ᠰᠢᠯᠢ ᠶᠢᠨ ᠬᠤᠳᠠ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ  ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠤᠷᠰᠢᠯ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/26
     2 ᠰᠠᠷ᠎ᠠ ᠶᠢᠨ 24  ᠤ ᠡᠳᠦᠷ᠂  ᠰᠢᠯᠢ ᠶᠢᠨ ᠬᠤᠳᠠ ᠪᠦᠬᠦ ᠤᠯᠤᠰ ᠤᠨ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ  ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠤᠷᠰᠢᠯ ᠬᠤᠷᠠᠯ ᠬᠤᠷᠠᠯᠳᠤᠭᠤᠯᠤᠭᠰᠠᠨ ᠪᠠᠶᠢᠨ᠎ᠠ᠃        ᠬᠤᠷᠠᠯ ᠳᠤ  ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠮᠡᠳᠡᠭᠳᠡᠵᠦ᠂ ᠪᠦᠬᠦ ᠤᠯᠤᠰ ᠤᠨ︽ᠬᠤᠶᠠᠷ ᠬᠤᠷᠠᠯ︾  ᠤᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ  ᠪᠠᠶᠢᠷᠢᠯᠠᠭᠤᠯᠵᠠᠢ᠃ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠡᠯ᠎ᠡ ᠳᠡᠳ᠋ ᠬᠤᠳᠠ ᠶᠢᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠠᠮᠤᠷ ᠲᠦᠪᠰᠢᠨ ᠲᠣᠭᠲᠠᠭᠤᠨ ᠤ ᠠᠵᠢᠯ ᠤᠨ ᠲᠤᠬᠠᠢ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ  ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠲᠠᠷᠠᠭᠠᠬᠢ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠ ᠪᠦᠬᠦ ᠤᠯᠤᠰ ᠤᠨ ︽ᠬᠤᠶᠠᠷ ᠬᠤᠷᠠᠯ︾ ᠢ ᠬᠤᠷᠠᠯᠳᠤᠭᠤᠯᠬᠤ ᠴᠢᠬᠤᠯᠠ ᠴᠠᠭ ᠦᠶ᠎ᠡ ᠳᠤ ᠪᠠᠶᠢᠨ᠎ᠠ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ  ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ᠃ ᠪᠦᠬᠦ ᠬᠤᠳᠠ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠠᠶᠢᠮᠠᠭ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠣᠭᠲᠠᠭᠤᠨ ᠨᠢ ᠠᠯᠢᠪᠠ ᠠᠴᠠ ᠴᠢᠬᠤᠯᠠ︾ ᠭᠡᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠦᠭᠰᠢᠭᠦᠷᠢ ᠶᠢᠨ ᠤᠬᠠᠮᠰᠠᠷ ᠢᠶᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂  ᠠᠮᠤᠷ ᠲᠦᠪᠰᠢᠨ ᠢ ᠪᠠᠲᠤᠯᠠᠬᠤ᠂  ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠤᠯᠤᠰ ᠤᠨ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠠᠪᠤᠷ ᠤᠨ ᠤᠯᠠᠷᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠳᠤᠷᠢᠳᠬᠤ ᠺᠠᠳ᠋ᠷ ᠳᠣᠷᠣᠭᠰᠢ ᠪᠠᠭᠤᠵᠤ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠢ ᠴᠢᠨᠠᠭᠰᠢᠳᠠ ᠴᠢᠩᠭᠠᠳᠬᠠᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠠᠴᠠ ᠪᠠᠨ ᠰᠠᠯᠵᠤ ᠠᠵᠢᠯ ᠤᠨ ᠪᠠᠶᠢᠷᠢ ᠠᠴᠠ ᠪᠠᠨ ᠬᠤᠴᠣᠷᠬᠤ᠂ ᠤᠳᠠᠭᠠᠰᠢᠷᠠᠭᠤᠯᠤᠨ ᠮᠡᠳᠡᠭᠦᠯᠵᠦ ᠮᠡᠳᠡᠭᠦᠯᠬᠦ ᠦᠭᠡᠢ ᠨᠢᠭᠤᠬᠤ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠵᠤ᠂  ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠰᠢᠯᠢ ᠶᠢᠨ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ  ᠤᠷᠤᠯᠴᠠᠵᠠᠢ᠃      ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号