ᠰᠢᠯᠢ ᠶᠢᠨ ᠬᠤᠲᠠ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ  ᠡᠷᠬᠢᠯᠡᠪᠡ
ᠨᠡᠶᠢᠲᠡᠯᠡᠭᠰᠡᠨ ᠴᠠᠭ᠄
2024/2/22
     2 ᠳ᠋ᠤᠭᠠᠷ ᠰᠠᠷ᠎ᠠ ᠶᠢᠨ 22 ᠤᠨ ᠡᠳᠦᠷ᠂ ᠰᠢᠯᠢ ᠶᠢᠨ ᠭᠤᠣᠯ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠪᠯᠡᠯ ᠤᠨ ᠬᠤᠷᠢᠶ᠎ᠠ ᠬᠠᠮᠲᠤᠷᠠᠨ ᠡᠷᠭᠢᠯᠡᠵᠦ᠂ ᠰᠢᠯᠢ ᠶᠢᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠲᠠᠭᠠᠭᠠᠴᠢᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ  ᠬᠠᠮ ᠵᠠᠭᠤᠴᠢᠯᠠᠭᠤᠷ ᠤᠨ ᠲᠥᠪ ᠠᠴᠠ  ᠬᠠᠮᠵᠢᠯᠴᠠᠨ ᠡᠷᠭᠢᠯᠡᠭᠰᠡᠨ 2024 ᠣᠨ ᠤ ᠰᠢᠯᠢ ᠶᠢᠨ ᠭᠤᠣᠯ ᠠᠶᠢᠮᠠᠭ ᠤᠨ  ᠲᠤᠮᠤ ᠭᠡᠯᠪᠡᠷᠢ ᠶᠢᠨ ᠠᠵᠢᠯᠳᠠᠨ ᠡᠯᠰᠡᠬᠦ ᠴᠤᠭᠯᠠᠭᠠᠨ ᠢ ᠰᠢᠯᠢ ᠶᠢᠨ ᠬᠤᠳᠠ ᠳᠤ ᠶᠠᠪᠤᠭᠳᠠᠭᠤᠯᠤᠭᠰᠠᠨ ᠪᠠᠶᠢᠨ᠎ᠠ᠃      ᠠᠵᠢᠯᠲᠠᠨ ᠡᠯᠰᠡᠬᠦ ᠴᠤᠭᠯᠠᠭᠠᠨ ᠤ ᠠᠬᠤᠢ ᠲᠠᠯᠡᠪᠡᠢ ᠳᠤ ᠬᠥᠮᠥᠨ ᠣᠯᠠᠨ ᠴᠤᠭᠯᠠᠷᠠᠵᠤ᠂ ᠣᠯᠠᠨ ᠠᠵᠢᠯ ᠡᠷᠢᠭᠰᠡᠳ ᠡᠯ᠎ᠡ ᠠᠵᠤ ᠠᠬᠤᠶᠢᠯᠠᠯ ᠤᠨ ᠦᠵᠡᠭᠦᠯᠦᠯᠭᠡ ᠶᠢᠨ ᠪᠠᠶᠢᠷᠢ  ᠠᠴᠠ  ᠠᠵᠢᠯ ᠲᠥᠷᠥᠯ ᠵᠦᠢᠯ᠂ ᠴᠠᠯᠢᠩ ᠬᠥᠯᠥᠰᠦ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ  ᠶᠢ ᠠᠰᠠᠭᠤᠨ ᠯᠠᠪᠯᠠᠵᠤ  ᠦᠢᠯᠠᠭᠠᠵᠤ ᠪᠠᠶᠢᠯ᠎ᠠ᠃      ᠠᠵᠢᠯ ᠡᠷᠢᠭᠴᠢ ᠲᠤᠭᠳᠠᠭᠠᠮᠵᠢ᠄ ᠪᠢ ᠪᠣᠯ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠥᠪᠡᠷ ᠤᠨ ᠳᠤᠷᠠᠲᠠᠢ ᠭᠤᠷᠪᠠᠨ ᠠᠵᠢᠯ ᠤᠨ ᠪᠠᠶᠢᠷᠢ ᠳᠠᠭᠠᠨ ᠲᠤᠰᠪᠤᠷᠢ ᠲᠣᠪᠴᠢ ᠨᠠᠮᠲᠠᠷ ᠢᠶᠠᠨ ᠲᠤᠰᠢᠶᠠᠵᠠᠢ᠂ ᠬᠤᠶᠢᠰᠢᠳᠠ ᠢᠢᠢᠮᠤᠷᠬᠦ ᠠᠵᠢᠯᠲᠠᠨ ᠡᠯᠰᠡᠬᠦ ᠴᠤᠭᠯᠠᠭᠠᠨ ᠢ ᠢᠯᠡᠬᠦᠤ ᠦᠷᠨᠢᠬᠦᠯᠬᠦ ᠶᠢ ᠬᠦᠰᠡᠵᠦ ᠪᠠᠶᠢᠨ᠎ᠠ᠃      ᠠᠵᠢᠯᠲᠠᠨ ᠡᠯᠰᠡᠬᠦ ᠴᠤᠭᠯᠠᠭᠠᠨ ᠢ ︽ ᠠᠬᠤᠢ ᠲᠠᠯᠠᠪᠠᠶ + ᠰᠦᠯᠵᠢᠶ᠎ᠡ + ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠣᠯᠠᠨ ᠬᠡᠯᠪᠡᠷᠢ ᠪᠠᠷ ᠶᠠᠪᠤᠭᠳᠠᠭᠤᠯᠵᠤ᠂ ᠰᠦᠯᠵᠢᠶ᠎ᠠ ᠨᠢ ᠭᠤᠤᠯᠳᠠᠭᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠡᠯᠰᠡᠬᠦ ᠴᠤᠭᠯᠠᠭᠠᠨ ᠤ ᠡᠭᠦᠯᠡᠨ ᠦᠢᠯᠡᠴᠢᠯᠡᠭᠡᠨ ᠤ ᠲᠠᠪᠴᠠᠩ︾᠂ ᠰᠢᠯᠢ ᠶᠢᠨ ᠭᠤᠣᠯ ᠤᠨ ᠰᠣᠨᠢᠨ ᠮᠡᠳᠡᠭᠡᠨ ᠤ ᠬᠠᠷᠠᠭᠠᠨ ᠳᠠᠪᠲᠠᠮᠵᠢ ᠶᠢᠨ ᠳ᠋ᠤᠭᠠᠷ᠂ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ ᠶᠢᠨ  ᠲᠢᠺ ᠲᠤᠺ᠂ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ ᠶᠢᠨ ᠪᠢᠴᠢᠯ ᠬᠠᠷᠠᠭᠠᠨ ᠳᠠᠪᠲᠠᠮᠵᠢ ᠶᠢᠨ ᠰᠢᠭᠤᠳ ᠨᠡᠪᠳᠡᠷᠡᠬᠦᠯᠭᠡ᠂ ︽ᠠᠵᠢᠯ ᠣᠯᠭᠤᠯᠲᠠ ᠶᠢᠨ ᠰᠢᠯᠢ ᠶᠢᠨ ᠭᠤᠣᠯ︾ ᠤᠨ ᠸᠢᠴᠠᠲ ᠤᠨ ᠬᠠᠷᠠᠭᠠᠨ ᠳᠠᠪᠲᠠᠮᠵᠢ ᠂ ︽ᠰᠢᠯᠢ ᠶᠢᠨ ᠭᠤᠣᠯ ᠠᠶᠢᠮᠠᠭ ᠤᠨ ᠠᠵᠢᠯ ᠣᠯᠭᠤᠯᠲᠠ ᠶᠢᠨ ᠦᠢᠯᠡᠴᠢᠯᠡᠭᠡ︾ ᠶᠢᠨ  ᠲᠢᠺ ᠲᠤᠺ ᠵᠡᠷᠭᠡ ᠲᠠᠪᠴᠠᠩ ᠢ ᠲᠦᠰᠢᠭᠯᠡᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠶᠢᠳᠡᠯᠠᠨ ᠲᠠᠮᠵᠢᠭᠤᠯᠤᠭᠰᠠᠨ ᠪᠠᠶᠢᠨ᠎ᠠ᠃  ᠰᠦᠯᠵᠢᠶ᠎ᠠ‌‍ᠪᠠ ᠠᠬᠤᠢ ᠲᠠᠯᠡᠪᠡᠢ ᠢ ᠵᠡᠷᠭᠡᠪᠡᠷ ᠶᠠᠪᠤᠭᠳᠠᠭᠤᠯᠬᠤ ᠪᠠᠷ ᠳᠠᠮᠵᠢᠭᠤᠯᠤᠨ᠂ ᠠᠵᠢᠯᠲᠠᠨ ᠡᠯᠰᠡᠬᠦ ᠴᠤᠭᠯᠠᠭᠠᠨ ᠤ  ᠬᠠᠮᠤᠷᠬᠤ ᠬᠡᠪᠴᠢᠶ᠎ᠡ ᠶᠢ ᠥᠷᠭᠡᠳᠬᠡᠵᠦ᠂ ᠥᠷᠭᠡᠨ ᠣᠯᠠᠨ ᠠᠷᠠᠳ ᠲᠦᠮᠡᠨ ᠤ ᠰᠢᠨ᠎ᠡ ᠴᠠᠭ ᠦᠶ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ᠰᠢᠯᠢ ᠶᠢᠨ ᠭᠤᠣᠯ ᠠᠶᠢᠮᠠᠭ ᠤᠨ ᠱᠧᠦ ᠹᠠᠩ ᠢᠳᠡᠭᠡᠨ ᠦᠢᠯᠡᠳᠪᠤᠷᠢᠯᠠᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠭᠡᠯᠳᠡᠰ ᠤᠨ ᠲᠠᠷᠤᠭ᠎ᠠ ᠶᠠᠩ ᠲᠤᠸ᠄ ᠰᠢᠯᠢ ᠶᠢᠨ ᠬᠤᠳᠠ ᠶᠢᠨ 2024 ᠣᠨ ᠤ ᠠᠩᠬᠠᠳᠠᠭᠴᠢ ᠠᠵᠢᠯᠲᠠᠨ ᠡᠯᠰᠡᠬᠦ ᠬᠤᠷᠠᠯ ᠳᠤ ᠪᠢᠳᠡ 8 ᠠᠵᠢᠯ ᠤᠨ ᠪᠠᠶᠢᠷᠢ ᠪᠡᠯᠡᠳᠬᠡᠵᠦ᠂ ᠡᠳ᠋ ᠤᠨ ᠶᠠᠪᠤᠳᠠᠯ ᠂ ᠠᠵᠢᠯᠲᠠᠨ ᠤ ᠶᠠᠪᠤᠳᠠᠯ ᠂ ᠪᠣᠷᠤᠯᠠᠭᠤᠯᠭ᠎ᠠ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ ᠤᠨ ᠠᠵᠢᠯ ᠲᠦᠷᠦᠯ   ᠢ ᠪᠠᠭᠳᠠᠭᠠᠵᠠᠢ᠃      ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠡᠳᠦᠷ ᠲᠤ ᠨᠡᠶᠢᠲᠡ 214 ᠬᠥᠮᠥᠨ ᠬᠡᠷᠡᠭᠯᠡᠬᠦ ᠨᠢᠭᠡᠴᠡ 4552 ᠠᠵᠢᠯ ᠤᠨ ᠪᠠᠶᠢᠷᠢ ᠬᠠᠩᠭᠠᠵᠠᠢ᠃ ᠡᠬᠦᠨ ᠳᠤ   161 ᠬᠤᠯᠪᠤᠭᠠᠯᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠩᠭᠠᠭᠰᠠᠨ 2834 ᠠᠵᠢᠯ ᠤᠨ ᠪᠠᠶᠢᠷᠢ᠂ 11 ᠳᠠᠳᠤᠯᠭ᠎ᠠ ᠶᠢᠨ ᠨᠢᠭᠡᠴᠡ ᠶᠢᠨ ᠬᠠᠩᠭᠠᠭᠰᠠᠨ 38 ᠳᠠᠳᠤᠯᠭ᠎ᠠ ᠶᠢᠨ ᠲᠣᠬᠢᠶᠠᠯ ᠵᠢᠴᠢ 42 ᠭᠠᠳᠠᠨᠠᠬᠢ ᠠᠵᠤ ᠠᠬᠤᠶᠢᠯᠠᠯ ᠲᠠᠢ ᠬᠤᠯᠪᠤᠭᠠᠯᠠᠭᠰᠠᠨ ᠠᠵᠢᠯ ᠦᠢᠯᠡᠰ ᠤᠨ ᠨᠢᠭᠡᠴᠡ ᠶᠢᠨ ᠬᠠᠩᠭᠠᠭᠰᠠᠨ 1680 ᠠᠵᠢᠯ ᠤᠨ ᠪᠠᠶᠢᠷᠢ ᠶᠢ ᠪᠠᠭᠳᠠᠭᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠠ ᠴᠠᠷ᠎ᠠ ᠶᠢᠨ ᠠᠵᠢᠯ ᠤᠨ ᠪᠠᠶᠢᠷᠢ ᠪᠠᠶᠢᠬᠤ ᠪᠠᠷ ᠪᠠᠷᠠᠬᠤ ᠦᠭᠡᠢ ᠪᠠᠰᠠ ᠤᠷ᠎ᠠ ᠴᠢᠳᠠᠪᠤᠷᠢ ᠶᠢᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ  ᠦᠢᠯᠡᠴᠢᠯᠡᠭᠡᠨ ᠤ ᠬᠡᠯᠪᠡᠷᠢ ᠶᠢᠨ ᠠᠵᠢᠯ ᠤᠨ ᠪᠠᠶᠢᠷᠢ ᠪᠠᠶᠢᠵᠤ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠰᠤᠷᠤᠯᠭ᠎ᠠ ᠶᠢᠨ ᠨᠠᠮᠲᠠᠷ ᠲᠠᠢ ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃        ᠱᠢ ᠯᠦ ᠱᠧᠩ᠂ ᠬᠤᠸᠠᠩ ᠱᠢ ᠵᠢᠶᠧ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号