ᠴᠠᠭᠠᠨ ᠰᠠᠷ᠎ᠠ ᠶᠢᠨ ᠠᠮᠠᠷᠠᠯᠳᠠ ᠶᠢᠨ ᠲᠠᠷᠠᠭᠠᠬᠢ ᠠᠵᠢᠯ  ᠦᠢᠯᠡᠳᠪᠦᠷᠢᠯᠡᠯ  ᠢᠶᠠᠨ ᠪᠦᠬᠦ ᠲᠠᠯ᠎ᠠ ᠪᠠᠷ ᠰᠡᠷᠬᠦᠭᠡᠵᠤ ᠪᠠᠶᠢᠨ᠎ᠠ
ᠨᠡᠶᠢᠲᠡᠯᠡᠭᠰᠡᠨ ᠴᠠᠭ᠄
2024/2/23
     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠴᠤ᠂  ᠰᠢᠯᠢ ᠶᠢᠨ ᠬᠤᠳᠠ ᠣᠷᠣᠨ ᠤ ᠡᠯ᠎ᠡ ᠠᠵᠤ ᠠᠬᠤᠶᠢᠯᠠᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠡᠬᠢᠯᠡᠯᠲᠡ ᠶᠢᠨ ᠳᠠᠷᠤᠪᠴᠢ︾  ᠶᠢ ᠳᠠᠷᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠦᠢᠯᠡᠳᠪᠦᠷᠢᠯᠡᠯ ᠢᠶᠠᠨ ᠡᠷᠲᠡ ᠰᠡᠷᠭᠦᠭᠡᠬᠦ ᠶᠢ ᠠᠬᠢᠭᠤᠯᠵᠤ᠂  ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ  ᠪᠠᠳᠤᠯᠠᠵᠤ ᠪᠠᠶᠢᠨ᠎ᠠ᠃      ᠰᠢᠯᠢ ᠶᠢᠨ ᠭᠤᠣᠯ ᠤᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠤᠮᠠᠷᠠᠲᠤ ᠶᠢᠨ ᠢᠯᠠᠯᠳᠠ ᠴᠠᠬᠢᠯᠭᠠᠨ ᠤ ᠦᠢᠯᠡᠳᠪᠦᠷᠢ ᠳᠤ᠂ ᠡᠯ᠎ᠡ ᠦᠢᠯᠡᠳᠪᠦᠷᠢᠯᠡᠯ ᠤᠨ ᠲᠠᠰᠤᠭ ᠪᠠᠴᠢᠮ ᠶᠠᠭᠠᠷᠠᠯᠲᠠᠢ ᠠᠵᠢᠯᠯᠠᠵᠤ ᠡᠬᠢᠯᠡᠭᠰᠠᠨ ᠪᠠᠶᠢᠯ᠎ᠠ᠃      ᠲᠥᠪᠯᠡᠷᠡᠭᠦᠯᠦᠨ ᠡᠵᠡᠮᠳᠡᠬᠦ ᠲᠠᠰᠤᠭ ᠲᠤ᠂ ᠠᠵᠢᠯᠲᠠᠳ ᠺᠣᠮᠫᠢᠦ᠋ᠲ᠋ᠧᠷ ᠤᠨ ᠳᠡᠯᠭᠡᠴᠡ ᠠᠴᠠ ᠡᠯ᠎ᠡ ᠦᠢᠯᠡᠳᠪᠦᠷᠢᠯᠡᠯ ᠤᠨ ᠠᠵᠢᠯ ᠤᠨ ᠪᠠᠶᠢᠷᠢ ᠳᠡᠭᠡᠷᠡᠬᠢ ᠠᠵᠢᠯᠯᠠᠭᠠᠨ ᠤ ᠲᠤᠭ᠎ᠠ ᠪᠠᠷᠢᠮᠲᠠ ᠶᠢ ᠠᠵᠢᠭᠯᠠᠨ ᠵᠠᠳᠠᠯᠵᠤ᠂ ᠴᠠᠬᠢᠯᠭᠠᠨ ᠢ ᠪᠠᠲᠤᠯᠠᠬᠤ ᠬᠠᠮᠢᠶ᠎ᠠ ᠪᠦᠬᠦᠢ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠠᠳᠠᠯᠢ ᠪᠤᠰᠤ ᠠᠵᠢᠯ ᠤᠨ ᠪᠠᠶᠢᠷᠢ ᠳᠠᠬᠢ ᠨᠢᠭᠡᠳᠦᠭᠡᠷ ᠹᠷᠣᠨᠲ ᠤᠨ ᠠᠵᠢᠯᠲᠠᠳ ᠤᠨ ᠢᠳᠡᠭᠡᠯ ᠵᠤᠷᠢᠭ ᠠᠵᠢᠯᠯᠠᠬᠤ ᠤᠪᠤᠷ ᠢ  ᠬᠦᠢᠴᠡᠳ  ᠢᠯᠡᠷᠡᠬᠦᠯᠦᠭᠰᠠᠨ ᠪᠠᠶᠢᠨ᠎ᠠ᠃      ᠰᠢᠯᠢ ᠶᠢᠨ ᠭᠤᠣᠯ ᠤᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠭᠡᠯᠳᠡᠰ ᠤᠨ ᠳᠡᠳ᠋  ᠲᠠᠷᠤᠭ᠎ᠠ ᠬᠤ᠋ ᠸᠧᠢ᠄ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠠᠬᠢ ᠢᠯᠴᠢ  ᠴᠠᠬᠢᠯᠭᠠᠨ ᠢ ᠪᠠᠲᠤᠯᠠᠬᠤ ᠡᠭᠦᠷᠭᠡ ᠶᠢ ᠰᠠᠶᠢᠳᠤᠷ ᠪᠡᠶᠡᠯᠡᠭᠦᠯᠬᠦ ᠶᠢᠨ ᠲᠥᠯᠥᠭᠡ᠂ ᠮᠠᠨ ᠤ ᠺᠣᠮᠫᠠᠨᠢ ᠵᠢᠵᠢᠭᠦᠷᠯᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯ ᠤᠳᠤᠷᠢᠳᠤᠯᠭ᠎ᠠ ᠡᠭᠡᠯᠵᠢ ᠳᠠᠭᠠᠭᠤᠯᠤᠨ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠳᠤᠯᠠᠵᠠᠢ᠃ ᠠᠮᠠᠷᠠᠯᠲᠠ ᠶᠢᠨ ᠬᠤᠭᠤᠴᠠᠭᠠᠨ ᠤ ᠳᠠᠷᠠᠭᠠᠬᠢ ᠠᠵᠢᠯ ᠡᠬᠢᠯᠡᠭᠰᠡᠨ ᠠᠩᠬᠠᠨ ᠤ ᠡᠳᠦᠷ᠂ ᠮᠠᠨ ᠤ ᠺᠣᠮᠫᠠᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠠᠵᠢᠯᠯᠠᠭ᠎ᠠ ᠶᠢ ᠥᠷᠨᠢᠭᠦᠯᠵᠡᠢ᠃ ᠲᠠᠷᠠᠭᠠᠴᠢ ᠶᠢᠨ ᠠᠯᠬᠤᠮ ᠳᠤ᠂ ᠪᠢᠳᠡ ᠪᠣᠭᠤᠮᠲᠠ ᠰᠢᠪᠲᠤᠯᠵᠤ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠦᠷᠭᠦᠯᠵᠢᠯᠡᠨ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠰᠠᠭᠤᠷᠢ ᠪᠣᠯᠭᠠᠵᠤ᠂ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠳᠦᠷᠢᠮ ᠲᠤᠭᠳᠠᠭᠠᠯ ᠠᠴᠠ ᠵᠥᠷᠢᠴᠡᠭᠰᠡᠨ  ᠵᠠᠰᠠᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠢᠯᠴᠢ ᠬᠠᠩᠭᠠᠬᠤ ᠴᠠᠬᠢᠯᠭᠠᠨ ᠭᠠᠷᠭᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠰᠠᠨᠠᠭ᠎ᠠ ᠠᠮᠤᠷ ᠢᠯᠴᠢ ᠴᠠᠬᠢᠯᠭᠠᠨ ᠬᠡᠷᠡᠭᠯᠡᠬᠦ ᠶᠢ  ᠪᠠᠳᠤᠯᠠᠬᠤ ᠪᠤᠯᠤᠨ᠎ᠠ᠃      ᠣᠶᠢᠯᠠᠭᠠᠭᠰᠠᠨ ᠢᠶᠠᠷ᠂ 2 ᠰᠠᠷ᠎ᠠ ᠶᠢᠨ 18 ᠤ ᠡᠳᠦᠷ  ᠠᠵᠢᠯ  ᠦᠢᠯᠡᠳᠪᠦᠷᠢᠯᠡᠯ ᠢᠶᠠᠨ ᠰᠡᠷᠭᠦᠭᠡᠭᠰᠡᠨ ᠠᠴᠠ ᠨᠠᠰᠢ᠂ ᠠᠵᠤ ᠠᠬᠤᠶᠢᠯᠠᠯ ᠨᠢ 3526 ᠲᠦᠮᠡᠨ KWh ᠴᠠᠬᠢᠯᠭᠠᠨ ᠭᠠᠷᠭᠠᠵᠤ᠂ 3 . 24 ᠲᠦᠮᠡᠨ ᠲᠣᠨ ᠨᠡᠭᠦᠷᠡᠰᠦ ᠣᠷᠣᠭᠤᠯᠵᠤ᠂ 8683GJ ᠢᠯᠴᠢ ᠬᠠᠩᠭᠠᠭᠰᠠᠨ ᠪᠠᠶᠢᠨ᠎ᠠ᠃      ᠪᠠᠶᠠᠷ ᠤᠨ ᠡᠳᠦᠷ ᠤᠨ ᠠᠮᠠᠷᠠᠯᠳᠠ ᠶᠢᠨ ᠲᠠᠷᠠᠭ᠎ᠠ᠂ ᠡᠯ᠎ᠡ ᠠᠵᠤ ᠠᠬᠤᠶᠢᠯᠠᠯ ᠵᠠᠯᠭ᠎ᠠ ᠵᠠᠯᠭ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠣᠷᠭᠢᠯ ᠤᠨ ᠬᠤᠭᠤᠴᠠᠭᠠᠨ ᠳᠤ ᠣᠷᠣᠬᠤ  ᠶᠢ ᠳᠠᠭᠠᠯᠳᠤᠨ᠂ ᠡᠯ᠎ᠡ ᠰᠠᠯᠠᠭ᠎ᠠ ᠮᠥᠴᠢᠷ  ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠵᠢᠯ ᠤᠨ ᠠᠬᠤᠢ ᠲᠠᠯᠠᠪᠤᠷ  ᠲᠠᠬᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯᠲᠠᠨ ᠤ ᠣᠶᠤᠨ ᠰᠠᠨᠠᠭᠠᠨ ᠤ ᠪᠠᠶᠢᠳᠠᠯ᠂ ᠲᠥᠬᠦᠭᠡᠷᠦᠮᠵᠢ ᠪᠡᠯᠡᠳᠬᠡᠮᠵᠢ᠂ ᠠᠵᠢᠯ ᠤᠨ ᠲᠦᠭᠰᠢᠭᠦᠷᠢ ᠵᠡᠷᠭᠡ ᠲᠠᠯ᠎ᠠ  ᠠᠴᠠ ᠠᠵᠢᠯ ᠤᠨ ᠪᠠᠶᠢᠷᠢ ᠶᠢᠨ ᠲᠦᠭᠰᠢᠭᠦᠷᠢ ᠶᠢ ᠪᠥᠬᠦ ᠲᠠᠯ᠎ᠠ ᠪᠠᠷ ᠢᠯᠭᠠᠨ ᠲᠠᠨᠢᠵᠤ᠂ ︽ᠭᠤᠷᠪᠠ ᠶᠢ ᠡᠷᠬᠢᠮᠯᠡᠵᠦ ᠨᠢᠭᠡ ᠶᠢ ᠨᠠᠶᠢᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠦᠨᠡᠨᠬᠦ  ᠪᠠᠳᠤᠯᠠᠭᠰᠠᠨ ᠪᠠᠶᠢᠨ᠎ᠠ᠃      ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号