2 ᠳ᠋ᠤᠭᠠᠷ ᠰᠠᠷ᠎ᠠ ᠶᠢᠨ 22 ᠤᠨ ᠡᠳᠦᠷ᠂ ᠰᠢᠯᠢ ᠶᠢᠨ ᠭᠤᠣᠯ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠪᠯᠡᠯ ᠤᠨ ᠬᠤᠷᠢᠶ᠎ᠠ ᠬᠠᠮᠲᠤᠷᠠᠨ ᠡᠷᠭᠢᠯᠡᠵᠦ᠂ | ᠰᠢᠯᠢ ᠶᠢᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠲᠠᠭᠠᠭᠠᠴᠢᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠬᠠᠮ | ᠵᠠᠭᠤᠴᠢᠯᠠᠭᠤᠷ ᠤᠨ ᠲᠥᠪ ᠠᠴᠠ ᠬᠠᠮᠵᠢᠯᠴᠠᠨ ᠡᠷᠭᠢᠯᠡᠭᠰᠡᠨ 2024 ᠣᠨ ᠤ ᠰᠢᠯᠢ ᠶᠢᠨ ᠭᠤᠣᠯ ᠠᠶᠢᠮᠠᠭ ᠤᠨ ᠲᠤᠮᠤ | ᠭᠡᠯᠪᠡᠷᠢ ᠶᠢᠨ ᠠᠵᠢᠯᠳᠠᠨ ᠡᠯᠰᠡᠬᠦ ᠴᠤᠭᠯᠠᠭᠠᠨ ᠢ ᠰᠢᠯᠢ ᠶᠢᠨ ᠬᠤᠳᠠ ᠳᠤ ᠶᠠᠪᠤᠭᠳᠠᠭᠤᠯᠤᠭᠰᠠᠨ ᠪᠠᠶᠢᠨ᠎ᠠ᠃ | ᠠᠵᠢᠯᠲᠠᠨ ᠡᠯᠰᠡᠬᠦ ᠴᠤᠭᠯᠠᠭᠠᠨ ᠤ ᠠᠬᠤᠢ ᠲᠠᠯᠡᠪᠡᠢ ᠳᠤ ᠬᠥᠮᠥᠨ ᠣᠯᠠᠨ ᠴᠤᠭᠯᠠᠷᠠᠵᠤ᠂ ᠣᠯᠠᠨ ᠠᠵᠢᠯ ᠡᠷᠢᠭᠰᠡᠳ | ᠡᠯ᠎ᠡ ᠠᠵᠤ ᠠᠬᠤᠶᠢᠯᠠᠯ ᠤᠨ ᠦᠵᠡᠭᠦᠯᠦᠯᠭᠡ ᠶᠢᠨ ᠪᠠᠶᠢᠷᠢ ᠠᠴᠠ ᠠᠵᠢᠯ ᠲᠥᠷᠥᠯ ᠵᠦᠢᠯ᠂ ᠴᠠᠯᠢᠩ ᠬᠥᠯᠥᠰᠦ ᠵᠡᠷᠭᠡ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠰᠠᠭᠤᠨ ᠯᠠᠪᠯᠠᠵᠤ ᠦᠢᠯᠠᠭᠠᠵᠤ ᠪᠠᠶᠢᠯ᠎ᠠ᠃ | ᠠᠵᠢᠯ ᠡᠷᠢᠭᠴᠢ ᠲᠤᠭᠳᠠᠭᠠᠮᠵᠢ᠄ ᠪᠢ ᠪᠣᠯ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠥᠪᠡᠷ ᠤᠨ | ᠳᠤᠷᠠᠲᠠᠢ ᠭᠤᠷᠪᠠᠨ ᠠᠵᠢᠯ ᠤᠨ ᠪᠠᠶᠢᠷᠢ ᠳᠠᠭᠠᠨ ᠲᠤᠰᠪᠤᠷᠢ ᠲᠣᠪᠴᠢ ᠨᠠᠮᠲᠠᠷ ᠢᠶᠠᠨ ᠲᠤᠰᠢᠶᠠᠵᠠᠢ᠂ ᠬᠤᠶᠢᠰᠢᠳᠠ ᠢᠢᠢᠮᠤᠷᠬᠦ | ᠠᠵᠢᠯᠲᠠᠨ ᠡᠯᠰᠡᠬᠦ ᠴᠤᠭᠯᠠᠭᠠᠨ ᠢ ᠢᠯᠡᠬᠦᠤ ᠦᠷᠨᠢᠬᠦᠯᠬᠦ ᠶᠢ ᠬᠦᠰᠡᠵᠦ ᠪᠠᠶᠢᠨ᠎ᠠ᠃ | ᠠᠵᠢᠯᠲᠠᠨ ᠡᠯᠰᠡᠬᠦ ᠴᠤᠭᠯᠠᠭᠠᠨ ᠢ ︽ ᠠᠬᠤᠢ ᠲᠠᠯᠠᠪᠠᠶ + ᠰᠦᠯᠵᠢᠶ᠎ᠡ + ᠰᠢᠭᠤᠳ ᠨᠡᠪᠲᠡᠷᠡᠭᠦᠯᠭᠡ ᠪᠠᠷ ᠠᠵᠢᠯ ᠤᠨ | ᠪᠠᠶᠢᠷᠢ ᠶᠢ ᠳᠠᠭᠠᠭᠤᠯᠬᠤ︾ ᠣᠯᠠᠨ ᠬᠡᠯᠪᠡᠷᠢ ᠪᠠᠷ ᠶᠠᠪᠤᠭᠳᠠᠭᠤᠯᠵᠤ᠂ ᠰᠦᠯᠵᠢᠶ᠎ᠠ ᠨᠢ ᠭᠤᠤᠯᠳᠠᠭᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯᠲᠠᠨ ᠡᠯᠰᠡᠬᠦ ᠴᠤᠭᠯᠠᠭᠠᠨ ᠤ ᠡᠭᠦᠯᠡᠨ ᠦᠢᠯᠡᠴᠢᠯᠡᠭᠡᠨ ᠤ ᠲᠠᠪᠴᠠᠩ︾᠂ ᠰᠢᠯᠢ ᠶᠢᠨ | ᠭᠤᠣᠯ ᠤᠨ ᠰᠣᠨᠢᠨ ᠮᠡᠳᠡᠭᠡᠨ ᠤ ᠬᠠᠷᠠᠭᠠᠨ ᠳᠠᠪᠲᠠᠮᠵᠢ ᠶᠢᠨ ᠳ᠋ᠤᠭᠠᠷ᠂ ᠰᠢᠯᠢ ᠶᠢᠨ ᠭᠤᠣᠯ ᠤᠨ ᠷᠠᠳᠢᠣ᠋ ᠲᠧᠯᠸᠢᠰ | ᠬᠤᠷᠢᠶ᠎ᠠ ᠶᠢᠨ ᠲᠢᠺ ᠲᠤᠺ᠂ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ ᠶᠢᠨ ᠪᠢᠴᠢᠯ ᠬᠠᠷᠠᠭᠠᠨ ᠳᠠᠪᠲᠠᠮᠵᠢ ᠶᠢᠨ | ᠰᠢᠭᠤᠳ ᠨᠡᠪᠳᠡᠷᠡᠬᠦᠯᠭᠡ᠂ ︽ᠠᠵᠢᠯ ᠣᠯᠭᠤᠯᠲᠠ ᠶᠢᠨ ᠰᠢᠯᠢ ᠶᠢᠨ ᠭᠤᠣᠯ︾ ᠤᠨ ᠸᠢᠴᠠᠲ ᠤᠨ ᠬᠠᠷᠠᠭᠠᠨ ᠳᠠᠪᠲᠠᠮᠵᠢ ᠂ ︽ | ᠰᠢᠯᠢ ᠶᠢᠨ ᠭᠤᠣᠯ ᠠᠶᠢᠮᠠᠭ ᠤᠨ ᠠᠵᠢᠯ ᠣᠯᠭᠤᠯᠲᠠ ᠶᠢᠨ ᠦᠢᠯᠡᠴᠢᠯᠡᠭᠡ︾ ᠶᠢᠨ ᠲᠢᠺ ᠲᠤᠺ ᠵᠡᠷᠭᠡ ᠲᠠᠪᠴᠠᠩ ᠢ | ᠲᠦᠰᠢᠭᠯᠡᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠶᠢᠳᠡᠯᠠᠨ ᠲᠠᠮᠵᠢᠭᠤᠯᠤᠭᠰᠠᠨ ᠪᠠᠶᠢᠨ᠎ᠠ᠃ ᠰᠦᠯᠵᠢᠶᠠᠪᠠ ᠠᠬᠤᠢ | ᠲᠠᠯᠡᠪᠡᠢ ᠢ ᠵᠡᠷᠭᠡᠪᠡᠷ ᠶᠠᠪᠤᠭᠳᠠᠭᠤᠯᠬᠤ ᠪᠠᠷ ᠳᠠᠮᠵᠢᠭᠤᠯᠤᠨ᠂ ᠠᠵᠢᠯᠲᠠᠨ ᠡᠯᠰᠡᠬᠦ ᠴᠤᠭᠯᠠᠭᠠᠨ ᠤ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠥᠷᠭᠡᠨ ᠣᠯᠠᠨ ᠠᠷᠠᠳ ᠲᠦᠮᠡᠨ ᠤ ᠰᠢᠨ᠎ᠡ ᠴᠠᠭ ᠦᠶ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠰᠢᠯᠢ ᠶᠢᠨ ᠭᠤᠣᠯ ᠠᠶᠢᠮᠠᠭ ᠤᠨ ᠱᠧᠦ ᠹᠠᠩ ᠢᠳᠡᠭᠡᠨ ᠦᠢᠯᠡᠳᠪᠤᠷᠢᠯᠠᠨ ᠪᠣᠯᠪᠠᠰᠤᠷᠠᠭᠤᠯᠬᠤ ᠬᠢᠵᠠᠭᠠᠷᠲᠤ | ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠭᠡᠯᠳᠡᠰ ᠤᠨ ᠲᠠᠷᠤᠭ᠎ᠠ ᠶᠠᠩ ᠲᠤᠸ᠄ ᠰᠢᠯᠢ ᠶᠢᠨ ᠬᠤᠳᠠ ᠶᠢᠨ 2024 ᠣᠨ ᠤ | ᠠᠩᠬᠠᠳᠠᠭᠴᠢ ᠠᠵᠢᠯᠲᠠᠨ ᠡᠯᠰᠡᠬᠦ ᠬᠤᠷᠠᠯ ᠳᠤ ᠪᠢᠳᠡ 8 ᠠᠵᠢᠯ ᠤᠨ ᠪᠠᠶᠢᠷᠢ ᠪᠡᠯᠡᠳᠬᠡᠵᠦ᠂ ᠡᠳ᠋ ᠤᠨ ᠶᠠᠪᠤᠳᠠᠯ ᠂ | ᠠᠵᠢᠯᠲᠠᠨ ᠤ ᠶᠠᠪᠤᠳᠠᠯ ᠂ ᠪᠣᠷᠤᠯᠠᠭᠤᠯᠭ᠎ᠠ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ ᠤᠨ ᠠᠵᠢᠯ ᠲᠦᠷᠦᠯ ᠢ | ᠪᠠᠭᠳᠠᠭᠠᠵᠠᠢ᠃ | ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠡᠳᠦᠷ ᠲᠤ ᠨᠡᠶᠢᠲᠡ 214 ᠬᠥᠮᠥᠨ ᠬᠡᠷᠡᠭᠯᠡᠬᠦ ᠨᠢᠭᠡᠴᠡ 4552 | ᠠᠵᠢᠯ ᠤᠨ ᠪᠠᠶᠢᠷᠢ ᠬᠠᠩᠭᠠᠵᠠᠢ᠃ ᠡᠬᠦᠨ ᠳᠤ 161 ᠬᠤᠯᠪᠤᠭᠠᠯᠠᠭᠰᠠᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠬᠠᠩᠭᠠᠭᠰᠠᠨ 2834 ᠠᠵᠢᠯ ᠤᠨ ᠪᠠᠶᠢᠷᠢ᠂ 11 ᠳᠠᠳᠤᠯᠭ᠎ᠠ ᠶᠢᠨ ᠨᠢᠭᠡᠴᠡ ᠶᠢᠨ ᠬᠠᠩᠭᠠᠭᠰᠠᠨ 38 | ᠳᠠᠳᠤᠯᠭ᠎ᠠ ᠶᠢᠨ ᠲᠣᠬᠢᠶᠠᠯ ᠵᠢᠴᠢ 42 ᠭᠠᠳᠠᠨᠠᠬᠢ ᠠᠵᠤ ᠠᠬᠤᠶᠢᠯᠠᠯ ᠲᠠᠢ ᠬᠤᠯᠪᠤᠭᠠᠯᠠᠭᠰᠠᠨ ᠠᠵᠢᠯ ᠦᠢᠯᠡᠰ ᠤᠨ | ᠨᠢᠭᠡᠴᠡ ᠶᠢᠨ ᠬᠠᠩᠭᠠᠭᠰᠠᠨ 1680 ᠠᠵᠢᠯ ᠤᠨ ᠪᠠᠶᠢᠷᠢ ᠶᠢ ᠪᠠᠭᠳᠠᠭᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶ᠎ᠠ ᠴᠠᠷ᠎ᠠ ᠶᠢᠨ ᠠᠵᠢᠯ ᠤᠨ ᠪᠠᠶᠢᠷᠢ ᠪᠠᠶᠢᠬᠤ ᠪᠠᠷ ᠪᠠᠷᠠᠬᠤ ᠦᠭᠡᠢ ᠪᠠᠰᠠ ᠤᠷ᠎ᠠ ᠴᠢᠳᠠᠪᠤᠷᠢ ᠶᠢᠨ ᠱᠠᠭᠠᠷᠳᠠᠯᠭ᠎ᠠ ᠪᠠᠷ | ᠬᠠᠷᠢᠴᠠᠩᠭᠤᠢ ᠳᠣᠣᠷ᠎ᠠ ᠦᠢᠯᠡᠴᠢᠯᠡᠭᠡᠨ ᠤ ᠬᠡᠯᠪᠡᠷᠢ ᠶᠢᠨ ᠠᠵᠢᠯ ᠤᠨ ᠪᠠᠶᠢᠷᠢ ᠪᠠᠶᠢᠵᠤ᠂ ᠠᠳᠠᠯᠢ ᠪᠤᠰᠤ ᠬᠦᠷᠢᠶ᠎ᠡ᠂ ᠠᠳᠠᠯᠢ | ᠪᠤᠰᠤ ᠰᠤᠷᠤᠯᠭ᠎ᠠ ᠶᠢᠨ ᠨᠠᠮᠲᠠᠷ ᠲᠠᠢ ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ | ᠱᠢ ᠯᠦ ᠱᠧᠩ᠂ ᠬᠤᠸᠠᠩ ᠱᠢ ᠵᠢᠶᠧ ᠰᠣᠷᠪᠣᠯᠵᠢᠯᠠᠵᠣ᠂ ᠲᠣᠭᠤᠷ ᠣᠷᠴᠢᠭᠤᠯᠪᠠ᠃ | | |