ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2024/2/27
ᠡᠳ᠋ ᠤᠨ ᠵᠠᠰᠠᠭ ᠤᠨ ᠲᠣᠪᠴᠢᠶ᠎ᠠ      ᠨᠢᠭᠡᠳᠦᠭᠡᠷ ᠵᠦᠢᠯ  ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ ︽ᠰᠢᠯᠢ ᠶᠢᠨ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠰᠢᠯᠢ ᠶᠢᠨ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ   ᠰᠢᠯᠢ ᠶᠢᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠣᠯ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ ᠪᠣᠯᠣᠨ᠎ᠠ᠂ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠎ᠡ᠃      ᠭᠤᠷᠪᠠᠳᠤᠭᠠᠷ ᠵᠦᠢᠯ  ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠡᠳ᠋ ᠤᠨ ᠵᠠᠰᠠᠭ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠡᠳ᠋ ᠤᠨ ᠵᠠᠰᠠᠭ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠠᠵᠢᠯ ᠤᠨ ᠳᠤᠮᠳᠠ ᠤᠷᠳᠤ ᠬᠤᠭᠤᠴᠠᠭᠠᠨ ᠤ ᠲᠥᠯᠥᠪᠯᠡᠭᠡ ᠪᠠ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠡᠯ᠎ᠡ ᠵᠦᠢᠯ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠤᠯᠭ᠎ᠠ ᠶᠢ ᠲᠤᠭᠲᠠᠭᠠᠬᠤ ᠳᠤ ᠤᠷᠤᠯᠴᠠᠨ᠎ᠠ᠃ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠲᠤᠷᠠᠳᠤᠨ᠎ᠠ᠃ ᠪᠦᠬᠦ ᠬᠤᠳᠠ ᠶᠢᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠥᠯ ᠢ ᠲᠤᠭᠤᠷᠪᠢᠨ᠎ᠠ᠃ ᠪᠦᠬᠦ ᠬᠤᠳᠠ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠤᠨ᠎ᠠ᠃      ︵ᠬᠤᠶᠠᠷ︶ ᠬᠤᠲᠠ ᠶᠢᠨ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ  ᠂ ᠬᠤᠲᠠ ᠶᠢᠨ ᠲᠣᠰ ᠱᠠᠲᠤᠨ ᠤ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠬᠤᠳᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠤᠬᠢᠶᠠᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠦᠬᠦ ᠬᠤᠲᠠ ᠶᠢᠨ ᠡᠳ᠋ ᠤᠨ ᠵᠠᠰᠠᠭ ᠣᠨ ᠲᠥᠰᠦᠪ ᠵᠢᠴᠢ ᠭᠦᠢᠴᠡᠳᠬᠡᠭᠰᠡᠨ ᠪᠠᠶᠢᠳᠠᠯ ᠢ ᠮᠡᠳᠡᠭᠦᠯᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠤᠨ ᠭᠦᠢᠴᠡᠳᠬᠡᠯ ᠢ ᠮᠡᠳᠡᠭᠦᠯᠵᠦ ᠡᠳ᠋ ᠤᠨ ᠵᠠᠰᠠᠭ ᠣᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠨᠡᠶᠢᠲᠡᠯᠡᠨ᠎ᠡ᠃ ᠬᠤᠲᠠ ᠶᠢᠨ ᠲᠣᠰ ᠱᠠᠲᠤᠨ ᠤ ᠵᠠᠷᠤᠳᠠᠯ ᠣᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ᠂ ᠨᠢᠭᠡᠴᠡ ᠶᠢᠨ ᠣᠨ ᠲᠥᠰᠦᠪ ᠢ ᠬᠢᠨᠠᠨ ᠬᠠᠷᠭᠤᠭᠤᠯᠵᠤ ᠵᠥᠪᠰᠢᠶᠡᠷᠡᠨ᠎ᠡ᠃      ︵ᠭᠤᠷᠪᠠ︶ ᠪᠥᠬᠦ ᠬᠤᠲᠠ ᠶᠢᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ  ᠂ ᠪᠥᠬᠦ ᠬᠤᠲᠠ ᠶᠢᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠪᠡᠯᠡ ᠮᠥᠩᠭᠦ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠵᠢᠴᠢ ᠪᠤᠰᠤᠳ ᠭᠠᠶᠢᠯᠢ ᠶᠢᠨ ᠪᠤᠰᠤ ᠣᠷᠣᠯᠭ᠎ᠠ ᠶᠢ ᠲᠣᠭᠲᠠᠭᠠᠯ ᠶᠣᠰᠣᠭᠠᠷ ᠬᠠᠮᠢᠶᠠᠷᠴᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃      ︵ᠳᠥᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠬᠢᠨᠠᠨ ᠬᠠᠮᠢᠶᠠᠷᠴᠤ᠂ ᠵᠠᠰᠠᠭ ᠤᠨ ᠣᠷᠳᠣᠨ ᠤ ᠬᠤᠳᠠᠯᠳᠤᠨ ᠠᠪᠬᠤ  ᠵᠦᠢᠯ ᠢ ᠲᠤᠭᠤᠷᠪᠢᠨ ᠲᠣᠭᠲᠠᠭᠠᠨ᠎ᠠ᠃         ︽ᠬᠠᠮᠢᠶᠠᠷᠬᠤ ᠪᠠ ᠬᠤᠳᠠᠯᠳᠤᠨ ᠠᠪᠬᠤ ᠶᠢ ᠰᠠᠯᠭᠠᠬᠤ︾ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠥᠪ᠂ ᠲᠥᠯᠥᠪᠯᠡᠭᠡ ᠪᠠ ᠲᠥᠪᠯᠡᠷᠡᠭᠦᠯᠦᠨ ᠬᠤᠳᠠᠯᠳᠤᠨ ᠠᠪᠬᠤ ᠪᠡᠯᠡ ᠮᠥᠩᠭᠦ ᠶᠢ ᠬᠢᠨᠠᠵᠤ ᠬᠠᠮᠢᠶᠠᠷᠤᠨ᠎ᠠ᠃      ︵ᠲᠠᠪᠤ︶ ᠪᠦᠬᠦ ᠬᠤᠳᠠ ᠶᠢᠨ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠ  ᠵᠢᠷᠤᠮᠵᠢᠭᠤᠯᠵᠤ᠂ ᠤᠯᠤᠰ ᠤᠨ ᠨᠢᠭᠡᠳᠦᠯᠲᠡᠢ ᠨᠢᠭᠲᠠᠯᠠᠨ ᠪᠤᠳᠤᠬᠤ ᠳᠦᠷᠢᠮ᠂ ᠨᠢᠭᠲᠠᠯᠠᠨ ᠪᠤᠳᠤᠬᠤ ᠮᠡᠳᠡᠭᠡ ᠵᠠᠩᠭᠢᠵᠢᠯᠲᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠬᠢᠵᠠᠭᠠᠷᠯᠠᠬᠤ ᠵᠢᠷᠤᠮᠵᠢᠯ ᠢ ᠬᠠᠷᠢᠭᠤᠴᠠᠨ ᠬᠡᠷᠡᠭᠵᠢᠭᠦᠯᠦᠨ᠎ᠡ᠃      ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤ ᠪᠠ ᠪᠥᠬᠦ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠬᠢᠭᠡᠳ ᠳᠦᠷᠢᠮ ᠤᠨ ᠲᠣᠭᠲᠠᠭᠠᠯ ᠢ ᠬᠡᠷᠡᠭᠵᠢᠭᠦᠯᠵᠦ᠂ ᠪᠥᠬᠦ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠬᠢᠭᠡᠳ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠡᠪᠴᠢᠶ᠎ᠡ ᠶᠢ ᠡᠵᠡᠮᠳᠡᠬᠦ᠂ ᠲᠥᠰᠥᠪ ᠤᠨ ᠬᠠᠮᠢᠶᠠᠷᠤᠯᠲᠠ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠦᠷᠢᠳᠬᠡᠨ ᠵᠠᠳᠠᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠢᠭᠡᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃      ︵ᠲᠤᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ  ᠨᠢᠭᠡᠴᠡ ᠶᠢᠨ ᠡᠳ᠋ ᠬᠥᠷᠥᠩᠭᠡ ᠶᠢ ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ᠂ ᠤᠯᠤᠰ ᠤᠨ ᠥᠮᠴᠢᠯᠡᠯ ᠤᠨ ᠥᠮᠴᠢᠯᠡᠯ ᠤᠨ ᠡᠷᠬᠡ ᠶᠢ ᠵᠠᠭᠠᠭᠯᠠᠨ ᠲᠣᠭᠲᠠᠭᠠᠬᠤ ᠪᠠ ᠳᠠᠩᠰᠠᠯᠠᠬᠤ᠂ ᠰᠢᠯᠵᠢᠭᠦᠯᠦᠨ ᠥᠭᠬᠦ᠂ ᠡᠷᠬᠡ ᠣᠯᠭᠤᠨ ᠡᠵᠡᠩᠨᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠵᠤᠬᠢᠶᠠᠨ ᠪᠠᠶᠢᠭᠤᠯᠵᠤ ᠨᠠᠶᠢᠷᠠᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ︵ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠦᠯᠬᠦ ᠬᠦᠰᠦᠨᠦᠭᠲᠦ︶ ᠎ ᠶᠢ ᠪᠦᠷᠢᠳᠬᠡᠬᠦ᠂ ᠵᠠᠳᠠᠯᠬᠤ ᠪᠠ ᠦᠨᠡᠯᠡᠬᠦ ᠶᠢ ᠬᠤᠳᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠨ᠎ᠠ᠃      ︵ᠨᠠᠢᠮᠠ︶ ᠣᠷᠣᠨ ᠨᠤᠲᠤᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠠᠵᠢᠯᠯᠠᠭ᠎ᠠ ᠳᠤ ᠬᠢᠨᠠᠯᠲᠠ ᠲᠠᠯᠪᠢᠨ᠎ᠠ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ᠂ ᠭᠠᠶᠢᠯᠢ ᠲᠠᠲᠠᠪᠤᠷᠢ ᠶᠢᠨ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠬᠢᠨᠠᠯᠲᠠ ᠲᠠᠯᠪᠢᠨ᠎ᠠ᠃ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠵᠠᠷᠤᠯᠭ᠎ᠠ ᠶᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      ︵ᠶᠢᠰᠦ︶ ᠪᠥᠬᠦ ᠬᠤᠲᠠ ᠶᠢᠨ ᠡᠳ᠋ ᠤᠨ ᠵᠠᠰᠠᠭ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠶᠢ ᠬᠠᠮᠢᠶᠠᠷᠴᠤ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠬᠡᠷᠡᠭᠯᠡᠯᠲᠡ ᠳᠤ ᠡᠳ᠋ ᠤᠨ ᠵᠠᠰᠠᠭ ᠤᠨ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃      ︵ᠠᠷᠪᠠ︶ ᠠᠵᠢᠯ ᠲᠥᠷᠥᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠤᠶᠢᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃      ︵ᠠᠷᠪᠠᠨ ᠨᠢᠭᠡ︶ ᠪᠥᠬᠦ ᠬᠤᠲᠠ ᠶᠢᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ︵PPP︶᠎ ᠶᠢᠨ ᠵᠠᠭᠪᠤᠷ ᠢ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠪᠥᠬᠦ ᠬᠤᠲᠠ ᠶᠢᠨ ︵PPP︶᠎ ᠶᠢᠨ ᠲᠥᠷᠥᠯ ᠵᠦᠢᠯ ᠤᠨ ᠬᠥᠮᠥᠷᠭᠡ ᠪᠠᠶᠢᠭᠤᠯᠬᠤ ᠪᠠ ᠬᠠᠮᠢᠶᠠᠷᠬᠤ ᠶᠢ ᠬᠠᠷᠢᠭᠤᠴᠠᠵᠤ  ᠂ ᠪᠥᠬᠦ ᠬᠤᠲᠠ ᠶᠢᠨ ︵PPP︶᠎ ᠶᠢᠨ ᠲᠥᠷᠥᠯ ᠵᠦᠢᠯ ᠢ ᠥᠷᠨᠢᠭᠦᠯᠬᠦ ᠳᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠵᠡᠷᠭᠡ ᠪᠣᠯᠣᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠥᠯᠦᠪᠵᠢᠭᠦᠯᠭᠡ ᠶᠢ ᠲᠣᠭᠲᠠᠭᠠᠨ᠎ᠠ᠃ ᠪᠦᠬᠦ ᠬᠤᠲᠠ ᠶᠢᠨ ᠡᠳ᠋ ᠤᠨ ᠵᠠᠰᠠᠭ ᠤᠨ ᠠᠵᠢᠯᠲᠠᠨ ᠤ ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠤᠬᠠᠭᠤᠯᠭ᠎ᠠ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄      ︵ᠨᠢᠭᠡ︶ ᠠᠯᠪᠠᠨ ᠭᠡᠷ᠃ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠲᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠡᠬᠡ ᠪᠢᠴᠢᠭ ᠲᠤᠭᠤᠷᠪᠢᠬᠤ᠂ ᠡᠳ᠋ ᠤᠨ ᠵᠠᠰᠠᠭ ᠤᠨ ᠮᠡᠳᠡᠭᠡ ᠵᠠᠩᠭᠢ᠂ ᠰᠣᠨᠢᠨ ᠮᠡᠳᠡᠭᠡ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢ ᠬᠠᠮᠢᠶᠠᠷᠤᠨ᠎ᠠ᠃ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ᠂ ᠲᠡᠷᠭᠡ ᠬᠥᠰᠬᠡ ᠶᠢᠨ ᠬᠠᠮᠢᠶᠠᠷᠤᠯᠲᠠ᠂ ᠭᠥᠯᠢᠶᠡᠨ ᠠᠪᠬᠤ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠬᠥᠳᠡᠯᠮᠦᠷᠢ ᠴᠠᠯᠢᠩ ᠤᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠬᠥᠮᠥᠰ ᠢ ᠬᠢᠨᠠᠨ ᠰᠢᠯᠭᠠᠬᠤ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠴᠣᠯᠠ ᠮᠡᠳᠡᠭᠦᠯᠦᠨ ᠰᠢᠯᠭᠠᠭᠤᠯᠬᠤ ᠶᠢ ᠬᠢᠨᠠᠨ ᠪᠠᠶᠢᠴᠠᠭᠠᠬᠤ ᠳᠤ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠲᠤᠭ᠎ᠠ ᠪᠦᠷᠢᠳᠬᠡᠯ ᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃      ︵ᠬᠤᠶᠠᠷ︶ ᠲᠥᠰᠥᠪ ᠤᠨ ᠲᠠᠰᠤᠭ᠃ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ ᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠡᠯ᠎ᠡ ᠰᠠᠯᠠᠭ᠎ᠠ ᠮᠥᠴᠢᠷ ᠤᠨ ᠠᠵᠢᠯᠲᠠᠨ ᠤ ᠵᠠᠷᠤᠳᠠᠯ ᠪᠠ ᠠᠯᠪᠠᠨ ᠬᠡᠷᠡᠭᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠨᠣᠷᠮ᠎ᠠ ᠶᠢ ᠬᠤᠷᠢᠶᠠᠩᠭᠤᠶᠢᠯᠠᠬᠤ ᠪᠠ ᠬᠢᠨᠠᠨ ᠲᠣᠭᠲᠠᠭᠠᠵᠤ  ᠂ ᠲᠥᠰᠥᠪ ᠢ ᠨᠠᠶᠢᠷᠠᠭᠤᠯᠤᠨ ᠬᠢᠨᠠᠭᠰᠠᠨ ᠲᠤᠭ᠎ᠠ ᠪᠠᠷᠢᠮᠲᠠ ᠪᠠ ᠰᠠᠭᠤᠷᠢ ᠮᠠᠲ᠋ᠧᠷᠢᠶᠠᠯ ᠢ ᠰᠤᠳᠤᠯᠤᠨ ᠡᠮᠬᠢᠳᠬᠡᠵᠦ᠂ ᠰᠠᠯᠠᠭ᠎ᠠ ᠮᠥᠴᠢᠷ ᠤᠨ ᠲᠥᠰᠥᠪ ᠢ ᠬᠢᠨᠠᠨ ᠪᠠᠶᠢᠴᠠᠭᠠᠬᠤ ᠪᠠ ᠴᠣᠬᠤᠯᠠᠪᠤᠷᠢᠯᠠᠨ ᠬᠠᠷᠢᠭᠤᠯᠤᠨ᠎ᠠ᠃ ᠬᠤᠲᠠ ᠶᠢᠨ ᠲᠣᠰ ᠱᠠᠲᠤ ᠬᠢᠭᠡᠳ ᠠᠶᠢᠮᠠᠭ ᠤᠨ ᠱᠠᠲᠤᠨ ᠤ ᠡᠳ᠋ ᠤᠨ ᠵᠠᠰᠠᠭ  ᠂ ᠰᠤᠮᠤ ᠰᠢᠶᠠᠩ ︵ᠪᠠᠯᠭᠠᠰᠤ︶᠎ ᠤᠨ ᠰᠢᠯᠵᠢᠭᠦᠯᠦᠨ ᠲᠦᠯᠦᠬᠦ᠂ ᠲᠤᠰᠬᠠᠢ ᠵᠦᠢᠯ ᠤᠨ ᠨᠥᠬᠦᠪᠦᠷᠢ ᠶᠢ ᠳ᠋ᠦᠩᠨᠡᠨ ᠪᠤᠳᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠰᠤᠮᠤ ᠰᠢᠶᠠᠩ ᠤᠨ ᠱᠠᠲᠤᠨ ᠤ ᠡᠳ᠋ ᠤᠨ ᠵᠠᠰᠠᠭ ᠤᠨ ᠪᠠᠶᠢᠭᠤᠯᠤᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠤᠮᠤ᠂ ᠪᠠᠯᠭᠠᠰᠤ ᠶᠢᠨ ᠵᠠᠷᠤᠳᠠᠯ ᠤᠨ ᠲᠣᠭᠠᠴᠠᠭ᠎ᠠ ᠬᠢᠬᠦ᠂ ᠰᠠᠯᠭᠠᠨ ᠥᠭᠬᠦ ᠵᠢᠴᠢ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠠᠰᠠᠷᠠᠨ ᠲᠡᠵᠢᠭᠡᠬᠦ ᠠᠵᠢᠯᠲᠠᠨ ᠤ ᠮᠡᠳᠡᠭᠡ ᠵᠠᠩᠭᠢ ᠶᠢᠨ ᠰᠢᠰᠲ᠋ᠧᠮ ᠢ ᠬᠤᠷᠢᠶᠠᠩᠭᠤᠶᠢᠯᠠᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠭᠠᠶᠢᠯᠢ ᠤᠨ ᠶᠠᠪᠤᠳᠠᠯ ᠤᠨ ᠰᠠᠯᠠᠭ᠎ᠠ ᠮᠥᠴᠢᠷ ᠤᠨ ᠣᠷᠣᠨ ᠨᠤᠲᠤᠭ ᠤᠨ ᠲᠤᠰᠠᠯᠠᠮᠵᠢ ᠶᠢᠨ ᠪᠡᠯᠡ ᠮᠥᠩᠭᠦ  ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠤᠯᠤᠰ ᠤᠨ ᠰᠠᠩ ᠤᠨ ᠲᠠᠰᠤᠭ᠃ ᠤᠯᠤᠰ ᠤᠨ ᠬᠥᠮᠥᠷᠭᠡ ᠶᠢᠨ ᠳᠦᠷᠢᠮ ᠪᠠ ᠶᠡᠷᠦᠩᠬᠡᠢ ᠲᠥᠰᠥᠪ ᠤᠨ ᠨᠢᠭᠲᠠᠯᠠᠨ ᠪᠤᠳᠤᠬᠤ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠪᠥᠬᠦ ᠬᠤᠲᠠ ᠶᠢᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠢ ᠵᠠᠳᠠᠯᠤᠨ᠎ᠠ᠃ ᠪᠥᠬᠦ ᠬᠤᠲᠠ ᠶᠢᠨ ᠤᠯᠤᠰ ᠤᠨ ᠬᠥᠮᠥᠷᠭᠡ ᠶᠢᠨ ᠪᠡᠯᠡ ᠮᠥᠩᠭᠦ ᠶᠢ ᠲᠣᠬᠢᠷᠠᠭᠤᠯᠬᠤ ᠠᠵᠢᠯ ᠵᠢᠴᠢ ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢ ᠬᠢᠨᠠᠨ ᠬᠠᠷᠭᠤᠭᠤᠯᠬᠤ  ᠂ ᠰᠠᠯᠭᠠᠨ ᠥᠭᠬᠦ ᠪᠠ ᠲᠣᠭᠠᠴᠠᠭ᠎ᠠ ᠬᠢᠬᠦ ᠶᠢ ᠬᠠᠷᠢᠭᠤᠴᠠᠨ᠎ᠠ ᠃ ᠡᠯ᠎ᠡ ᠲᠥᠷᠥᠯ ᠤᠨ ᠡᠳ᠋ ᠤᠨ ᠵᠠᠰᠠᠭ ᠤᠨ ᠲᠤᠰᠬᠠᠢ ᠡᠷᠦᠬᠡ ᠶᠢᠨ ᠪᠡᠯᠡ ᠮᠥᠩᠭᠦ ᠶᠢ ᠰᠠᠯᠭᠠᠨ ᠥᠭᠬᠦ ᠪᠠ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠬᠤᠲᠠ ᠶᠢᠨ ᠰᠢᠭᠤᠳ ᠬᠠᠷᠢᠶ᠎ᠠ ᠲᠥᠰᠥᠪ ᠤᠨ ᠨᠢᠭᠡᠴᠡ ᠶᠢᠨ ᠪᠠᠩᠬᠢ ᠶᠢᠨ ᠳᠠᠩᠰᠠᠨ ᠡᠷᠦᠬᠡ ᠶᠢᠨ ᠠᠵᠢᠯ ᠢ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠪᠠ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠬᠤᠲᠠ ᠶᠢᠨ ᠲᠤᠰ ᠱᠠᠲᠤᠨ ᠤ ᠴᠠᠯᠢᠩ ᠢ ᠨᠢᠭᠡᠳᠦᠯᠲᠡᠢ ᠲᠠᠷᠬᠠᠭᠠᠬᠤ ᠠᠵᠢᠯ ᠢ ᠬᠠᠷᠢᠭᠤᠴᠠᠨ᠎ᠠ᠃ ᠪᠡᠯᠡ ᠮᠥᠩᠭᠦ ᠶᠢ ᠬᠢᠨᠠᠨ ᠬᠠᠷᠭᠤᠭᠤᠯᠬᠤ᠂ ᠲᠦᠯᠦᠬᠦ᠂ ᠶᠡᠷᠦᠩᠬᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠤᠰ ᠱᠠᠲᠤᠨ ᠤ ᠡᠳ᠋ ᠤᠨ ᠵᠠᠰᠠᠭ ᠪᠠ ᠲᠥᠰᠥᠪ ᠤᠨ ᠨᠢᠭᠡᠴᠡ ᠶᠢᠨ ᠪᠠᠩᠬᠢ ᠶᠢᠨ ᠲᠡᠩᠰᠠ ᠪᠠᠶᠢᠭᠤᠯᠬᠤ ᠶᠠᠪᠤᠳᠠᠯ ᠤᠳ ᠢ ᠨᠢᠭᠡᠳᠦᠯᠲᠡᠢ ᠬᠠᠮᠢᠶᠠᠷᠤᠨ᠎ᠠ᠃ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠠᠵᠢᠯ ᠢ ᠬᠠᠷᠢᠭᠤᠴᠠᠨ᠎ᠠ᠃       ︵ᠳᠥᠷᠪᠡ︶ ᠵᠠᠰᠠᠭ ᠵᠠᠬᠢᠷᠭ᠎ᠠ ᠤᠯᠤᠰ ᠲᠥᠷᠥ ᠬᠠᠤᠯᠢ ᠴᠠᠭᠠᠵᠠ ᠶᠢᠨ ᠲᠠᠰᠤᠭ᠃ ᠨᠠᠮ ᠵᠠᠰᠠᠭ ᠤᠨ ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠬᠢᠭᠡᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠬᠠᠷᠢᠭᠤᠴᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ︵ᠨᠢᠭᠡᠴᠡ︶ ᠎ ᠤᠨ ᠵᠠᠷᠤᠳᠠᠯ ᠤᠨ ᠲᠥᠰᠥᠪ ᠢ ᠨᠠᠶᠢᠷᠠᠭᠤᠯᠤᠨ ᠵᠣᠬᠢᠶᠠᠬᠤ ᠪᠠ ᠰᠠᠯᠭᠠᠨ ᠥᠭᠬᠦ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠠᠴᠠ ᠪᠠᠭᠤᠯᠭᠠᠭᠰᠠᠨ ᠲᠤᠰᠬᠠᠢ ᠵᠦᠢᠯ ᠤᠨ ᠪᠡᠯᠡ ᠮᠥᠩᠭᠦ ᠶᠢ ᠬᠠᠮᠢᠶᠠᠷᠴᠤ᠂ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ︵ᠨᠢᠭᠡᠴᠡ︶ ᠎ ᠤᠨ ᠣᠨ ᠤ ᠡᠴᠦᠰ ᠤᠨ ᠲᠥᠰᠥᠪ  ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠡᠷᠡᠭᠲᠡᠢ᠃      ︵ᠲᠠᠪᠤ︶ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠠᠰᠤᠭ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠳᠠ ᠶᠢᠨ ᠬᠤᠯᠪᠣᠭᠳᠠᠯ ᠪᠦᠬᠦᠢ ᠰᠤᠷᠭᠠᠨ ᠬᠥᠮᠦᠵᠢᠯ᠂ ᠰᠣᠶᠣᠯ ᠲᠡᠦᠬᠡ ᠶᠢᠨ ᠳᠤᠷᠠᠰᠬᠠᠯᠲᠤ ᠵᠦᠢᠯ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠲᠠᠯ᠎ᠠ ᠶᠢᠨ ᠡᠯ᠎ᠡ ᠵᠦᠢᠯ  ᠤᠨ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠲᠤᠬᠠᠶᠢᠯᠠᠭᠰᠠᠨ ᠠᠵᠢᠯ ᠤᠨ ᠦᠨᠳᠦᠰᠦᠨ ᠪᠠᠶᠢᠳᠠᠯ ᠵᠢᠴᠢ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠣᠶᠢᠯᠠᠭᠠᠵᠤ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠰᠠᠯᠠᠭ᠎ᠠ ᠮᠥᠴᠢᠷ ︵ᠨᠢᠭᠡᠴᠡ︶᠎ ᠤᠨ ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠥᠪ ᠢ ᠬᠢᠨᠠᠨ ᠬᠠᠷᠭᠤᠭᠤᠯᠵᠤ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠵᠠᠳᠠᠯᠤᠯᠲᠠ ᠪᠠ ᠬᠢᠨᠠᠯᠲᠠ ᠲᠠᠯᠪᠢᠨ᠎ᠠ᠃ ᠬᠤᠳᠠ ᠶᠢᠨ ᠲᠤᠰ ᠱᠠᠲᠤᠨ ᠤ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ︵ᠨᠢᠭᠡᠴᠡ︶᠎ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠵᠤ᠂ ᠴᠣᠬᠤᠯᠠᠪᠤᠷᠢᠯᠠᠨ ᠬᠠᠷᠢᠭᠤᠯᠤᠨ᠎ᠠ᠃ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ︵ᠲᠥᠷᠥᠯ ᠵᠦᠢᠯ︶᠎ ᠶᠢ ᠬᠡᠷᠡᠭᠯᠡᠭᠰᠡᠨ ︵ᠬᠡᠷᠡᠭᠵᠢᠭᠦᠯᠦᠭᠰᠡᠨ︶᠎ ᠤ ᠪᠠᠶᠢᠳᠠᠯ ᠳᠤ ᠬᠢᠨᠠᠯᠲᠠ ᠲᠠᠯᠪᠢᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠬᠡᠷᠡᠭᠲᠡᠢ᠃      ︵ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠠᠰᠤᠭ᠃ ᠨᠡᠶᠢᠭᠡᠮ ᠤᠨ ᠪᠠᠲᠤᠯᠠᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠮᠵᠢᠭᠤᠯᠤᠨ ᠲᠠᠷᠬᠠᠭᠠᠬᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠲ᠋ᠣᠺ ᠢ ᠬᠤᠪᠢᠳᠠᠨ ᠬᠠᠮᠢᠶᠠᠷᠴᠤ ᠪᠦᠬᠦᠢ ᠨᠢᠭᠡᠴᠡ ᠶᠢᠨ ᠲᠥᠰᠥᠪ ᠢ ᠨᠠᠶᠢᠷᠠᠭᠤᠯᠤᠨ ᠵᠣᠬᠢᠶᠠᠬᠤ ᠪᠠ ᠳᠡᠭᠡᠭᠰᠢ ᠪᠡᠯᠡ ᠮᠥᠩᠭᠦ ᠣᠯᠬᠤ ᠭᠤᠶᠤᠴᠢᠯᠠᠯ ᠤᠨ ᠮᠡᠳᠡᠭᠦᠯᠦᠯᠲᠡ ᠶᠢ ᠲᠤᠭᠤᠷᠪᠢᠨ ᠪᠢᠴᠢᠬᠦ ᠠᠵᠢᠯ ᠬᠢᠭᠡᠳ ᠬᠤᠪᠢᠳᠠᠨ ᠬᠠᠮᠢᠶᠠᠷᠴᠤ ᠪᠦᠬᠦᠢ ᠨᠢᠭᠡᠴᠡ ᠎ ᠶᠢᠨ ᠡᠯ᠎ᠡ ᠵᠦᠢᠯ ᠤᠨ ᠵᠠᠷᠤᠳᠠᠯ ᠬᠢᠭᠡᠳ ᠠᠵᠢᠯᠲᠠᠨ ᠤ ᠴᠠᠯᠢᠩ ᠢ ᠣᠯᠭᠤᠬᠤ ᠠᠵᠢᠯ ᠢ ᠬᠠᠷᠢᠭᠤᠴᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ᠂ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ᠂ ᠵᠡᠮᠳᠡᠭᠴᠦᠳ ᠎ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠰᠠᠭᠤᠷᠢ ᠮᠥᠩᠭᠦ ᠴᠤᠭᠯᠠᠭᠤᠯᠬᠤ᠂ ᠰᠠᠯᠭᠠᠨ ᠥᠭᠬᠦ ᠶᠢ ᠬᠠᠷᠢᠭᠤᠴᠠᠨ᠎ᠠ ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ᠂ ᠬᠤᠳᠠ ᠬᠥᠳᠡᠭᠡ ᠶᠢᠨ ᠡᠮᠨᠡᠯᠭᠡ ᠶᠢᠨ ᠲᠤᠰᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠳᠠᠬᠢᠨ ᠠᠵᠢᠯ ᠣᠯᠭᠤᠬᠤ ᠪᠡᠯᠡ ᠮᠥᠩᠭᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠮᠥᠷᠳᠡᠨ ᠬᠢᠨᠠᠯᠲᠠ ᠲᠠᠯᠪᠢᠨ᠎ᠠ᠃ ᠨᠡᠶᠢᠭᠡᠮ ᠤᠨ ᠪᠠᠲᠤᠯᠠᠭ᠎ᠠ ᠶᠢᠨ ᠪᠤᠰᠤᠳ ᠪᠡᠯᠡ ᠮᠥᠩᠭᠦ ᠶᠢ ᠰᠠᠯᠭᠠᠨ ᠥᠭᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠵᠦᠢᠯ᢭ ᠤᠨ ᠡᠮᠨᠡᠯᠭᠡ ᠡᠷᠡᠭᠦᠯ ᠬᠠᠮᠠᠭᠠᠯᠠᠯ ᠤᠨ ᠪᠡᠯᠡ ᠮᠥᠩᠭᠦ ᠶᠢ ᠰᠠᠯᠭᠠᠨ ᠥᠭᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃      ︵ᠳᠣᠯᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠰᠤᠭ᠃ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ᠂ ᠴᠠᠭ ᠠᠭᠤᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠦᠭᠡᠷᠡᠴᠢᠯᠡᠯᠲᠡ ᠶᠢ ᠠᠭᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠲᠥᠰᠥᠪ ᠤᠨ ᠲᠣᠬᠢᠷᠠᠭᠤᠯᠤᠯᠲᠠ ᠶᠢᠨ ᠭᠤᠣᠯᠳᠠᠯᠭ᠎ᠠ ᠪᠣᠯᠣᠨ ᠲᠡᠰ ᠳᠠᠷᠠᠭᠠᠯᠠᠯ ᠢ  ᠳᠣᠷᠠᠳᠣᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠠᠴᠠ ᠪᠠᠭᠤᠯᠭᠠᠭᠰᠠᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠬᠠᠮᠢᠶᠠᠷᠴᠤ᠂ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠨ ᠣᠨ ᠤ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠣᠨ᠎ᠠ᠃ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠭᠤᠶᠤᠴᠢᠯᠠᠨ ᠮᠡᠳᠡᠭᠦᠯᠬᠦ  ᠂ ᠬᠢᠨᠠᠨ ᠬᠠᠷᠭᠤᠭᠤᠯᠬᠤ ᠪᠠ ᠬᠢᠨᠠᠨ ᠲᠣᠭᠲᠠᠭᠠᠬᠤ ᠠᠵᠢᠯ ᠳᠤ ᠣᠷᠣᠯᠴᠠᠨ᠎ᠠ᠃ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠵᠢᠯᠣᠭᠤᠳᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ  ᠂ ᠬᠢᠨᠠᠨ ᠬᠠᠷᠭᠤᠭᠤᠯᠬᠤ  ᠂ ᠰᠠᠯᠭᠠᠨ ᠥᠭᠬᠦ ᠵᠢᠴᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠵᠡᠷᠭᠡ ᠠᠵᠢᠯ ᠢ ᠬᠠᠷᠢᠭᠤᠴᠠᠨ᠎ᠠ᠃      ︵ᠨᠠᠢᠮᠠ︶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠰᠤᠭ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠪᠠᠶᠢᠭᠤᠯᠭ᠎ᠠ ᠶᠢᠨ ᠠᠯᠪᠠᠲᠠᠨ ᠤ ᠨᠡᠮᠡᠭᠦᠷᠢ ᠨᠥᠬᠦᠪᠦᠷᠢ᠂ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠵᠢᠴᠢ ᠪᠤᠰᠤᠳ ᠣᠷᠣᠯᠭ᠎ᠠ ᠶᠢᠨ ᠬᠤᠪᠢᠶᠠᠷᠢᠯᠠᠯᠲᠠ ᠶᠢᠨ ᠠᠷᠭ᠎ᠠ ᠶᠢ ᠰᠤᠳᠤᠯᠤᠨ ᠲᠤᠬᠲᠠᠭᠠᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠲᠥᠪ ᠪᠠ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠪᠢᠶᠠᠷᠢ ᠲᠥᠪ ᠤᠨ ᠰᠠᠯᠠᠭ᠎ᠠ ᠮᠥᠴᠢᠷ ᠤᠨ ᠲᠥᠰᠦᠪ ᠢ ᠬᠠᠮᠢᠶᠠᠷᠤᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠳᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠪᠠ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠵᠢᠴᠢ ᠠᠯᠪᠠᠨ ᠵᠠᠷ ᠢ ᠨᠡᠶᠢᠲᠡᠯᠡᠨ᠎ᠡ᠃ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠡᠷᠡᠭ ᠤᠨ ᠳᠠᠷᠠᠭ᠎ᠠ ᠬᠢᠨᠠᠨ ᠬᠠᠮᠢᠶᠠᠷᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠠᠮᠢᠶᠠᠷᠤᠨ᠎ᠠ᠃ ᠬᠠᠩᠭᠠᠭᠴᠢ ᠬᠤᠳᠠᠯᠳᠤᠭᠠᠴᠢᠨ ᠤ ᠵᠠᠭᠠᠯᠳᠤᠯᠭ᠎ᠠ ᠶᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ ᠰᠢᠢᠳᠪᠦᠷᠢᠯᠡᠬᠦ ᠲᠣᠭᠲᠠᠭᠠᠯ ᠭᠠᠷᠭᠠᠨ᠎ᠠ᠃ ᠪᠦᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠨᠢᠭᠲᠠᠯᠠᠨ ᠪᠣᠳᠣᠬᠤ ᠠᠵᠢᠯ ᠢ ᠬᠠᠮᠢᠶᠠᠷᠤᠨ᠎ᠠ᠃ ᠤᠯᠤᠰ ᠤᠨ ᠨᠢᠭᠡᠳᠦᠯᠲᠡᠶ ᠨᠢᠭᠲᠠᠯᠠᠨ ᠪᠣᠳᠣᠬᠤ ᠳᠦᠷᠢᠮ ᠢ ᠵᠣᠬᠢᠶᠠᠨ ᠪᠠᠶᠢᠭᠤᠯᠤᠨ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠢᠭᠲᠠᠯᠠᠨ ᠪᠣᠳᠣᠬᠤ ᠠᠵᠢᠯᠲᠠᠳ ᠤᠨ ᠦᠷᠭᠦᠯᠵᠢᠯᠡᠨ ᠬᠥᠮᠦᠵᠢᠯ ᠪᠣᠯᠪᠠᠰᠤᠷᠠᠭᠤᠯᠤᠯ ᠬᠢᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠡᠵᠡᠮᠳᠡᠯ ᠵᠢᠷᠤᠮᠵᠢᠯ ᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠳᠠᠩᠰᠠ ᠲᠡᠮᠳᠡᠭᠯᠡᠬᠦ ᠶᠢ ᠣᠷᠣᠯᠠᠬᠤ ᠠᠵᠢᠯ ᠢ ᠵᠢᠯᠣᠭᠤᠳᠬᠤ ᠪᠠ ᠬᠢᠨᠠᠨ ᠬᠠᠮᠢᠶᠠᠷᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠂ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠪᠠ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃  ᠪᠦᠬᠦ ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠎ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠠᠯᠪᠠᠨ ᠪᠢᠴᠢᠭ ᠎ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠬᠢᠨᠠᠯᠲᠠ ᠲᠠᠯᠪᠢᠵᠤ ᠪᠠᠶᠢᠴᠠᠭᠠᠬᠤ ᠲᠦᠷᠥ ᠎ ᠶᠢᠨ ᠪᠤᠳᠦᠯᠭ᠎ᠠ ᠪᠠ ᠲᠤᠶᠢᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠣᠰ ᠱᠠᠲᠤᠨ ᠤ ᠡᠯ᠎ᠡ ᠲᠥᠰᠦᠪ ᠰᠠᠯᠠᠭ᠎ᠠ ᠮᠥᠴᠢᠷ ᠤᠨ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠳᠦᠷᠢᠮ᠂ ᠲᠥᠷᠦ ᠶᠢᠨ ᠪᠣᠳᠣᠯᠭ᠎ᠠ ᠪᠠ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃  ᠬᠤᠲᠠ ᠶᠢᠨ ᠲᠤᠰ ᠱᠠᠲᠤᠨ ᠤ ᠨᠢᠭᠲᠠᠯᠠᠨ ᠪᠣᠳᠣᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠭᠠᠳᠠᠬᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠣᠪᠴᠢᠶᠠᠨ ᠤ ᠳᠣᠲᠣᠷᠠᠬᠢ ᠡᠯ᠎ᠡ ᠲᠠᠰᠤᠭ ᠪᠠ ᠬᠠᠷᠢᠶ᠎ᠠ ᠠᠵᠢᠯ ᠦᠢᠡᠯᠡᠰ ᠤᠨ ᠨᠢᠭᠡᠴᠡ ᠶᠢᠨ ᠳᠣᠲᠣᠭᠠᠳᠤ ᠶᠢᠨ ᠬᠢᠨᠠᠯᠲᠠ ᠲᠠᠯᠪᠢᠵᠤ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃      ︵ᠶᠢᠰᠦ︶ ᠥᠭᠴᠡᠭᠡ ᠶᠢᠨ ᠬᠠᠮᠢᠶᠠᠷᠤᠯᠲᠠ ᠶᠢᠨ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠢᠭᠡᠳ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠡᠪᠴᠢᠶ᠎ᠡ ᠶᠢ ᠡᠵᠡᠮᠳᠡᠬᠦ᠂ ᠲᠥᠰᠥᠪ ᠤᠨ ᠬᠠᠮᠢᠶᠠᠷᠤᠯᠲᠠ᠂ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ᠂ ᠲᠦᠭᠰᠢᠭᠦᠷᠢ ᠶᠢ ᠰᠡᠷᠡᠮᠵᠢᠯᠡᠭᠦᠯᠬᠦ᠂ ᠪᠦᠷᠢᠳᠬᠡᠨ ᠵᠠᠳᠠᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠭᠤᠶᠤᠴᠢᠯᠠᠬᠤ᠂ ᠬᠤᠪᠢᠶᠠᠷᠢᠯᠠᠬᠤ᠂ ᠰᠢᠯᠵᠢᠭᠦᠯᠦᠨ ᠵᠢᠭᠡᠯᠡᠭᠦᠯᠬᠦ ᠵᠡᠷᠭᠡ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠲᠤᠯᠪᠠᠯ ᠡᠬᠡ ᠬᠦᠦ ᠮᠥᠩᠭᠦ ᠶᠢ ᠪᠤᠴᠠᠭᠠᠬᠤ ᠠᠵᠢᠯ ᠢ ᠡᠮᠬᠢᠯᠡᠬᠦ ᠪᠠ ᠲᠥᠰᠥᠭᠡᠯᠡᠨ ᠪᠤᠳᠤᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠰᠢᠯᠭᠠᠨ᠎ᠠ᠃      ︵ᠠᠷᠪᠠ︶ ᠠᠵᠤ ᠠᠬᠤᠢ ᠠᠷᠠᠯᠵᠢᠶ᠎ᠠ ᠶᠢᠨ ᠦᠢᠯᠡᠴᠢᠯᠡᠭᠡᠨ ᠤ ᠲᠠᠰᠤᠭ᠃ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠠᠮᠤ ᠪᠤᠳᠠᠭᠠᠨ ᠤ ᠭᠦᠢᠯᠭᠡᠭᠡᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠠᠮᠤ ᠪᠤᠳᠠᠭ᠎ᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠤᠳᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ ᠡᠬᠢ ᠪᠠᠶᠠᠯᠢᠭ ᠢ ᠠᠰᠢᠭᠯᠠᠬᠤ᠂ ᠭᠠᠵᠠᠷ ᠰᠢᠷᠣᠢ ᠶᠢ ᠵᠠᠰᠠᠬᠤ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠭᠤᠷᠪᠠᠳᠤᠭᠠᠷ ᠠᠵᠤ ᠦᠢᠯᠡᠰ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢᠨ ᠲᠥᠰᠥᠪ ᠤᠨ ᠬᠤᠪᠢᠶᠠᠷᠢᠯᠠᠯᠲᠠ ᠬᠢᠭᠡᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠨᠢᠭᠡ︶ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠡᠳ᠋ ᠤᠨ ᠵᠠᠰᠠᠭ ᠠᠴᠠ ᠠᠵᠤ ᠦᠢᠯᠡᠳᠪᠦᠷᠢ ᠶᠢᠨ ᠠᠵᠤ ᠠᠬᠤᠢ ᠶᠢ ᠳᠡᠮᠵᠢᠬᠦ᠂ ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠬᠤ᠂ ᠳᠠᠬᠢᠯᠲᠠ ᠡᠨᠧᠷᠭᠢ ᠶᠢ ᠠᠰᠢᠭᠯᠠᠬᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ᠂ ᠠᠶᠤᠯᠭᠦᠢ ᠦᠢᠯᠡᠳᠪᠦᠷᠢᠯᠡᠯ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠡᠵᠡᠩᠨᠡᠯᠲᠡ ᠶᠢᠨ ᠨᠥᠬᠦᠪᠦᠷᠢ ᠵᠡᠷᠭᠡ ᠲᠠᠯ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠬᠠᠷᠢᠭᠤᠴᠠᠨ ᠬᠠᠮᠢᠶᠠᠷᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠬᠤᠯᠪᠣᠭᠳᠠᠯ ᠪᠦᠬᠦᠢ ᠠᠵᠢᠯ ᠳᠤ  ᠤᠷᠤᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠲᠠᠢ ᠬᠠᠮᠳᠤᠷᠠᠯᠴᠠᠨ  ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠥᠰᠥᠯ ᠢ ᠲᠤᠭᠲᠠᠭᠠᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ᠂ ᠬᠤᠪᠢᠶᠠᠷᠢᠯᠠᠨ ᠰᠢᠯᠵᠢᠭᠦᠯᠬᠦ᠂ ᠲᠦᠷᠢᠶᠡᠰᠦᠯᠡᠭᠦᠯᠬᠦ ᠂ ᠵᠢᠭᠡᠯᠡᠭᠦᠯᠬᠦ᠂ ᠬᠤᠳᠠᠯᠳᠤᠨ ᠠᠪᠬᠤ᠂ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠴᠢᠯᠡᠭᠡᠨ ᠤ ᠲᠠᠰᠤᠭ᠃ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠥᠮᠴᠢᠯᠡᠯ ᠤᠨ ᠡᠷᠬᠡ ᠶᠢᠨ ᠠᠷᠠᠯᠵᠢᠶ᠎ᠠ ᠳᠤ ᠬᠢᠨᠠᠯᠲᠠ ᠲᠠᠯᠪᠢᠵᠤ ᠵᠢᠷᠤᠮᠵᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠬᠤᠪᠢᠶᠠᠷᠢᠯᠠᠨ ᠰᠢᠯᠵᠢᠭᠦᠯᠬᠦ᠂ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠺᠣᠮᠫᠠᠨᠢ ᠶᠢᠨ ᠳᠦᠷᠢᠮ ᠵᠢᠴᠢ ᠬᠥᠭᠵᠢᠯᠲᠡ ᠶᠢᠨ ᠲᠥᠯᠦᠪᠵᠢᠭᠦᠯᠭᠡ ᠶᠢ ᠬᠢᠨᠠᠨ ᠬᠠᠷᠭᠤᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠠᠵᠢᠯ ᠢ ᠡᠭᠦᠷᠭᠡᠯᠡᠨ᠎ᠡ᠃ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠠᠰᠢᠭ ᠣᠷᠣᠯᠭ᠎ᠠ ᠶᠢ ᠬᠤᠷᠢᠶᠠᠬᠤ ᠪᠠ ᠬᠤᠪᠢᠶᠠᠷᠢᠯᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠵᠢᠴᠢ ᠲᠡᠭᠦᠨ ᠤ ᠴᠢᠬᠤᠯᠠ ᠬᠤᠪᠢᠶᠠᠷᠢ ᠠᠵᠤ ᠠᠬᠤᠶᠢᠯᠠᠯ ᠢ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ᠂ ᠳᠠᠮᠫᠤᠷᠠᠭᠤᠯᠬᠤ ᠪᠠᠷ ᠭᠤᠶᠤᠴᠢᠯᠠᠬᠤ ᠪᠠ ᠲᠠᠬᠢᠨ ᠵᠣᠬᠢᠶᠠᠨ ᠪᠠᠶᠢᠭᠤᠯᠬᠤ ᠵᠦᠢᠯᠡᠰ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠬᠤᠪᠢᠷᠠᠯᠲᠠ᠂ ᠵᠢᠭᠡᠯᠡᠯᠭᠡ ᠲᠠᠯᠪᠢᠬᠤ᠂ ᠶᠡᠭᠡ ᠬᠡᠮᠵᠢᠶ᠎ᠡ ᠪᠠᠷ  ᠬᠠᠨᠳᠢᠪᠯᠠᠬᠤ᠂ ᠭᠠᠳᠠᠬᠰᠢ ᠶᠡᠭᠡ ᠬᠡᠮᠵᠢᠶ᠎ᠡ ᠪᠠᠷ ᠳᠠᠭᠠᠭᠠᠯᠲᠠ ᠬᠢᠬᠦ ᠪᠠ ᠵᠣᠭᠤᠰ ᠵᠢᠭᠡᠯᠡᠬᠦ ᠠᠵᠢᠯ ᠢ ᠭᠢᠨᠠᠨ ᠬᠠᠷᠭᠤᠭᠤᠯᠤᠨ᠎ᠠ᠃      ︵ᠠᠷᠪᠠᠨ ᠭᠤᠷᠪᠠ︶ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠲᠠᠰᠤᠭ᠃ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠲᠥᠰᠥᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠲᠥᠰᠥᠪ ᠤᠨ ᠭᠦᠢᠴᠡᠳᠬᠡᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ︵PPP︶ ᠵᠠᠭᠪᠤᠷ ᠢ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠ ᠭᠠᠳᠠᠭᠠᠳᠤ  ᠤᠯᠣᠰ ᠤᠨ ᠵᠠᠰᠠᠭ ᠤᠨ ᠣᠷᠳᠣᠨ ᠤ ᠵᠢᠭᠡᠯᠡᠯᠭᠡ ︵ᠪᠡᠯᠡᠭᠯᠡᠬᠦ︶᠎ ᠶᠢ ᠠᠰᠢᠭᠯᠠᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠣᠷᠣᠨ ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠠᠷᠪᠠᠨ ᠳᠥᠷᠪᠡ︶ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠠᠰᠤᠭ  ᠃ ᠪᠥᠬᠦ ᠬᠤᠲᠠ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠦᠩᠭᠦ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠲᠠᠷᠬᠠᠭᠠᠯᠲᠠ ᠶᠢᠨ ᠬᠠᠮᠢᠶᠠᠷᠤᠯᠲᠠ ᠬᠢᠭᠡᠳ ᠬᠢᠨᠠᠯᠲᠠ ᠪᠠᠶᠢᠴᠠᠭᠠᠯᠲᠠ ᠶᠢ ᠬᠠᠷᠢᠭᠤᠴᠠᠨ᠎ᠠ᠃      ᠠᠯᠪᠠᠯᠠᠬᠤ ᠭᠠᠵᠠᠷ᠄ ᠰᠢᠯᠢ ᠶᠢᠨ ᠬᠤᠲᠠ ᠶᠢᠨ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠠᠯᠪᠠᠨ ᠠᠰᠠᠷ ᠤᠨ ᠠᠷᠪᠠᠳᠤᠭᠠᠷ ᠠᠰᠠᠷ᠂ ᠠᠷᠪᠠᠨ ᠨᠢᠭᠡᠳᠦᠭᠡᠷ ᠠᠰᠠᠷ      ᠬᠠᠷᠢᠯᠴᠠᠬᠤ  ᠤᠲᠠᠰᠤ᠄ 0479 ︱ 8225531      ᠠᠵᠢᠯᠯᠠᠬᠤ ᠴᠠᠭ᠄ 8᠄ 30 ︱ 12᠄ 00       14᠄ 30 ︱ 17᠄ 30
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号