ᠰᠢᠯᠢ ᠶᠢᠨ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/2/20
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ᠄      ︽ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶᠂ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠪᠥᠬᠦ ᠠᠶᠢᠮᠠᠭ ᠤᠨ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ︾ ︵ᠰᠢᠯᠢ ᠶᠢᠨ ᠵᠠᠬᠢᠷᠭ᠎ᠠ ᠥᠰᠥᠭ ﹇2024﹈ 27 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠳᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠳ᠋ᠦᠩ ᠳᠤ ᠮᠠᠨ ᠤ ᠬᠤᠳᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃      ᠬᠤᠶᠠᠷ᠂ ᠬᠠᠷᠠᠯᠲᠠ ᠶᠢᠨ ᠡᠭᠦᠷᠭᠡ      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠢᠨ ᠶᠣᠰᠣᠭᠠᠷ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠳᠣᠣᠷᠠᠬᠢ ᠮᠡᠲᠦ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠠ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ︔ ᠭᠤᠷᠪᠠ ᠳᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠲᠡᠦᠬᠡ ᠶᠢᠨ ᠳᠤᠷᠠᠰᠬᠠᠯᠲᠤ ᠵᠦᠢᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃      ᠳᠤᠭᠤᠶᠢᠯᠠᠩ ᠤᠨ ᠳᠠᠷᠤᠭ᠎ᠠ᠄ ᠯᠦ ᡁᠢ ᠮᠢᠨ    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ      ᠨᠠᠪᠴᠢᠮ᠎ᠠ    ᠵᠠᠰᠠᠭ ᠤᠨ ᠣᠷᠳᠣᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠵᠧᠩ ᠯᠢ ᠸᠧᠢ    ᠵᠠᠰᠠᠭ ᠤᠨ ᠣᠷᠳᠣᠨ ᠤ ᠠᠯᠪᠠᠨ ᠭᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ      ᠪᠠᠢ ᠪᠦᠦ ᠱᠠᠨ    ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ      ᠨᠣᠮᠢᠨ    ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠳᠤ ᠲᠣᠬᠢᠷᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠪᠠᠢ ᠪᠦᠦ ᠱᠠᠨ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠨᠣᠮᠢᠨ ᠬᠠᠪᠰᠤᠷᠭᠠᠨ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠳᠤᠮ ᠤᠨ ᠵᠣᠬᠢᠶᠠᠨ ᠪᠠᠶᠢᠭᠤᠯᠬᠤ ᠪᠠ ᠪᠣᠳᠠᠲᠠᠢ ᠵᠣᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤᠷᠢᠳᠬᠤ ᠳᠤᠭᠤᠶᠢᠯᠠᠩ ᠨᠢ ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ      ᠳᠥᠷᠪᠡ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢᠨ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ      ᠮᠠᠨ ᠤ ᠬᠤᠲᠠ ᠶᠢᠨ ᠨᠤᠲᠤᠭ ᠳᠡᠪᠢᠰᠬᠡᠷ ᠥᠷᠭᠡᠨ ᠠᠭᠤᠳᠠᠮ ᠬᠥᠮᠥᠨ ᠠᠮᠠ ᠴᠥᠭᠡᠨ᠂ ᠣᠯᠠᠩᠬᠢ ᠲᠡᠦᠬᠡ ᠶᠢᠨ ᠳᠤᠷᠠᠰᠬᠠᠯᠲᠤ ᠵᠦᠢᠯ ᠬᠡᠭᠡᠷ᠎ᠡ ᠲᠠᠷᠬᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠰᠠᠯᠠᠭ᠎ᠠ ᠮᠥᠴᠢᠷ ᠤᠨ ᠠᠵᠢᠯᠲᠠᠨ ᠤ ᠬᠦᠴᠦᠨ ᠪᠠᠭᠤᠷᠠᠢ ᠪᠣᠯᠬᠤᠷ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠶᠢᠨ ᠲᠤᠰᠠᠳᠠ᠂ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠳᠡᠮ ᠪᠠᠶᠢᠴᠠᠭᠠᠯᠲᠠ ᠶᠢᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠶᠢᠨ ᠮᠠᠯᠵᠢᠯ ᠤᠨ ᠲᠠᠯᠠᠪᠠᠶ ᠠᠴᠠ ᠬᠥᠮᠥᠰ ᠢ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠲᠡᠳᠡᠨ ᠣᠷᠣᠭᠤᠯᠵᠤ᠂ ᠲᠡᠳᠡᠨ ᠤ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠤᠤᠯ ᠤᠨ ᠨᠢᠭᠡᠴᠡ ᠠᠴᠠ ᠡᠭᠦᠷᠭᠡᠯᠡᠨ᠎ᠡ᠃      ᠲᠠᠪᠤ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠣᠨ ᠠᠭᠤᠯᠭ᠎ᠠ      ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠪᠥᠬᠦ ᠬᠤᠲᠠ ᠶᠢᠨ ᠬᠡᠪᠴᠢᠶᠡᠨ ᠳᠤ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ 88 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠨ᠎ᠡ᠃      ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠳᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃      ᠵᠢᠷᠭᠤᠭ᠎ᠠ᠂ ᠴᠠᠭ ᠤᠨ ᠲᠣᠬᠢᠷᠠᠭᠤᠯᠤᠯᠲᠠ      ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢᠨ ᠴᠠᠭ ᠨᠢ 2024 ᠣᠨ ᠤ 4 ᠰᠠᠷ᠎ᠠ ᠶᠢᠨ 30 ᠤ ᠡᠳᠦᠷ ᠠᠴᠠ ᠡᠬᠢᠯᠡᠨ᠎ᠡ᠃      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠭᠤᠣᠯ ᠪᠦᠷᠢᠯᠳᠦᠭᠦᠨ ᠬᠡᠰᠡᠭ᠂ ᠤᠯᠤᠰ ᠤᠨ ᠲᠡᠦᠬᠡ ᠰᠣᠶᠣᠯ ᠤᠨ ᠥᠪ ᠤᠨ ᠠᠶᠤᠯ ᠦᠭᠡᠢ ᠶᠢ ᠦᠨᠡᠨᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠪᠣᠯᠬᠤ ᠲᠤᠯᠠ᠂ ᠡᠯ᠎ᠡ ᠰᠤᠮᠤ ᠪᠠᠯᠭᠠᠰᠤ ᠶᠢᠨ ᠮᠠᠯᠵᠢᠯ ᠤᠨ ᠲᠠᠯᠠᠪᠠᠢ᠂ ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠳᠤ ᠬᠡᠷᠡᠭᠰᠡᠬᠦ ᠵᠠᠷᠤᠳᠠᠯ ᠢ ᠣᠨ ᠢᠶᠠᠷ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠴᠠᠭ ᠲᠤᠬᠠᠢ ᠳᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃      ︵ᠭᠤᠷᠪᠠ︶ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠡᠯ᠎ᠡ ᠰᠤᠮᠤ ᠪᠠᠯᠭᠠᠰᠤ ᠶᠢᠨ ᠮᠠᠯᠵᠢᠯ ᠤᠨ ᠲᠠᠯᠠᠪᠠᠶ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠢᠭᠲᠠ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠳᠤ ᠣᠷᠣᠯᠴᠠᠭᠰᠠᠨ ᠰᠠᠯᠠᠭ᠎ᠠ ᠮᠥᠴᠢᠷ ᠤᠨ ᠠᠵᠢᠯᠲᠠᠳ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠣᠯᠣᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠰᠢᠢᠳᠪᠦᠷᠢᠯᠡᠨ᠎ᠡ᠃      2024 ᠣᠨ ᠤ 2 ᠰᠠᠷ᠎ᠠ ᠶᠢᠨ 6 ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号