ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ  ᠬᠤᠷᠢᠶ᠎ᠠ 93 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/2
     2 ᠳ᠋ᠤᠭᠠᠷ ᠰᠠᠷ᠎ᠠ ᠶᠢᠨ 1 ᠤ ᠡᠳᠦᠷ᠂  ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 93 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠤᠭᠰᠠᠨ ᠪᠠᠶᠢᠨ᠎ᠠ᠃      ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ‌‍ᠰᠢᠶᠠᠨ ᠤ ᠠᠭᠤᠯᠠ ᠶᠡᠭᠦᠷᠡᠭᠰᠡᠨ ᠪᠠ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠨᠢᠭᠡᠨ ᠵᠡᠭᠡᠯᠢ ᠶᠢᠨ ᠲᠡᠯᠭᠡᠬᠦᠷ ᠭᠠᠯ ᠠᠯᠳᠠᠭᠰᠠᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠤᠯᠠᠮᠵᠢᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠳᠤ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠠᠮᠤᠭ ᠴᠢᠩᠭ᠎ᠠ ᠱᠠᠭᠠᠷᠳᠠᠯᠭ᠎ᠠ᠂ ᠬᠠᠮᠤᠭ ᠬᠠᠲᠠᠭᠤ ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠥᠮᠥᠨ ᠤᠯᠠᠨ ᠴᠤᠭᠯᠠᠷᠠᠳᠠᠭ ᠲᠠᠯᠠᠪᠤᠷ ᠵᠡᠷᠭᠡ ᠭᠤᠣᠯᠳᠠᠯᠭ᠎ᠠ ᠲᠠᠢ ᠭᠠᠵᠠᠷ ᠤᠷᠤᠨ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠢᠩᠭ᠎ᠠ  ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠣᠳᠠᠲᠠᠢ ᠪᠠᠷ ᠠᠷᠢᠯᠭᠠᠬᠤ ᠶᠢ ᠦᠨᠡᠨᠬᠦ ᠪᠠᠲᠤᠯᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠬᠤᠷᠠᠯ  ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠨᠥᠬᠦᠷ ᠤᠨ ᠡᠯ᠎ᠡ ᠠᠶᠢᠮᠠᠭ ᠬᠤᠳᠠ ᠪᠣᠯᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ︵ᠠᠵᠢᠯᠴᠢᠨ︶ ᠤᠨ  ᠠᠵᠢᠯᠯᠠᠬᠤ ᠵᠦᠪᠯᠡᠯ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ ᠲᠤᠰᠢᠶᠠᠯ ᠤᠨ ᠮᠡᠳᠡᠭᠦᠯᠦᠯᠲᠡ ᠬᠢᠬᠦ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠤᠯᠠᠮᠵᠢᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ︽ᠮᠢᠩᠭᠠᠨ ᠲᠦᠮᠡ ᠶᠢᠨ ᠢᠨᠵᠧᠨᠧᠷᠢᠩ︾  ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠤᠨ ᠶᠠᠰᠤ ᠴᠢᠨᠠᠷ ᠦᠷ᠎ᠡ ᠠᠰᠢᠭ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠳᠤ᠂ 2024 ᠣᠨ ᠤ ᠪᠦᠬᠦ ᠬᠤᠳᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠰᠢᠨ᠎ᠡ ᠪᠠᠷ ᠣᠷᠣᠭᠤᠯᠤᠨ ᠠᠪᠴᠢᠷᠠᠭᠰᠠᠨ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠲᠥᠯᠥᠪᠯᠡᠭᠡ ᠶᠢᠨ ᠲᠤᠯᠭᠠᠭᠤᠷᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ ᠲᠣᠬᠢᠷᠠᠭᠤᠯᠬᠤ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠵᠦ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠵᠦ᠂ ᠪᠦᠬᠦ ᠵᠢᠯ ᠤᠨ ᠠᠵᠤ ᠠᠬᠤᠢ ᠶᠢᠨ ᠠᠵᠢᠯ  ᠳᠤ ᠰᠠᠶᠢᠨ ᠰᠠᠭᠤᠷᠢ  ᠲᠠᠢ ᠪᠣᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃       ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号