︽2024 ᠣᠨ ᠤ ᠰᠢᠯᠢ ᠶᠢᠨ ᠬᠤᠲᠠ ᠶᠢᠨ ︿ᠥᠯᠵᠡᠶᠢᠲᠦ ᠡᠳᠦᠷ ᠤᠨ ᠪᠠᠶᠠᠷ﹀ ᠤᠨ ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/2/21
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ᠄      ᠡᠳᠦᠭᠡ ︽2024 ᠣᠨ ᠤ ᠰᠢᠯᠢ ᠶᠢᠨ ᠬᠤᠲᠠ ᠶᠢᠨ ︿ᠥᠯᠵᠡᠶᠢᠲᠦ ᠡᠳᠦᠷ ᠤᠨ ᠪᠠᠶᠠᠷ﹀ ᠤᠨ ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃      2024 ᠣᠨ ᠤ 2 ᠰᠠᠷ᠎ᠠ ᠶᠢᠨ 21 ᠤ ᠡᠳᠦᠷ 2024 ᠣᠨ ᠤ ᠰᠢᠯᠢ ᠶᠢᠨ ᠬᠤᠲᠠ ᠶᠢᠨ ︿ᠥᠯᠵᠡᠶᠢᠲᠦ ᠡᠳᠦᠷ ᠤᠨ ᠪᠠᠶᠠᠷ﹀ ᠤᠨ ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ      ᠪᠥᠬᠦ ᠬᠤᠲᠠ ᠶᠢᠨ ᠠᠷᠠᠳ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠵᠢᠭᠤᠯᠴᠢᠯᠠᠯ ᠰᠡᠯᠡᠭᠦᠴᠡᠯ ᠪᠠ ᠠᠷᠠᠳ ᠤᠨ ᠵᠠᠩ ᠦᠶᠯᠡ ᠶᠢᠨ ᠠᠵᠢᠯᠯᠠᠭ᠎ᠠ ᠶᠢ ᠪᠠᠶᠠᠯᠢᠭᠵᠢᠭᠤᠯᠤᠨ᠂ ︿ᠥᠯᠵᠡᠶᠢᠲᠦ ᠡᠳᠦᠷ ᠤᠨ ᠪᠠᠶᠠᠷ﹀ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠮᠠᠨ ᠤ ᠬᠤᠲᠠ ︽ᠵᠢᠭᠤᠯᠴᠢᠯᠠᠯ ᠢᠶᠠᠷ ᠬᠠᠪᠤᠷ ᠢ ᠤᠭᠲᠤᠵᠤ᠂ ᠰᠡᠯᠡᠭᠦᠴᠡᠨ ᠰᠢᠨᠡᠯᠡᠬᠦ︾ ᠶᠢ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠠᠮᠢᠳᠤᠯᠢᠭ ᠢᠯᠡᠷᠡᠯ ᠪᠣᠯᠭᠠᠵᠤ᠂ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ 2024 ᠣᠨ ᠤ ︿ᠥᠯᠵᠡᠶᠢᠲᠦ ᠡᠳᠦᠷ ᠤᠨ ᠪᠠᠶᠠᠷ﹀ ᠨᠢ ᠥᠯᠵᠡᠶᠢᠲᠦ ᠡᠳᠦᠷ ᠤᠨ ᠲᠣᠭᠯᠠᠯᠲᠠ᠂ ᠥᠯᠵᠡᠶᠢᠲᠦ ᠡᠳᠦᠷ ᠤᠨ ᠳ᠋ᠧᠩᠯᠦ ᠲᠠᠭᠠᠬᠤ᠂ ᠥᠯᠵᠡᠶᠢᠲᠦ ᠡᠳᠦᠷ ᠤᠨ ᠴᠠᠭᠠᠨ ᠰᠠᠷ᠎ᠠ ᠶᠢᠨ ᠴᠤᠭᠯᠠᠭ᠎ᠠ ᠮᠠᠶᠢᠮᠠᠢ᠂ ᠥᠯᠵᠡᠶᠢᠲᠦ ᠡᠳᠦᠷ ᠤᠨ ᠬᠤᠸᠠᠷ ᠫᠤᠤᠵᠢᠩ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠰᠢᠷᠢᠰ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠨᠴᠣᠭᠤᠶᠢᠯᠠᠨ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠄      ᠨᠢᠭᠡ᠂ ᠠᠵᠢᠯᠯᠠᠭ᠎ᠠ ᠶᠢᠨ ᠭᠤᠣᠯ ᠰᠡᠳᠦᠪ      ︽ᠷᠢᠳᠢ ᠰᠢᠳᠢ ᠲᠠᠢ ᠤᠮᠠᠷᠠᠲᠤ ᠬᠢᠯᠢ · ᠵᠣᠯ ᠵᠢᠷᠭᠠᠯᠲᠤ ᠰᠢᠯᠢ ᠶᠢᠨ ᠬᠤᠲᠠ︾ 2024 ᠰᠢᠯᠢ ᠶᠢᠨ ᠬᠤᠲᠠ ᠶᠢᠨ ᠥᠯᠵᠡᠶᠢᠲᠦ ᠡᠳᠦᠷ ᠤᠨ ᠪᠠᠶᠠᠷ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ      ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠭᠤᠣᠯᠯᠠᠨ ᠡᠷᠭᠢᠯᠡᠬᠦ ᠨᠢᠭᠡᠴᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ      ᠳᠠᠭᠠᠭᠠᠨ ᠭᠦᠢᠴᠡᠳᠬᠡᠬᠦ ᠨᠢᠭᠡᠴᠡ᠄ ᠰᠢᠯᠢ ᠶᠢᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠯᠢ ᠶᠢᠨ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ      ᠬᠡᠷᠡᠭᠵᠢᠭᠦᠯᠬᠦ ᠨᠢᠭᠡᠴᠡ᠄ ᠰᠢᠯᠢ ᠶᠢᠨ ᠬᠤᠲᠠ ᠶᠢᠨ ᠵᠢᠶᠦ᠋ᠨ ᡂᠢ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ      ᠭᠤᠷᠪᠠ᠂ ᠴᠠᠭ ᠭᠠᠵᠠᠷ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ︵ᠴᠠᠭᠠᠨ ᠰᠠᠷ᠎ᠠ ᠶᠢᠨ 15 ᠤ ᠡᠳᠦᠷ︶      ᠠᠵᠢᠯᠯᠠᠭ᠎ᠠ ᠶᠢᠨ ᠭᠠᠵᠠᠷ᠄ ᠰᠢᠯᠢ ᠶᠢᠨ ᠬᠤᠲᠠ ᠣᠷᠣᠨ      ᠳᠥᠷᠪᠡ᠂ ᠠᠵᠢᠯᠯᠠᠭ᠎ᠠ ᠶᠢᠨ ᠲᠣᠬᠢᠷᠠᠭᠤᠯᠤᠯᠲᠠ      ᠲᠤᠰ ᠠᠵᠢᠯᠯᠠᠭ᠎ᠠ ᠶᠢ ᠳᠣᠯᠣᠭᠠᠨ ᠲᠣᠮᠣ ᠬᠡᠰᠡᠭ ᠲᠤ ᠬᠤᠪᠢᠶᠠᠨ᠎ᠠ᠄ ᠰᠢᠨ᠎ᠡ ᠶᠢᠨ ᠰᠣᠨᠢᠷᠬᠠᠯ· ᠥᠯᠵᠡᠶᠢᠲᠦ ᠡᠳᠦᠷ ᠤᠨ ᠲᠣᠭᠯᠠᠯᠲᠠ ᠶᠢ ᠦᠵᠡᠬᠦ᠂ ᠰᠢᠨ᠎ᠡ ᠶᠢᠨ ᠳᠠᠳᠬᠠᠯ· ᠥᠯᠵᠡᠶᠢᠲᠦ ᠡᠳᠦᠷ ᠤᠨ ᠳ᠋ᠧᠩᠯᠦ ᠶᠢᠨ ᠣᠨᠢᠰᠤᠭ᠎ᠠ ᠶᠢ ᠳᠠᠭᠠᠬᠤ᠂ ᠰᠢᠨ᠎ᠡ ᠶᠢᠨ ᠠᠮᠢᠰᠬᠤᠯ· ᠥᠯᠵᠡᠶᠢᠲᠦ ᠦᠳᠡᠰᠢ ᠶᠢᠨ ᠴᠤᠭᠯᠠᠭ᠎ᠠ ᠮᠠᠶᠢᠮᠠᠢ ᠪᠠᠷ ᠲᠣᠭᠤᠷᠢᠬᠤ᠂ ᠰᠢᠨ᠎ᠡ ᠶᠢᠨ ᠪᠡᠯᠡᠭ· ᠥᠯᠵᠡᠶᠢᠲᠦ ᠡᠳᠦᠷ ᠤᠨ ᠪᠠᠶᠠᠷ ᠤᠨ ᠪᠡᠯᠡᠭ᠂ ᠰᠢᠨ᠎ᠡ ᠶᠢᠨ ᠵᠦᠩᠨᠡᠯ· ᠥᠯᠵᠡᠶᠢᠲᠦ ᠡᠳᠦᠷ ᠤᠨ ᠬᠤᠸᠠᠷ ᠫᠤᠤᠵᠢᠩ ᠰᠣᠨᠢᠷᠬᠠᠬᠤ᠂ ᠬᠤᠲᠠ ᠶᠢᠨ ᠵᠣᠴᠢᠯᠠᠬᠤ ᠲᠢᠩᠬᠢᠮ ᠤᠨ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠪᠠ ᠥᠯᠵᠡᠶᠢᠲᠦ ᠡᠳᠦᠷ ᠤᠨ ᠪᠠᠶᠠᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠰᠢᠷᠢᠰ ᠠᠵᠢᠯᠯᠠᠭ᠎ᠠ᠃      ︵ᠨᠢᠭᠡ︶ ᠰᠢᠨ᠎ᠡ ᠶᠢᠨ ᠰᠣᠨᠢᠷᠬᠠᠯ· ᠥᠯᠵᠡᠶᠢᠲᠦ ᠡᠳᠦᠷ ᠤᠨ ᠲᠣᠭᠯᠠᠯᠲᠠ ᠶᠢ ᠦᠵᠡᠬᠦ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 9᠄ 30 ︱ 11᠄ 30      ᠬᠥᠳᠡᠯᠭᠡᠭᠡᠨ ᠬᠢᠬᠦ ᠭᠠᠵᠠᠷ᠄ ᠪᠡᠶᠢᠰᠡ ᠶᠢᠨ ᠰᠦᠮ᠎ᠡ ᠶᠢᠨ ᠲᠠᠯᠠᠪᠠᠢ      ᠠᠵᠢᠯᠯᠠᠭ᠎ᠠ ᠶᠢᠨ ᠠᠭᠤᠯᠭ᠎ᠠ᠄ ᠥᠯᠵᠡᠶᠢᠲᠦ ᠡᠳᠦᠷ ᠤᠨ ᠪᠠᠶᠠᠷ ᠤᠨ ᠭᠤᠶᠢᠳᠠ ᠰᠠᠶᠢᠬᠠᠨ ᠲᠣᠭᠯᠠᠯᠲᠠ᠂ ᠡᠭᠦᠨ ᠳᠤ ᠤᠯᠠᠭᠠᠨᠮᠥ᠋ᠴᠢᠷ ᠤᠨ ᠲᠣᠭᠯᠠᠯᠲᠠ᠂ ᠤᠯᠠᠮᠵᠢᠯᠠᠯᠲᠤ ᠬᠠᠷᠠᠩᠭ᠎ᠠ ᠬᠡᠩᠭᠡᠷᠭᠡ᠂ ᠯᠣᠣ ᠠᠷᠰᠯᠠᠨ ᠪᠥᠵᠢᠭ᠂ ᠶᠠᠩᠭᠠᠷ ᠪᠥᠵᠢᠭ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠵᠢᠴᠢ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠪᠠᠭᠲᠠᠨ᠎ᠠ᠃      ︵ᠬᠤᠶᠠᠷ︶ ᠰᠢᠨ᠎ᠡ ᠶᠢᠨ ᠳᠠᠳᠬᠠᠯ· ᠥᠯᠵᠡᠶᠢᠲᠦ ᠡᠳᠦᠷ ᠤᠨ ᠳ᠋ᠧᠩᠯᠦ ᠶᠢᠨ ᠣᠨᠢᠰᠤᠭ᠎ᠠ ᠶᠢ ᠳᠠᠭᠠᠬᠤ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 9᠄ 30 ︱ 12᠄ 00      ᠬᠥᠳᠡᠯᠭᠡᠭᠡᠨ ᠬᠢᠬᠦ ᠭᠠᠵᠠᠷ᠄ ᠪᠡᠶᠢᠰᠡ ᠶᠢᠨ ᠰᠦᠮ᠎ᠡ ᠶᠢᠨ ᠲᠠᠯᠠᠪᠠᠢ      ᠠᠵᠢᠯᠯᠠᠭ᠎ᠠ ᠶᠢᠨ ᠠᠭᠤᠯᠭ᠎ᠠ᠄ ᠥᠯᠵᠡᠶᠢᠲᠦ ᠡᠳᠦᠷ ᠤᠨ ᠠᠷᠪᠠᠨ ᠲᠠᠪᠤᠨ ᠤ ᠳ᠋ᠧᠩᠯᠦ ᠶᠢ ᠲᠤᠬᠠᠢ ᠶᠢᠨ ᠲᠠᠯᠠᠪᠠᠶ ᠳᠤ ᠲᠦᠭᠦᠷᠡᠲᠡᠯ᠎ᠡ ᠡᠯᠭᠦᠵᠦ᠂ ᠣᠷᠣᠯᠴᠠᠭᠰᠠᠳ ᠠᠴᠠ ᠣᠨᠢᠰᠤᠭ᠎ᠠ ᠶᠢ ᠳᠠᠭᠠᠨ᠎ᠠ᠂ ᠵᠦᠪ ᠳᠠᠭᠠᠪᠠᠯ ᠭᠤᠶᠣ ᠰᠠᠶᠢᠬᠠᠨ ᠪᠡᠯᠡᠭ ᠢ ᠣᠯᠵᠤ ᠪᠣᠯᠣᠨ᠎ᠠ᠃      ︵ᠭᠤᠷᠪᠠ︶ ᠰᠢᠨ᠎ᠡ ᠶᠢᠨ ᠠᠮᠢᠰᠬᠤᠯ· ᠥᠯᠵᠡᠶᠢᠲᠦ ᠦᠳᠡᠰᠢ ᠶᠢᠨ ᠴᠤᠭᠯᠠᠭ᠎ᠠ ᠮᠠᠶᠢᠮᠠᠢ ᠪᠠᠷ ᠲᠣᠭᠤᠷᠢᠬᠤ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 9᠄ 30 ︱ 15᠄ 00      ᠬᠥᠳᠡᠯᠭᠡᠭᠡᠨ ᠬᠢᠬᠦ ᠭᠠᠵᠠᠷ᠄ ᠪᠡᠶᠢᠰᠡ ᠶᠢᠨ ᠰᠦᠮ᠎ᠡ ᠶᠢᠨ ᠲᠠᠯᠠᠪᠠᠢ      ᠠᠵᠢᠯᠯᠠᠭ᠎ᠠ ᠶᠢᠨ ᠠᠭᠤᠯᠭ᠎ᠠ᠄ ᠴᠠᠭᠠᠨ ᠰᠠᠷ᠎ᠠ ᠶᠢᠨ ᠠᠷᠪᠠᠨ ᠲᠠᠪᠤᠨ ᠤ ᠤᠯᠠᠮᠵᠢᠯᠠᠯᠲᠤ ᠴᠤᠭᠯᠠᠭ᠎ᠠ ᠮᠠᠶᠢᠮᠠᠢ ᠪᠠᠷ ᠲᠣᠭᠤᠷᠢᠵᠤ᠂ ᠵᠢᠩᠬᠢᠨᠢ ᠬᠥᠩᠭᠡᠨ ᠵᠠᠭᠤᠰᠢ ᠶᠢ ᠠᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠡᠳ᠋᠂ ᠣᠨᠴᠠᠯᠢᠭᠲᠤ ᠳ᠋ᠧᠩᠯᠦ ᠵᠡᠷᠭᠡ ᠪᠠᠶᠠᠷ ᠤᠨ ᠡᠳᠦᠷ ᠤᠨ ᠡᠳ᠋ ᠪᠣᠳᠠᠰ ᠢ ᠰᠣᠩᠭᠤᠵᠤ ᠬᠤᠳᠠᠯᠳᠤᠨ ᠠᠪᠴᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠣᠶᠢᠯᠠᠭᠠᠨ᠎ᠠ᠃      ︵ᠳᠥᠷᠪᠡ︶ ᠰᠢᠨ᠎ᠡ ᠶᠢᠨ ᠪᠡᠯᠡᠭ· ᠥᠯᠵᠡᠶᠢᠲᠦ ᠡᠳᠦᠷ ᠤᠨ ᠪᠠᠶᠠᠷ ᠤᠨ ᠪᠡᠯᠡᠭ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 9᠄ 30 ︱ 11᠄ 30      ᠬᠥᠳᠡᠯᠭᠡᠭᠡᠨ ᠬᠢᠬᠦ ᠭᠠᠵᠠᠷ᠄ ᠪᠡᠶᠢᠰᠡ ᠶᠢᠨ ᠰᠦᠮ᠎ᠡ ᠶᠢᠨ ᠲᠠᠯᠠᠪᠠᠢ      ᠠᠵᠢᠯᠯᠠᠭ᠎ᠠ ᠶᠢᠨ ᠠᠭᠤᠯᠭ᠎ᠠ᠄ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠱᠠᠩᠨᠠᠯ ᠰᠤᠭᠤᠯᠬᠤ ᠭᠤᠭᠴᠤᠭ᠎ᠠ ᠲᠣᠬᠢᠷᠠᠭᠤᠯᠵᠤ᠂ ᠲᠤᠬᠠᠢ ᠶᠢᠨ ᠲᠠᠯᠠᠪᠤᠷ ᠤᠨ ᠦᠵᠡᠭᠴᠢᠳ ᠱᠠᠩᠨᠠᠯ ᠰᠤᠭᠤᠯᠬᠤ ᠠᠵᠢᠯᠯᠠᠭ᠎ᠠ ᠳᠤ ᠣᠷᠣᠯᠴᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠢᠳᠡᠭᠡᠨ ᠤᠮᠳᠠᠭᠠᠨ᠂ ᠰᠣᠶᠣᠯ ᠤᠨ ᠡᠭᠦᠳᠦᠯᠲᠡ ᠶᠢᠨ ᠪᠡᠯᠡᠭ ᠰᠡᠯᠲᠡ ᠵᠡᠷᠭᠡ ᠶᠢ ᠪᠠᠭᠲᠠᠭᠠᠭᠰᠠᠨ ᠭᠤᠶᠢᠳᠠ ᠰᠠᠶᠢᠬᠠᠨ ᠥᠯᠵᠡᠶᠢᠲᠦ ᠪᠣᠣᠪᠤ ᠪᠡᠯᠡᠭ ᠢ ᠣᠯᠵᠤ᠂ ᠪᠠᠶᠠᠷ ᠤᠨ ᠡᠳᠦᠷ ᠲᠤ ᠨᠠᠩ ᠣᠯᠠᠨ ᠪᠠᠶᠠᠷ ᠪᠠᠭ᠋ᠠᠳᠤᠯ ᠪᠠ ᠵᠥᠩᠨᠡᠯ ᠳᠡᠪᠰᠢᠭᠦᠯᠦᠨ᠎ᠡ᠃      ︵ᠲᠠᠪᠤ︶ ᠰᠢᠨ᠎ᠡ ᠶᠢᠨ ᠵᠦᠩᠨᠡᠯ· ᠥᠯᠵᠡᠶᠢᠲᠦ ᠡᠳᠦᠷ ᠤᠨ ᠬᠤᠸᠠᠷ ᠫᠤᠤᠵᠢᠩ ᠰᠣᠨᠢᠷᠬᠠᠬᠤ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 20᠄ 30 ︱ 21᠄ 00      ᠠᠵᠢᠯᠯᠠᠭᠠᠨ ᠤ ᠭᠠᠵᠠᠷ᠄ ᠪᠢᠨ ᠾᠧ ᠲᠠᠯᠠᠪᠠᠶ      ᠠᠵᠢᠯᠯᠠᠭ᠎ᠠ ᠶᠢᠨ ᠠᠭᠤᠯᠭ᠎ᠠ᠄ ᠬᠤᠸᠠᠷ ᠫᠤᠤᠵᠢᠩ ᠤᠨ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠵᠤ᠂ ᠥᠯᠵᠡᠶᠢᠲᠦ ᠡᠳᠦᠷ ᠤᠨ ᠪᠠᠶᠠᠷ ᠢ ᠬᠠᠮᠲᠤ ᠪᠠᠷ ᠥᠩᠭᠡᠷᠡᠭᠦᠯᠦᠨ᠎ᠡ᠃ ᠶᠡᠷᠦᠩᠬᠡᠢ ᠴᠠᠭ ᠨᠢ 30 ᠮᠢᠨᠦ᠋ᠲ ᠪᠠᠶᠢᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠠᠶᠠᠷᠯᠠᠨ ᠤᠭᠲᠤᠬᠤ᠂ ᠦᠪᠡᠳᠡᠭᠰᠢ ᠶᠡᠭᠡ ᠴᠠᠭ ᠦᠶ᠎ᠡ ᠶᠢ ᠪᠡᠯᠭᠡᠯᠡᠬᠦ᠂ ᠪᠠᠭ᠋ᠠᠷᠠᠯᠲᠤ ᠰᠢᠯᠢ ᠶᠢᠨ ᠬᠤᠲᠠ᠂ ᠰᠢᠨ᠎ᠡ ᠠᠶᠠᠨ ᠵᠠᠮ ᠢ ᠳᠠᠬᠢᠨ ᠡᠬᠢᠯᠡᠭᠦᠯᠬᠦ ᠵᠡᠷᠭᠡ ᠳᠥᠷᠪᠡᠨ ᠪᠦᠯᠦᠭ ᠬᠤᠪᠢᠶᠠᠭᠳᠠᠵᠤ᠂ ᠬᠤᠲᠠ ᠶᠢᠨ ᠠᠷᠠᠳ ᠲᠤ ᠬᠠᠷᠠᠭᠠᠨ ᠰᠡᠷᠡᠯ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠂ ᠥᠯᠵᠡᠶᠢᠲᠦ ᠡᠳᠦᠷ ᠤᠨ ᠬᠠᠯᠠᠭᠤᠨ ᠳᠤᠯᠠᠭᠠᠨ ᠪᠠ ᠰᠠᠶᠢᠨ ᠰᠠᠶᠢᠬᠠᠨ ᠢ ᠮᠡᠳᠡᠷᠡᠭᠦᠯᠦᠨ᠎ᠡ᠃      ︵ᠵᠢᠷᠭᠤᠭ᠎ᠠ︶ ᠴᠠᠭᠠᠨ ᠰᠠᠷ᠎ᠠ ᠶᠢᠨ ᠪᠠᠶᠠᠷ · ᠬᠤᠲᠠ ᠶᠢᠨ ᠵᠣᠴᠢᠳ ᠤᠨ ᠲᠢᠩᠬᠢᠮ ᠤᠨ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ      1. ᠳ᠋ᠧᠩ ᠤᠨ ᠣᠨᠢᠰᠤᠭ᠎ᠠ ᠶᠢ ᠲᠠᠭᠠᠬᠤ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ ᠤᠨ 15᠄ 00 ︱ 17᠄ 00      ᠠᠵᠢᠯᠯᠠᠭᠠᠨ ᠤ ᠭᠠᠵᠠᠷ᠄ ᠬᠤᠲᠠ ᠶᠢᠨ ᠵᠣᠴᠢᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠮᠣᠩᠭᠤᠯ ᠮᠣᠷᠢᠨ ᠤ ᠰᠣᠶᠣᠯ ᠤᠷᠠᠯᠢᠭ ᠤᠨ ᠦᠵᠡᠭᠦᠯᠦᠯᠭᠡ ᠶᠢᠨ ᠲᠢᠩᠬᠢᠮ      ᠠᠵᠢᠯᠯᠠᠭ᠎ᠠ ᠶᠢᠨ ᠠᠭᠤᠯᠭ᠎ᠠ᠄ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠵᠤ᠂ ᠥᠯᠵᠡᠶᠢᠲᠦ ᠡᠳᠦᠷ ᠤᠨ ᠣᠨᠢᠰᠤᠭ᠎ᠠ ᠶᠢᠨ ᠬᠠᠪᠤ ᠴᠡᠩᠭᠡᠯ ᠢ ᠪᠡᠶ᠎ᠡ ᠪᠠᠷ ᠢᠶᠠᠨ ᠣᠶᠢᠯᠠᠭᠠᠵᠤ᠂ ᠣᠨᠢᠰᠤᠭ᠎ᠠ ᠶᠢ ᠲᠠᠭᠠᠬᠤ      2. ᠯᠣᠣ ᠵᠢᠯ ᠤᠨ DIY ᠭᠠᠷ ᠤᠷᠠᠯᠠᠯ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ      ᠠᠵᠢᠯᠯᠠᠭ᠎ᠠ ᠶᠢᠨ ᠭᠠᠵᠠᠷ᠄ ᠬᠤᠲᠠ ᠶᠢᠨ ᠵᠣᠴᠢᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠰᠢᠯᠢ ᠶᠢᠨ ᠭᠤᠣᠯ ᠤᠨ ᠤᠷᠠᠯᠢᠭ ᠤᠨ ᠰᠠᠯᠤᠨ      ᠠᠵᠢᠯᠯᠠᠭ᠎ᠠ ᠶᠢᠨ ᠠᠭᠤᠯᠭ᠎ᠠ᠄ ᠲᠤᠬᠠᠢ ᠶᠢᠨ ᠲᠠᠯᠠᠪᠠᠶ ᠳᠤ ᠥᠯᠵᠡᠶᠢᠲᠦ ᠦᠳᠡᠰᠢ ᠶᠢᠨ ᠳ᠋ᠧᠩᠯᠦ᠂ ᠯᠤᠤ ᠶᠢᠨ ᠲᠣᠯᠣᠭᠠᠶᠢᠲᠤ ᠮᠠᠯᠠᠭᠠᠢ ᠶᠢ ᠦᠢᠯᠡᠳᠴᠦ᠂ ᠲᠠᠨ ᠢ ᠤᠷᠢᠵᠤ ᠥᠯᠵᠡᠶᠢᠲᠦ ᠦᠳᠡᠰᠢ ᠶᠢ ᠪᠠᠶᠠᠷ ᠲᠠᠢ  ᠥᠩᠭᠡᠷᠡᠭᠦᠯᠦᠨ᠎ᠡ᠃      3. ᠴᠠᠭᠠᠨ ᠰᠠᠷ᠎ᠠ ᠶᠢᠨ ᠠᠷᠪᠠᠨ ᠲᠠᠪᠤᠨ ᠤ ᠰᠢᠯᠦᠭ ᠳᠠᠭᠤᠯᠠᠯ ᠤᠨ ᠴᠢᠭᠤᠯᠭᠠᠨ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ      ᠠᠵᠢᠯᠯᠠᠭᠠᠨ ᠤ ᠭᠠᠵᠠᠷ᠄ ᠬᠤᠲᠠ ᠶᠢᠨ ᠵᠣᠴᠢᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠬᠤᠲᠠ ᠶᠢᠨ ᠶᠤᠸᠠᠢ ᠯᠢ ᠹᠠᠩ      ᠠᠵᠢᠯᠯᠠᠭ᠎ᠠ ᠶᠢᠨ ᠠᠭᠤᠯᠭ᠎ᠠ᠄ ᠴᠠᠭᠠᠨ ᠰᠠᠷ᠎ᠠ ᠶᠢᠨ ᠠᠷᠪᠠᠨ ᠲᠠᠪᠤᠨ ᠤ ᠰᠢᠯᠦᠭ ᠳᠠᠭᠤᠯᠠᠯ ᠢ ᠰᠣᠨᠢᠷᠬᠠᠨ ᠤᠩᠰᠢᠵᠤ᠂ ᠰᠣᠶᠣᠯ ᠤᠨ ᠪᠠᠶᠠᠷ ᠢ ᠬᠠᠮᠲᠤ ᠪᠠᠷ ᠥᠩᠭᠡᠷᠡᠭᠦᠯᠦᠨ᠎ᠡ᠃      4. ᠪᠠᠭᠠᠴᠤᠳ ᠬᠡᠦᠬᠡᠳ ᠤᠨ ᠤᠷᠠᠨ ᠪᠢᠴᠢᠯᠭᠡ ᠶᠢᠨ ᠤᠷᠤᠯᠳᠤᠭᠠᠨ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ      ᠠᠵᠢᠯᠯᠠᠭ᠎ᠠ ᠬᠢᠬᠦ ᠭᠠᠵᠠᠷ᠄ ᠬᠤᠲᠠ ᠶᠢᠨ ᠵᠣᠴᠢᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠬᠤᠲᠠ ᠶᠢᠨ ᠵᠣᠴᠢᠨ ᠤ ᠥᠷᠥᠭᠡ      ᠠᠵᠢᠯᠯᠠᠭ᠎ᠠ ᠶᠢᠨ ᠠᠭᠤᠯᠭ᠎ᠠ᠄ ᠤᠷᠠᠨ ᠪᠢᠴᠢᠯᠭᠡ ᠪᠠᠷ ᠡᠬᠡ ᠣᠷᠣᠨ ᠢᠶᠠᠨ ᠵᠢᠷᠤᠭᠯᠠᠨ᠂ ᠨᠢᠯᠬᠠᠰᠠᠭ ᠰᠡᠳᠬᠢᠯ  ᠢᠶᠠᠷ ᠬᠦᠰᠡᠯᠡᠩ ᠢᠶᠠᠨ ᠵᠢᠷᠤᠭᠯᠠᠵᠤ᠂ ᠯᠣᠣ ᠵᠢᠯ ᠢᠶᠠᠨ ᠪᠠᠶᠠᠷᠯᠠᠨ ᠪᠡᠯᠭᠡᠯᠡᠨ᠎ᠡ᠃      5. ᠭᠡᠷ ᠬᠤᠲᠠᠯᠠᠭᠠᠷ ᠤᠨ ᠬᠠᠮᠤᠭ ᠤᠨ ᠭᠤᠶᠣ ᠭᠡᠷᠡᠯ ᠵᠢᠷᠤᠭ      ᠠᠵᠢᠯᠯᠠᠭ᠎ᠠ ᠶᠢᠨ ᠴᠠᠭ᠄ 2024 ᠣᠨ ᠤ 2 ᠰᠠᠷ᠎ᠠ ᠶᠢᠨ 24 ᠤ ᠡᠳᠦᠷ      ᠠᠵᠢᠯᠯᠠᠭᠠᠨ ᠤ ᠭᠠᠵᠠᠷ᠄ ᠬᠤᠲᠠ ᠶᠢᠨ ᠵᠣᠴᠢᠨ ᠤ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠬᠤᠲᠠ ᠶᠢᠨ ᠬᠡᠷᠡᠯ ᠤᠨ ᠦᠵᠡᠭᠦᠯᠦᠯᠭᠡ ᠶᠢᠨ ᠲᠢᠩᠬᠢᠮ      ᠠᠵᠢᠯᠯᠠᠭ᠎ᠠ ᠶᠢᠨ ᠠᠭᠤᠯᠭ᠎ᠠ᠄ ᠭᠡᠷ ᠪᠦᠯᠢ ᠪᠠᠷ ᠢᠶᠠᠨ ᠬᠠᠮᠤᠭ ᠤᠨ ᠭᠤᠶᠣ ᠰᠠᠶᠢᠬᠠᠨ ᠰᠡᠭᠦᠳᠡᠷ ᠲᠠᠲᠠᠵᠤ᠂ ᠪᠠᠶᠠᠷ ᠤᠨ ᠡᠳᠦᠷ ᠢ ᠬᠠᠮᠲᠤ ᠪᠠᠷ ᠡᠳ᠋ᠯᠡᠨ᠎ᠡ᠃      ︵ᠳᠣᠯᠤᠭ᠎ᠠ︶ ᠣᠨ ᠤ ᠡᠷᠡᠭᠦᠯ ᠮᠡᠨᠳᠦ · ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠰᠢᠷᠢᠰ ᠠᠵᠢᠯᠯᠠᠭ᠎ᠠ      1. ᠮᠥᠰᠥᠨ ᠳᠡᠭᠡᠷᠡᠬᠢ ᠯᠤᠤᠲᠤ ᠣᠩᠭᠤᠴᠠᠨ ᠶᠢᠨ ᠤᠷᠤᠯᠳᠤᠭᠠᠨ      ᠤᠷᠤᠯᠳᠤᠭᠠᠨ ᠤ ᠴᠠᠭ᠄ 2024 ᠣᠨ ᠤ 2 ᠰᠠᠷ᠎ᠠ ᠶᠢᠨ 24 ᠤ ᠡᠳᠦᠷ      ᠤᠷᠤᠯᠳᠤᠭᠠᠨ ᠤ ᠭᠠᠵᠠᠷ᠄ ᠰᠢᠯᠢ ᠶᠢᠨ ᠨᠠᠭᠤᠷ ᠤᠨ ᠮᠥᠰᠥᠨ ᠲᠠᠯᠠᠪᠠᠶ      ᠤᠷᠤᠯᠳᠤᠭᠠᠨ ᠤ ᠵᠦᠢᠯ᠄ ᠡᠷᠡᠭᠲᠡᠢ ᠶᠢᠨ ᠳᠤᠭᠤᠶᠢᠯᠠᠩ᠂ ᠡᠷᠡᠭᠲᠡᠢ ᠶᠢᠨ 5 ᠬᠥᠮᠥᠨ ᠤ ᠯᠤᠤᠲᠤ ᠣᠩᠭᠤᠴᠠᠨ ᠶᠢᠨ 100 ᠮᠧᠲᠷ ᠤᠨ ᠰᠢᠯᠤᠭᠤᠨ ᠵᠠᠮ ᠤᠨ ᠤᠷᠤᠯᠳᠤᠭᠠᠨ︔ ᠡᠮᠡᠭᠲᠡᠢ ᠶᠢᠨ ᠳᠤᠭᠤᠢᠯᠠᠩ᠂ ᠡᠮᠡᠭᠲᠡᠢ ᠶᠢᠨ 5 ᠬᠥᠮᠥᠨ ᠤ ᠯᠤᠤᠲᠤ ᠣᠩᠭᠤᠴᠠᠨ ᠶᠢᠨ 100 ᠮᠧᠲᠷ ᠤᠨ ᠰᠢᠯᠤᠭᠤᠨ ᠵᠠᠮ ᠤᠨ ᠤᠷᠤᠯᠳᠤᠭᠠᠨ ᠤ ᠵᠦᠢᠯ᠃      ᠤᠷᠤᠯᠳᠤᠭᠠᠨ ᠳᠤ ᠣᠷᠣᠯᠴᠠᠬᠤ ᠨᠢᠭᠡᠴᠡ᠄ ᠰᠢᠯᠢ ᠶᠢᠨ ᠬᠤᠲᠠ ᠶᠢᠨ ᠭᠠᠵᠠᠷ ᠣᠷᠣᠨ ᠤ ᠠᠶᠢᠮᠠᠭ ᠬᠤᠲᠠ ᠶᠢᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ ᠰᠤᠷᠭᠠᠭᠤᠯᠢ᠂ ᠰᠢᠯᠢ ᠶᠢᠨ ᠭᠤᠣᠯ ᠳᠤ ᠰᠠᠭᠤᠭ᠎ᠠ ᠴᠡᠷᠢᠭ ᠠᠩᠭᠢ᠂ ᠨᠡᠶᠢᠭᠡᠮ ᠤᠨ ᠪᠦᠯᠬᠦᠮ᠂ ᠨᠡᠶᠢᠭᠡᠮᠯᠢᠭ᠂ ᠺᠯᠦ᠋ᠪ ᠵᠡᠷᠭᠡ ᠪᠦᠯᠬᠦᠮ ᠴᠥᠮ ᠤᠷᠤᠯᠳᠤᠭᠠᠨ ᠳᠤ ᠣᠷᠣᠯᠴᠠᠵᠤ ᠪᠣᠯᠣᠨ᠎ᠠ᠃      ᠡᠯᠰᠡᠬᠦ ᠨᠡᠷᠡᠰ ᠤᠨ ᠳᠠᠷᠠᠭᠠᠯᠠᠯ ᠬᠢᠭᠡᠳ ᠱᠠᠩᠨᠠᠯ᠄ ᠡᠯ᠎ᠡ ᠵᠦᠢᠯ ᠤᠨ ᠡᠮᠦᠨ᠎ᠡ ᠭᠤᠷᠪᠠᠨ ᠨᠡᠷᠡᠰ ᠲᠤ ᠣᠷᠣᠭᠰᠠᠳ ᠢ ᠱᠠᠩᠨᠠᠨ ᠬᠥᠬᠢᠭᠦᠯᠵᠦ᠂ ᠱᠠᠩᠨᠠᠯ ᠤᠨ ᠬᠤᠨᠳᠠᠭ᠎ᠠ᠂ ᠦᠨᠡᠮᠯᠡᠯ ᠪᠠ ᠱᠠᠩᠨᠠᠯ ᠤᠨ ᠡᠳ᠋ ᠣᠯᠭᠤᠵᠤ᠂ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠲᠣᠬᠢᠷᠠᠭᠤᠯᠤᠨ᠎ᠠ᠃      2. ᠴᠠᠰᠤᠲᠤ ᠭᠠᠵᠠᠷ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ      ᠤᠷᠤᠯᠳᠤᠭᠠᠨ ᠤ ᠴᠠᠭ᠄ 2024 ᠣᠨ ᠤ 2 ᠰᠠᠷ᠎ᠠ ᠶᠢᠨ 23 ︱ 24 ᠡᠳᠦᠷ      ᠤᠷᠤᠯᠳᠤᠭᠠᠨ ᠤ ᠭᠠᠵᠠᠷ᠄ ᠰᠢᠯᠢ ᠶᠢᠨ ᠨᠠᠭᠤᠷ ᠤᠨ ᠮᠥᠰᠥᠨ ᠲᠠᠯᠠᠪᠠᠶ      ᠤᠷᠤᠯᠳᠤᠭᠠᠨ ᠳᠤ ᠣᠷᠣᠯᠴᠠᠬᠤ ᠨᠢᠭᠡᠴᠡ᠄ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠤᠷᠭᠠᠭᠤᠯᠢ᠂ ᠠᠵᠢᠯ ᠲᠥᠷᠥᠯ ᠤᠨ ᠨᠡᠶᠢᠭᠡᠮᠯᠢᠭ᠂ ᠺᠯᠦ᠋ᠪ ᠤᠳ ᠴᠥᠮ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ᠂ ᠪᠠᠰᠠ ᠴᠢᠯᠦᠭᠡᠲᠡᠢ ᠪᠠᠷ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠦ ᠪᠣᠯᠣᠨ᠎ᠠ᠃ ᠠᠩᠭᠢ ᠪᠦᠷᠢ ᠳᠤ ᠳᠠᠭᠠᠭᠤᠯᠤᠭᠴᠢ 1 ᠬᠥᠮᠥᠨ᠂ ᠰᠤᠷᠭᠠᠭᠴᠢ 1 ᠬᠥᠮᠥᠨ᠂ ᠲᠠᠮᠢᠷᠴᠢᠨ 10 ᠬᠥᠮᠥᠨ ᠨᠡᠷ᠎ᠡ ᠮᠡᠳᠡᠭᠦᠯᠵᠦ ᠪᠣᠯᠣᠨ᠎ᠠ᠃      ᠡᠯᠰᠡᠬᠦ ᠨᠡᠷᠡᠰ ᠤᠨ ᠳᠠᠷᠠᠭᠠᠯᠠᠯ ᠪᠠ ᠱᠠᠩᠨᠠᠬᠤ ᠠᠷᠭ᠎ᠠ᠄ ᠡᠯ᠎ᠡ ᠵᠦᠢᠯ ᠤᠨ ᠡᠮᠦᠨ᠎ᠡ ᠭᠤᠷᠪᠠᠨ ᠨᠡᠷᠡᠰ ᠲᠤ ᠣᠷᠣᠭᠰᠠᠳ ᠢ ᠱᠠᠩᠨᠠᠨ ᠬᠥᠬᠢᠭᠦᠯᠵᠦ᠂᠂ ᠱᠠᠩᠨᠠᠯ ᠤᠨ ᠬᠤᠨᠳᠠᠭ᠎ᠠ᠂ ᠦᠨᠡᠮᠯᠡᠯ ᠪᠠ ᠱᠠᠩᠨᠠᠯ ᠤᠨ ᠪᠣᠳᠠᠰ ᠣᠯᠭᠤᠨ᠎ᠠ︔ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠲᠣᠬᠢᠷᠠᠭᠤᠯᠤᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠥᠬᠦ ᠶᠠᠪᠤᠴᠠ ᠳᠤ ᠣᠷᠣᠯᠴᠠᠨ᠂ ᠪᠣᠳᠠᠲᠠᠢ ᠠᠬᠢᠭᠤᠯᠬᠤ ᠠᠷᠭ᠎ᠠ ᠬᠡᠮᠵᠢᠶ᠎ᠡ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠪᠣᠯᠣᠨ ᠬᠦᠴᠦᠨ ᠢᠶᠠᠨ ᠲᠥᠪᠯᠡᠷᠡᠭᠦᠯᠦᠨ᠂ ᠠᠵᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃      ︵ᠬᠤᠶᠠᠷ︶ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠶᠡᠭᠡ ᠲᠠᠯ᠎ᠠ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠬᠠᠷᠢᠯᠴᠠᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠵᠦ᠂ ᠠᠵᠢᠯᠯᠠᠭ᠎ᠠ ᠶᠢᠨ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号