 ᠣᠨ ᠳᠤ᠂ ᠮᠠᠨ ᠤ ᠠᠶᠢᠮᠠᠭ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ | ᠴᠢᠨᠠᠷ ᠰᠠᠶᠢᠲᠠᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠭᠦᠴᠦᠯᠡᠨ᠎ᠠ᠃ ᠦᠷ᠎ᠡ ᠶᠢᠨ ᠦᠢᠯᠡᠰ᠂ | ᠰᠠᠭᠠᠯᠢ ᠶᠢᠨ ᠦᠢᠯᠡᠰ᠂ ᠡᠪᠡᠰᠦᠨ ᠤ ᠦᠢᠯᠡᠰ᠂ ᠲᠣᠨᠣᠭᠯᠠᠯ ᠤᠶᠢᠯᠡᠳᠬᠦ ᠦᠢᠯᠡᠰ᠂ ᠠᠮᠢ ᠠᠬᠤᠢ ᠶᠢ ᠬᠠᠮᠠᠭᠠᠯᠠᠬᠤ ᠪᠠ | ᠰᠡᠷᠭᠦᠭᠡᠬᠦ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠬᠢᠲᠠᠳ ᠡᠮ ᠡᠮᠨᠡᠯᠭᠡ ᠵᠡᠷᠭᠡ ᠲᠤᠯᠭᠠᠭᠤᠷᠢ ᠠᠵᠤ | ᠦᠢᠯᠡᠰ ᠤᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ | ᠪᠠ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠬᠡᠷᠡᠭᠯᠡᠭᠡᠨ ᠤ ᠮᠡᠷᠭᠡᠵᠢᠯ ᠬᠢᠭᠡᠳ ᠰᠤᠳᠤᠯᠤᠨ ᠨᠡᠭᠡᠭᠡᠬᠦ ᠲᠥᠷᠥᠯ ᠵᠦᠢᠯ ᠪᠠ | ᠮᠠᠩᠯᠠᠶᠢᠯᠠᠬᠤ ᠴᠢᠨᠠᠷᠳᠠᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ | ᠡᠭᠦᠨ ᠤ ᠬᠠᠮᠲᠤ᠂ ᠥᠨᠳᠥᠷ ᠲᠦᠪᠰᠢᠨ ᠢᠶᠠᠷ ᠰᠢᠨ᠎ᠡ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠵᠤ᠂ ᠣᠷᠣᠨ ᠤ | ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ | ᠪᠠᠶᠢᠭᠤᠯᠤᠯᠲᠠ ᠪᠠ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ |