ᠰᠢᠯᠢ ᠶᠢᠨ ᠬᠤᠳᠠ ᠶᠢᠨ ᠴᠠᠰᠤᠲᠤ ᠭᠠᠵᠠᠷ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ  ᠶᠠᠪᠤᠭᠳᠠᠪᠠ
ᠨᠡᠶᠢᠲᠡᠯᠡᠭᠰᠡᠨ ᠴᠠᠭ᠄
2024/2/26
     ᠤᠶᠢᠷ᠎ᠠ ᠶᠢᠨ ᠡᠳᠤᠷ᠂ ᠰᠢᠯᠢ ᠶᠢᠨ ᠬᠤᠳᠠ ᠶᠢᠨ ᠴᠠᠰᠤᠲᠤ ᠭᠠᠵᠠᠷ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ  ᠶᠠᠪᠤᠭᠳᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠳᠤ ᠰᠢᠯᠢ ᠶᠢᠨ ᠬᠤᠳᠠ ᠤᠷᠤᠨ ᠠᠴᠠ ᠬᠦᠷᠤᠯᠴᠠᠨ ᠢᠷᠡᠭᠰᠠᠨ 100 ᠭᠠᠷᠤᠢ ᠲᠠᠮᠢᠷᠴᠢᠨ ᠤᠷᠤᠯᠴᠠᠵᠤ᠂  ᠬᠠᠬᠢᠷ ᠬᠦᠢᠲᠡᠨ ᠡᠪᠤᠯ ᠤᠨ ᠠᠭᠤᠷ ᠠᠮᠢᠰᠬᠤᠯ ᠲᠤ ᠲᠠᠮᠢᠷᠴᠢᠳ ᠤᠷᠬᠢᠯᠤᠮ᠎ᠠ ᠬᠠᠯᠠᠭᠤᠨ ᠰᠡᠳᠬᠢᠯᠡᠭᠡ᠂ ᠵᠤᠷᠢᠭ ᠪᠠᠳᠠᠷᠠᠩᠭᠤᠢ ᠤᠪᠤᠷ ᠢᠶᠠᠷ ᠬᠦᠯ ᠪᠥᠮᠪᠥᠭᠡᠨ ᠲᠠᠯᠠᠪᠤᠷ ᠲᠤ ᠦᠪᠡᠷ ᠦᠪᠡᠷᠰᠡᠳ ᠤᠨ ᠪᠦᠮᠪᠤᠭᠡᠨ ᠤᠷ᠎ᠠ ᠮᠡᠷᠭᠡᠵᠢᠯ ᠢᠶᠠᠨ  ᠭᠠᠶᠢᠬᠠᠭᠤᠯᠵᠤ ᠪᠠᠶᠢᠯ᠎ᠠ᠃ ᠪᠦᠬᠦᠶᠢᠯᠨ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠤ ᠠᠬᠤᠢ ᠲᠠᠯᠠᠪᠠᠢ ᠶᠢᠨ ᠦᠵᠡᠭᠴᠢᠳ ᠤᠨ ᠠᠩᠬᠠᠷᠤᠯ ᠢ ᠶᠡᠭᠡᠳᠡ ᠲᠠᠳᠠᠵᠤ᠂ ᠦᠵᠡᠭᠴᠢᠳ ᠤᠨ ᠬᠠᠯᠠᠭᠠᠤᠨ ᠠᠯᠠᠭ᠎ᠠ ᠲᠡᠰᠢᠯᠲᠡ  ᠪᠠ ᠤᠷᠠᠶᠢᠯᠠᠯ ᠤᠨ ᠲᠠᠭᠤᠨ ᠲᠠᠰᠤᠷᠠᠯᠳᠠ ᠦᠭᠡᠢ  ᠴᠤᠤᠷᠢᠶᠠᠳᠤᠵᠤ ᠪᠠᠶᠢᠯ᠎ᠠ᠃      ᠲᠠᠶᠠᠩ ᠺᠯᠦᠪ ᠤᠨ ᠭᠡᠰᠢᠬᠦᠨ ᠴᠢᠭᠯᠡᠯ᠄ ᠰᠢᠯᠢ ᠶᠢᠨ ᠬᠤᠳᠠ ᠠᠴᠠ ᠲᠤᠰ ᠤᠳᠠᠭᠠᠨ ᠤ ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠳᠤ ᠲᠤᠩ ᠲᠠᠯᠠᠷᠬᠠᠵᠤ ᠪᠠᠶᠢᠨ᠎ᠠ᠂ ᠬᠦᠯ ᠪᠦᠮᠪᠤᠭᠡᠨ ᠤ ᠲᠤᠷ᠎ᠠ ᠪᠠᠭ᠋ᠠᠳᠠᠳ ᠴᠤᠭᠯᠠᠷᠠᠵᠤ ᠲᠠᠮᠢᠷ ᠤᠨ ᠬᠦᠳᠡᠯᠭᠡᠭᠡᠨ ᠠᠴᠠ ᠪᠠᠶᠠᠷ ᠪᠠᠶᠠᠰᠤᠯ ᠢ ᠬᠠᠮᠳᠤᠪᠡᠷ ᠡᠳ᠋ᠯᠡᠵᠤ ᠪᠠᠶᠢᠨ᠎ᠠ᠂ ᠢᠢᠮᠤᠷᠬᠦ ᠬᠦᠳᠡᠯᠭᠡᠭᠡᠨ ᠢ ᠢᠯᠡᠬᠦᠤ ᠵᠤᠬᠢᠶᠠᠨ ᠪᠠᠶᠢᠭᠤᠯᠬᠤ ᠶᠢ ᠬᠦᠰᠡᠵᠤ ᠪᠠᠶᠢᠨ᠎ᠠ᠃      ᠡᠨᠡ ᠤᠳᠠᠭᠠᠨ ᠤ ᠤᠷᠤᠯᠳᠤᠭᠠᠨ ᠪᠣᠯ ᠰᠢᠯᠢ ᠶᠢᠨ ᠬᠤᠲᠠ ᠶᠢᠨ ᠡᠪᠦᠯ ᠤᠨ  ᠠᠮᠢᠳᠤᠯᠢᠭ ᠬᠦᠴᠦᠨ ᠤ ᠢᠯᠡᠷᠡᠭᠦᠯᠦᠯ ᠪᠣᠯᠬᠤ ᠪᠥᠭᠡᠳ ︽ᠠᠷᠪᠠᠨ ᠳᠥᠷᠪᠡᠨ ᠬᠤᠭᠤᠴᠭᠠᠨ ᠤ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ  ︾᠎ ᠎ ᠤ  ᠶᠠᠪᠤᠭᠳᠠᠬᠤ ᠶᠢ ᠤᠭᠲᠤᠵᠤ᠂ ᠮᠥᠰᠥ ᠴᠠᠰᠤᠨ ᠤ  ᠪᠠᠶᠠᠷ ᠪᠠᠭ᠋ᠠᠳᠤᠯ  ᠎ ᠢ ᠬᠥᠭᠵᠢᠭᠡᠭᠰᠡᠨ ᠪᠠᠶᠢᠨ᠎ᠠ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠭᠡᠮᠡᠯᠵᠢᠯ ᠪᠠ ᠵᠤᠭᠠᠴᠠᠯ ᠤᠨ ᠦᠢᠯᠡᠰ ᠤᠨ ᠠᠭᠤᠰᠤᠯᠴᠠᠯ ᠤᠨ ᠬᠥᠭᠵᠢᠯᠲᠡ ᠨᠢ ᠡᠪᠦᠯ ᠎ ᠤᠨ ᠤᠯᠠᠷᠢᠯ  ᠎ ᠢ ᠠᠮᠢᠵᠢᠷᠠᠯ ᠤᠨ ᠬᠦᠴᠦᠨ ᠪᠠ  ᠢᠳᠡᠪᠬᠢ ᠬᠦᠴᠦᠨ ᠢᠶᠠᠷ ᠪᠢᠯᠬᠠᠭᠤᠯᠵᠤ᠂ ᠬᠤᠷᠴᠠ ᠰᠢᠷᠦᠭᠦᠨ ᠤᠷᠤᠯᠳᠤᠭᠠᠨ ᠨᠢ ᠨᠡᠩ ᠤᠯᠠᠨ ᠬᠥᠮᠥᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ ᠲᠠᠶᠢᠴᠢᠯᠠᠭᠰᠠᠨ ᠢᠶᠠᠷ ᠪᠠᠷᠠᠬᠤ ᠦᠭᠡᠢ ᠰᠢᠯᠢ ᠎ ᠶᠢᠨ ᠬᠤᠳᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠠ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠴᠦ ᠳᠡᠭᠡᠭᠰᠢᠯᠡᠭᠦᠯᠦᠭᠰᠡᠨ ᠪᠠᠶᠢᠨ᠎ᠠ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号