ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠨᠢᠭᠡᠳᠦᠭᠡᠷ ᠵᠦᠢᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ ︽ᠰᠢᠯᠢ ᠶᠢᠨ | ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ | ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠰᠢᠯᠢ ᠶᠢᠨ ᠬᠤᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠰᠢᠯᠢ ᠶᠢᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ | ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭ᠎ᠠ ᠶᠢᠨ ᠲᠠᠰ ᠪᠤᠯᠤᠨ᠎ᠠ᠂ | ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠬᠤᠳᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠢ | ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠭᠠᠷᠭᠠᠵᠤ᠂ ᠬᠤᠳᠠ ᠶᠢᠨ ᠨᠠᠮ ᠤᠨ | ᠬᠤᠷᠢᠶᠠᠨ ᠤ ᠡᠳ᠋ ᠤᠨ ᠶᠠᠪᠤᠳᠠᠯ ᠤᠨ ᠵᠥᠪᠯᠡᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠵᠦᠢᠯ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ | ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ | ᠰᠢᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠨᠠᠮ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠳᠠᠬᠢ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ᠂ ᠳᠤᠮᠳᠠ ᠪᠠ ᠤᠷᠲᠤ ᠬᠤᠭᠤᠴᠠᠭᠠᠨ ᠤ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ | ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠃ ᠨᠢᠭᠡᠳᠦᠯᠲᠡᠢ ᠲᠥᠯᠦᠪᠵᠢᠭᠦᠯᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠬᠤᠲᠠ ᠶᠢᠨ ᠱᠠᠲᠤᠨ ᠤ ᠲᠤᠰᠬᠠᠢ | ᠵᠦᠢᠯ ᠤᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ ᠶᠢ | ᠪᠥᠬᠦ ᠬᠤᠲᠠ ᠶᠢᠨ ᠶᠡᠷᠦᠩᠬᠡᠢ ᠬᠥᠭᠵᠢᠯᠲᠡ ᠶᠢᠨ ᠲᠥᠯᠦᠪᠵᠢᠭᠦᠯᠭᠡ ᠯᠦᠭᠡ ᠨᠢᠭᠡᠳᠦᠯᠲᠡᠢ ᠲᠥᠯᠥᠪᠯᠡᠨ | ᠵᠣᠯᠭᠠᠭᠤᠯᠬᠤ ᠶᠢ ᠬᠠᠷᠢᠭᠤᠴᠠᠨ᠎ᠠ᠃ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠳᠠ ᠶᠢ ᠲᠦᠷᠭᠡᠳᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ | ᠶᠡᠭᠡ ᠡᠭᠦᠷᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠷᠠᠳᠤᠨ᠎ᠠ᠃ ᠴᠢᠬᠤᠯᠠ ᠶᠡᠭᠡ | ᠲᠥᠯᠦᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠢᠨᠵᠧᠨᠧᠷᠢᠩ ᠢ ᠦᠨᠡᠯᠡᠨ ᠵᠢᠱᠢᠵᠦ | ᠬᠢᠨᠠᠨ ᠵᠢᠯᠤᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ | ᠨᠢᠭᠡᠳᠦᠯᠲᠡᠢ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ | ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠦᠷᠦ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠤᠰ | ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ | ᠬᠠᠷᠢᠭᠤᠴᠠᠬᠤ ᠶᠢᠨ ᠬᠠᠮᠲᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠵᠦ᠂ | ᠠᠶᠤᠯᠭᠦᠢ ᠦᠢᠯᠡᠳᠪᠦᠷᠢᠯᠡᠯ ᠤᠨ ᠰᠠᠭᠤᠷᠢ ᠪᠡᠯᠡᠳᠬᠡᠮᠵᠢ ᠪᠣᠯᠣᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠡᠮᠵᠢᠨ᠎ᠡ᠃ ᠬᠤᠷᠸ᠎ᠠ ᠠᠵᠤ ᠠᠬᠤᠢ ᠶᠢᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠵᠤ᠂ | ᠬᠤᠷᠸ᠎ᠠ ᠠᠵᠤ ᠠᠬᠤᠢ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠢ ᠡᠶᠡᠳᠡᠭᠦᠯᠵᠦ᠂ ᠠᠵᠤ ᠠᠬᠤᠢ ᠶᠢᠨ | ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ | ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ | ᠬᠡᠪᠴᠢᠶᠡᠨ ᠳᠠᠬᠢ ᠭᠤᠣᠯ ᠪᠣᠯᠬᠤ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠠ ᠴᠢᠬᠤᠯᠠ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ᠂ | ᠵᠣᠭᠤᠰᠤᠨ ᠤ ᠲᠦᠷᠦ ᠶᠢᠨ ᠪᠣᠳᠣᠯᠭ᠎ᠠ ᠪᠠ ᠭᠠᠵᠠᠷ ᠰᠢᠷᠣᠢ ᠶᠢᠨ ᠲᠦᠷᠦ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠳᠤ ᠣᠷᠣᠯᠴᠠᠨ᠎ᠠ᠃ | ︵ᠭᠤᠷᠪᠠ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠰᠠᠨᠠᠭᠤᠯᠭ᠎ᠠ ᠶᠢ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠲᠦᠷᠦᠭᠦᠯᠡᠨ ᠠᠬᠢᠭᠤᠯᠵᠤ᠂ ᠥᠮᠴᠢᠯᠡᠯ ᠤᠨ ᠡᠷᠬᠡ ᠶᠢᠨ ᠳᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠦᠨᠳᠦᠰᠦᠨ ᠠᠵᠤ ᠠᠬᠤᠢ ᠶᠢᠨ | ᠳᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ | ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠬᠤ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠳᠥᠷᠪᠡ︶ ᠠᠵᠢᠯ ᠲᠤᠶᠢᠷᠦᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠨ᠎ᠡ᠃ | ︵ᠲᠠᠪᠤ︶ ᠪᠥᠬᠦ ᠨᠡᠶᠢᠭᠡᠮ ᠤᠨ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ | ᠬᠠᠷᠢᠭᠤᠴᠠᠵᠤ᠂ ᠪᠥᠬᠦ ᠬᠤᠳᠠ ᠶᠢᠨ ᠪᠡᠯᠡ ᠣᠷᠣᠭᠤᠯᠤᠯᠲᠠ ᠶᠢ ᠠᠬᠢᠭᠤᠯᠤᠨ᠂ ᠪᠥᠬᠦ ᠬᠤᠳᠠ ᠶᠢᠨ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ᠂ ᠪᠦᠲᠦᠴᠡ ᠶᠢ ᠲᠣᠬᠢᠷᠠᠭᠤᠯᠤᠨ | ᠡᠵᠡᠮᠳᠡᠬᠦ ᠬᠠᠷᠠᠯᠲᠠ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠢᠳᠡᠪᠬᠢᠲᠡᠢ ᠪᠠᠷ ᠴᠢᠷᠮᠠᠶᠢᠨ ᠣᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ | ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠢᠴᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠂ | ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯ ᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢᠨ | ᠥᠭᠡᠷᠡᠴᠢᠯᠡᠯᠲᠡ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠪᠥᠬᠦ ᠬᠤᠳᠠ ᠶᠢᠨ ᠴᠢᠬᠤᠯᠠ ᠶᠡᠭᠡ ᠲᠥᠷᠥᠯ ᠵᠦᠢᠯ ᠢ ᠲᠦᠯᠬᠢᠨ | ᠠᠬᠢᠭᠤᠯᠬᠤ ᠪᠠ ᠲᠣᠬᠢᠷᠠᠭᠤᠯᠬᠤ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ | ᠲᠥᠯᠦᠪᠵᠢᠭᠦᠯᠭᠡ᠂ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ | ᠬᠠᠷᠠᠯᠲᠠ ᠪᠠ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠠᠳᠠᠭᠠᠳᠤ ᠪᠡᠯᠡ ᠶᠢ ᠠᠰᠢᠭᠯᠠᠭᠰᠠᠨ | ᠪᠠᠶᠢᠳᠠᠯ ᠢ ᠮᠥᠷᠳᠡᠨ ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠬᠦ ᠳᠤ ᠣᠷᠣᠯᠴᠠᠵᠤ᠂ ︽ ᠭᠠᠳᠠᠭᠠᠳᠦ ᠳᠤ ᠭᠠᠷᠭᠠᠬᠤ︾ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ | ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠠᠳᠠᠭᠠᠳᠤ ᠪᠡᠯᠡ ᠶᠢ ᠠᠰᠢᠭᠯᠠᠬᠤ | ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠦᠷᠦᠯ ᠵᠦᠢᠯ ᠢ ᠡᠷᠬᠡ ᠶᠢᠨ ᠬᠢᠵᠠᠭᠠᠷ ᠶᠣᠰᠣᠭᠠᠷ ᠬᠢᠨᠠᠨ | ᠬᠠᠷᠭᠤᠭᠤᠯᠵᠤ ᠲᠡᠭᠡᠭᠰᠢ ᠮᠡᠳᠡᠭᠦᠯᠦᠨ᠎ᠡ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠥᠯᠦᠪᠵᠢᠭᠦᠯᠭᠡ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ | ᠪᠦᠬᠦᠢ ᠣᠷᠣᠨ ᠪᠦᠰᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠲᠤᠭᠤᠷᠪᠢᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠡᠮᠬᠢ ᠵᠢᠷᠤᠮ ᠲᠠᠢ ᠪᠠᠷ ᠰᠢᠨ᠎ᠡ ᠮᠠᠶ᠋ᠢᠭ ᠤᠨ | ᠬᠤᠳᠠ ᠪᠠᠯᠭᠠᠰᠤᠵᠢᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ | ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ | ᠦᠢᠯᠡᠴᠢᠯᠡᠭᠡᠨ ᠤ ᠦᠢᠯᠡᠰ ᠵᠢᠴᠢ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠦᠢᠯᠡᠰ ᠤᠨ ᠲᠥᠯᠦᠪᠵᠢᠭᠦᠯᠭᠡ ᠶᠢ | ᠲᠣᠭᠲᠠᠭᠠᠵᠤ ᠬᠡᠷᠡᠭᠵᠢᠭᠦᠯᠦᠨ᠎ᠡ᠃ ᠬᠡᠷᠡᠭᠯᠡᠭᠡ ᠶᠢᠨ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ | ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠶᠢᠰᠦ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠲᠥᠯᠦᠪᠵᠢᠭᠦᠯᠭᠡ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ ᠭᠠᠷᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠰᠢᠪᠲᠤᠯᠤᠯᠲᠠ ᠶᠢ ᠭᠦᠨᠵᠡᠭᠡᠢ ᠰᠤᠳᠤᠯᠵᠤ᠂ ᠪᠦᠬᠦ | ᠬᠤᠳᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠪᠠ ᠲᠥᠯᠦᠪᠵᠢᠭᠦᠯᠭᠡ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠰ ᠢ ᠨᠡᠭᠡᠭᠡᠨ ᠬᠥᠭᠵᠢᠭᠦᠯᠬᠦ᠂ | ᠴᠢᠬᠤᠯᠠ ᠶᠡᠭᠡ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ | ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠤᠨ | ᠮᠠᠭᠠᠳᠯᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ | ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠬᠠᠷᠢᠭᠤᠴᠠᠵᠤ᠂ | ᠴᠢᠬᠤᠯᠠ ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠬᠢᠷᠠᠭᠤᠯᠤᠨ ᠡᠵᠡᠮᠳᠡᠬᠦ | ᠰᠠᠨᠠᠭᠤᠯᠭ᠎ᠠ ᠶᠢ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠥᠭᠡᠴᠡᠯᠡᠬᠦ ᠲᠥᠯᠦᠪᠵᠢᠭᠦᠯᠭᠡ᠂ ᠲᠥᠷᠥᠯ | ᠵᠦᠢᠯ ᠤᠨ ᠭᠠᠷᠴᠠᠭ ᠪᠣᠯᠣᠨ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ | ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠬᠤᠳᠠᠯᠳᠤᠨ ᠠᠪᠴᠤ ᠨᠥᠭᠡᠴᠡᠯᠡᠬᠦ᠂ ᠡᠭᠡᠯᠵᠢᠯᠡᠨ ᠰᠣᠯᠢᠬᠤ | ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠂ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ | ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ | ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠭᠦᠶᠢᠴᠡ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ | ᠲᠦᠯᠬᠢᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠨᠧᠷᠭᠢ ᠶᠢᠨ | ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢᠯᠡᠬᠦ ᠲᠣᠭᠲᠠᠴᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠦᠷᠢᠨᠰᠢᠭᠦᠯᠬᠦ ᠶᠢ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ | ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠳᠡᠭᠡᠳᠦ ᠱᠠᠲᠤᠨ ᠤ | ᠳᠤᠷᠠᠳᠤᠭᠰᠠᠨ ᠡᠨᠧᠷᠭᠢ ᠶᠢᠨ ᠬᠡᠷᠡᠭᠯᠡᠭᠡ ᠶᠢ ᠡᠵᠡᠮᠳᠡᠬᠦ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ | ᠬᠥᠭᠵᠢᠭᠦᠯᠬᠦ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ | ᠳᠤᠷᠠᠳᠤᠨ᠎ᠠ᠃ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠴᠡᠷᠢᠭ ᠤᠨ ᠬᠡᠷᠡᠭᠯᠡᠭᠡ ᠪᠠ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ | ᠪᠦᠬᠦᠢ ᠠᠵᠢᠯ ᠢ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠠᠮᠤ ᠪᠤᠳᠠᠭᠠᠨ ᠤ ᠭᠦᠢᠯᠭᠡᠭᠡᠨ᠂ ᠨᠥᠭᠡᠴᠡᠯᠡᠯᠲᠡ ᠶᠢᠨ ᠲᠤᠬᠠᠢ ᠤᠯᠤᠰ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠬᠡᠷᠡᠭᠲᠡᠢ᠃ ᠤᠯᠤᠰ ᠤᠨ | ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠪᠠ ᠴᠡᠷᠢᠭ ᠤᠨ ᠠᠮᠤ ᠪᠤᠳᠠᠭ᠎ᠠ ᠬᠠᠩᠭᠠᠬᠤ ᠠᠵᠢᠯ ᠤᠨ ᠬᠢᠨᠠᠯᠲᠠ | ᠪᠠᠶᠢᠴᠠᠭᠠᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ | ᠪᠠᠢᠭᠤᠯᠤᠯ ᠤᠨ ᠪᠠᠢᠭᠤᠯᠤᠯ ᠤᠨ ᠪᠠᠢᠭᠤᠯᠤᠯᠲᠠ ᠶᠢ ᠬᠠᠷᠢᠭᠤᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ | ᠤᠯᠤᠰ ᠤᠨ ᠥᠮᠴᠢᠯᠡᠯ ᠤᠨ ᠠᠮᠤ ᠪᠤᠳᠠᠭᠠᠨ ᠤ ᠭᠦᠢᠯᠭᠡᠭᠡ᠂ ᠡᠵᠡᠩᠨᠡᠯᠲᠡ ᠶᠢᠨ ᠠᠶᠤᠯᠭᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠪᠥᠬᠦ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠶᠡᠷᠦᠩᠬᠡᠢ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠠᠮᠢᠶ᠎ᠠ | ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ︔ ᠡᠷᠬᠡ ᠮᠡᠳᠡᠯ ᠤᠨ ᠬᠡᠪᠴᠢᠶ᠎ᠡ ᠶᠢᠨ ᠭᠤᠶᠤᠴᠢᠯᠠᠯ ᠶᠣᠰᠣᠭᠠᠷ᠂ ᠠᠮᠤ ᠪᠤᠳᠠᠭᠠᠨ ᠤ ᠭᠦᠢᠯᠭᠡᠭᠡ᠂ ᠡᠳ᠋ | ᠪᠣᠳᠠᠰ ᠤᠨ ᠨᠥᠭᠡᠴᠡᠯᠡᠯᠲᠡ ᠶᠢᠨ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠵᠦᠢᠯᠡᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠠᠮᠤ | ᠪᠤᠳᠠᠭ᠎ᠠ ᠪᠠ ᠡᠳ᠋ ᠪᠣᠳᠠᠰ ᠢ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠨ ᠰᠣᠯᠢᠬᠤ ᠲᠥᠯᠥᠪᠯᠡᠭᠡ ᠶᠢ | ᠳᠤᠷᠠᠳᠴᠤ᠂ ᠬᠥᠳᠡᠯᠭᠡᠨ ᠬᠡᠷᠡᠭᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠭᠤᠴᠠᠨ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ ᠥᠮᠴᠢᠯᠡᠯ ᠤᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠶᠢᠨ | ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠡᠨᠧᠷᠭᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ | ᠰᠢᠤᠳᠠᠨ ᠵᠡᠷᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠶᠡᠷᠦᠩᠬᠡᠢ ᠲᠥᠯᠦᠪᠵᠢᠭᠦᠯᠭᠡ ᠯᠦᠭᠡ ᠵᠣᠯᠭᠠᠭᠤᠯᠤᠨ | ᠲᠡᠩᠴᠡᠭᠦᠷᠢᠲᠡᠢ ᠪᠠᠶᠢᠯᠭᠠᠬᠤ ᠶᠢ ᠨᠢᠭᠡᠳᠦᠯᠲᠡᠢ ᠲᠥᠯᠥᠪᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ | ᠲᠥᠯᠦᠪᠵᠢᠭᠦᠯᠭᠡ᠂ ᠴᠢᠬᠤᠯᠠ ᠶᠡᠭᠡ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠴᠢᠬᠤᠯᠠ ᠶᠡᠭᠡ | ᠥᠭᠡᠷᠡᠴᠢᠯᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠵᠦᠢᠯᠡᠰ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠪᠡ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ | ᠲᠡᠭᠡᠭᠡᠪᠦᠷᠢ᠂ ᠰᠢᠤᠳᠠᠨ ᠤ ᠲᠦᠭᠡᠮᠡᠯ ᠦᠢᠯᠡᠴᠢᠯᠡᠭᠡ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠰᠢᠯᠵᠢᠭᠦᠯᠦᠨ ᠮᠡᠳᠡᠭᠦᠯᠦᠨ᠎ᠡ᠃ | ︵ᠠᠷᠪᠠᠨ ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠵᠤ ᠪᠠᠶᠢᠭ᠎ᠠ ᠴᠠᠬᠢᠯᠭᠠᠨ ᠤ | ᠦᠢᠯᠡᠳᠪᠦᠷᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ | ᠬᠤᠭᠤᠯᠠᠢ ᠵᠡᠷᠭᠡ ᠡᠨᠧᠷᠭᠢ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠰᠠᠨᠠᠭᠤᠯᠭ᠎ᠠ ᠶᠢ ᠳᠤᠷᠠᠳᠴᠤ᠂ | ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠥᠯ ᠢ ᠵᠣᠬᠢᠶᠠᠨ | ᠪᠠᠶᠢᠭᠤᠯᠤᠨ ᠲᠣᠭᠲᠠᠭᠠᠵᠤ᠂ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠪᠦᠬᠦ ᠬᠤᠲᠠ ᠶᠢᠨ ᠡᠨᠧᠷᠭᠢ ᠶᠢᠨ ᠰᠤᠷᠪᠤᠯᠵᠢ ᠶᠢ | ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠨᠡᠭᠡᠭᠡᠨ ᠠᠰᠢᠭᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃ | ᠡᠨᠧᠷᠭᠢ ᠶᠢᠨ ᠰᠤᠷᠪᠤᠯᠵᠢ ᠲᠠᠢ ᠬᠤᠯᠪᠣᠭᠳᠠᠬᠤ ᠡᠬᠢ ᠪᠠᠶᠠᠯᠢᠭ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠶᠢᠨ | ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠡᠨᠧᠷᠭᠢ ᠶᠢᠨ ᠰᠤᠷᠪᠤᠯᠵᠢ ᠶᠢᠨ ᠦᠨ᠎ᠡ ᠬᠠᠩᠰᠢ ᠶᠢ | ᠲᠣᠬᠢᠷᠠᠭᠤᠯᠬᠤ ᠵᠡᠷᠭᠡ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠪᠥᠬᠦ ᠬᠤᠲᠠ ᠶᠢᠨ ᠪᠠᠶᠢᠭᠤᠯᠵᠤ ᠪᠠᠶᠢᠭ᠎ᠠ | ᠴᠠᠬᠢᠯᠭᠠᠨ ᠤ ᠦᠢᠯᠡᠳᠪᠦᠷᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ | ᠳᠠᠮᠵᠢᠭᠤᠯᠬᠤ ᠬᠤᠭᠤᠯᠠᠢ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠤ | ᠦᠢᠯᠡᠰ ᠤᠨ ᠲᠥᠯᠦᠪᠵᠢᠭᠦᠯᠭᠡ ᠶᠢ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠪᠦᠬᠦ | ᠬᠤᠲᠠ ᠶᠢᠨ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠳᠠᠮᠵᠢᠭᠤᠯᠤᠨ | ᠮᠡᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ | ᠵᠣᠬᠢᠴᠠᠭᠤᠯᠤᠨ᠎ᠠ᠃ ᠪᠥᠬᠦ ᠬᠤᠲᠠ ᠶᠢᠨ ᠡᠨᠧᠷᠭᠢ ᠶᠢᠨ ᠴᠢᠬᠤᠯᠠ ᠶᠡᠭᠡ ᠲᠣᠨᠤᠭ ᠲᠥᠬᠦᠭᠡᠷᠦᠮᠵᠢ ᠶᠢᠨ ᠮᠡᠷᠭᠡᠵᠢᠯ ᠢ | ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ ᠢ ᠵᠣᠬᠢᠶᠠᠨ ᠪᠠᠶᠢᠭᠤᠯᠤᠨ ᠠᠬᠢᠭᠤᠯᠵᠤ᠂ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ | ᠢᠵᠢ ᠪᠦᠷᠢᠨ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠬᠡᠨ ᠰᠢᠨ᠎ᠡ ᠶᠢ ᠡᠭᠦᠳᠬᠦ ᠶᠢ | ᠵᠢᠯᠣᠭᠤᠳᠤᠨ᠎ᠠ᠃ ᠪᠥᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ | ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯ ᠦᠭᠡᠢ ᠦᠢᠯᠡᠳᠪᠦᠷᠢᠯᠡᠯ ᠬᠢᠨᠠᠨ ᠬᠠᠮᠢᠶᠠᠷᠠᠬᠤ ᠶᠢ | ᠬᠠᠷᠢᠭᠤᠴᠠᠨ᠎ᠠ᠃ ᠪᠥᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠳᠣ | ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ | ᠵᠡᠷᠭᠡ ᠠᠵᠢᠯ ᠳᠤ ᠬᠠᠮᠵᠢᠯᠴᠠᠨ ᠵᠣᠬᠢᠴᠠᠭᠤᠯᠤᠨ᠎ᠠ᠃ | ︵ᠠᠷᠪᠠᠨ ᠨᠠᠢᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ | ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ | ︵ᠠᠷᠪᠠ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | 1. ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠷᠬᠡ ᠮᠡᠳᠡᠯ ᠤᠨ | ᠬᠡᠪᠴᠢᠶᠡᠨ ᠳᠣᠲᠣᠷᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠵᠦᠢᠯ | ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠪᠠᠷᠢᠯᠭ᠎ᠠ ᠶᠢᠨ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ | ᠪᠠᠶᠢᠴᠠᠭᠠᠭᠰᠠᠨ ᠰᠠᠨᠠᠯ ᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | 2. ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠺᠣᠮᠢᠰ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠥᠮᠥᠨ ᠠᠮᠠ ᠶᠢᠨ | ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ | ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠥᠨ ᠠᠮᠠ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ | ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠥᠨ ᠠᠮᠠ ᠶᠢᠨ ᠨᠥᠯᠥᠭᠡ ᠶᠢ | ᠦᠨᠡᠯᠡᠨ ᠵᠢᠱᠢᠬᠦ ᠠᠵᠢᠯ ᠢ ᠥᠷᠨᠢᠭᠦᠯᠦᠨ᠂ ᠴᠢᠬᠤᠯᠠ ᠶᠡᠭᠡ ᠬᠥᠮᠥᠨ ᠠᠮᠠ ᠶᠢᠨ ᠵᠥᠪᠯᠡᠯᠭᠡ ᠥᠭᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠦᠬᠦ ᠬᠤᠳᠠ ᠶᠢᠨ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ | ᠳᠤᠷᠠᠳᠴᠤ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠥᠨ | ᠠᠮᠠ ᠬᠢᠭᠡᠳ ᠠᠵᠤ ᠠᠬᠤᠢ᠂ ᠨᠡᠶᠢᠭᠡᠮ᠂ ᠡᠬᠢ ᠪᠠᠶᠠᠯᠢᠭ ᠂ ᠣᠷᠴᠢᠨ ᠠᠬᠤᠢ ᠶᠢᠨ ᠵᠣᠬᠢᠴᠠᠩᠭᠤᠢ ᠦᠷᠭᠦᠯᠵᠢᠯᠡᠬᠦ | ᠬᠥᠭᠵᠢᠯᠲᠡ ᠵᠢᠴᠢ ᠬᠥᠮᠥᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠬᠤ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠬᠥᠮᠥᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ | ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠷᠡᠵᠢᠯ ᠲᠠᠢ ᠬᠤᠯᠪᠣᠭᠳᠠᠬᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ | ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠦᠷᠦ ᠶᠢᠨ | ᠪᠣᠳᠣᠯᠭ᠎ᠠ ᠪᠠ ᠬᠤᠯᠪᠣᠭᠳᠠᠯ ᠪᠦᠬᠦᠢ ᠠᠵᠤ ᠠᠬᠤᠢ ᠨᠡᠶᠢᠭᠡᠮ ᠤᠨ ᠲᠦᠷᠦ ᠶᠢᠨ ᠪᠣᠳᠣᠯᠭ᠎ᠠ ᠶᠢ ᠢᠵᠢ ᠪᠦᠷᠢᠳᠦᠭᠦᠯᠦᠨ | ᠵᠣᠯᠭᠠᠭᠤᠯᠬᠤ ᠶᠢ ᠠᠬᠢᠭᠤᠯᠵᠤ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠳᠤ ᠣᠷᠣᠯᠴᠠᠵᠤ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ | 3. ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠨᠢ | ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ᠂ ᠲᠦᠷᠦᠯ ᠵᠦᠢᠯ ᠤᠨ | ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠭᠠᠮᠰᠢᠭ ᠠᠴᠠ | ᠠᠪᠤᠷᠠᠬᠤ ᠡᠳ᠋ ᠪᠣᠳᠠᠰ ᠢ ᠬᠤᠷᠢᠶᠠᠨ ᠨᠥᠭᠡᠴᠡᠯᠡᠬᠦ᠂ ᠡᠭᠡᠯᠵᠢᠯᠡᠨ ᠰᠣᠯᠢᠬᠤ ᠪᠠ ᠡᠳᠦᠷ ᠲᠤᠳᠤᠮ ᠤᠨ | ᠬᠠᠮᠢᠶᠠᠷᠤᠯᠲᠠ ᠶᠢ ᠬᠠᠷᠢᠭᠤᠴᠠᠵᠤ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠵᠢᠷᠤᠮ ᠶᠣᠰᠣᠭᠠᠷ ᠵᠣᠬᠢᠶᠠᠨ ᠪᠠᠶᠢᠭᠤᠯᠵᠤ | ᠰᠢᠯᠵᠢᠭᠦᠯᠦᠨ ᠭᠠᠷᠭᠠᠨ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠬᠤᠲᠠ ᠶᠢᠨ ᠳᠣᠲᠣᠷᠠᠬᠢ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ | ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠳᠤᠷᠠᠳᠤᠨ ᠭᠠᠷᠭᠠᠬᠤ ᠶᠢ ᠬᠠᠷᠢᠭᠤᠴᠠᠵᠤ᠂ ᠪᠦᠬᠦ ᠬᠤᠲᠠ ᠶᠢᠨ | ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠢ | ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ | ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃ | 4. ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠳᠠ ᠶᠢᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠤᠰᠤᠳ ᠴᠢᠬᠤᠯᠠ ᠬᠡᠷᠡᠭᠯᠡᠭᠡᠨ ᠤ ᠡᠳ᠋ ᠢ | ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠮᠢᠬᠠᠨ ᠤ ᠲᠥᠷᠥᠯ ᠤᠨ ᠨᠥᠭᠡᠴᠡ ᠵᠢᠨᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ | ᠬᠤᠷᠰᠢᠶ᠎ᠠ ᠨᠢ ᠬᠢᠯᠢ ᠬᠢᠵᠠᠭᠠᠷ ᠣᠷᠣᠨ ᠳᠤ ᠪᠣᠷᠣᠯᠠᠭᠤᠯᠬᠤ ᠴᠠᠢ ᠶᠢᠨ ᠨᠥᠭᠡᠴᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ᠳᠥᠷᠪᠡᠳᠦᠭᠡᠷ ᠵᠦᠢᠯ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠃ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ ᠬᠡᠷᠡᠭ ᠶᠠᠪᠤᠳᠠᠯ᠂ ᠦᠢᠯᠡᠴᠢᠯᠡᠭᠡᠨ ᠤ ᠵᠦᠢᠯᠡᠰ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ ᠡᠳᠦᠷ ᠲᠤᠲᠤᠮ ᠤᠨ ᠪᠢᠴᠢᠭ ᠮᠠᠲ᠋ᠧᠷᠢᠶᠠᠯ᠂ | ᠴᠠᠬᠢᠯᠭᠠᠨ ᠮᠡᠳᠡᠭᠡ ᠶᠢ ᠭᠦᠢᠴᠡᠳᠬᠡᠬᠦ᠂ ᠪᠢᠴᠢᠭ ᠮᠠᠲ᠋ᠧᠷᠢᠶᠠᠯ ᠡᠬᠡ ᠪᠢᠴᠢᠭ ᠢ ᠲᠤᠭᠤᠷᠪᠢᠬᠤ᠂ ᠬᠤᠷᠠᠯ ᠤᠨ ᠪᠡᠯᠡᠳᠬᠡᠯ | ᠠᠵᠢᠯ ᠢ ᠵᠣᠬᠢᠶᠠᠨ ᠪᠠᠶᠢᠭᠤᠯᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ︔ | ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠤᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠠᠶᠢᠮᠠᠭ᠂ ᠬᠤᠲᠠ ᠶᠢᠨ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠢᠨᠠᠨ ᠵᠢᠯᠤᠭᠤᠳᠬᠤ ᠶᠢ ᠬᠠᠷᠢᠭᠤᠴᠠᠨ᠎ᠠ᠃ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ | ᠢᠨᠵᠧᠨᠧᠷᠢᠩ ᠢ ᠰᠢᠮᠳᠠᠭᠤᠯᠤᠨ ᠵᠢᠯᠤᠭᠤᠳᠬᠤ ᠶᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠬᠠᠷᠠᠯᠲᠠᠲᠤ ᠬᠢᠨᠠᠨ ᠰᠢᠯᠭᠠᠯᠲᠠ᠂ | ᠬᠥᠳᠡᠯᠮᠦᠷᠢ ᠶᠢᠨ ᠴᠠᠯᠢᠩ ᠪᠠ ᠠᠵᠢᠯ ᠤᠨ ᠠᠮᠵᠢᠯᠲᠠ ᠪᠦᠲᠦᠮᠵᠢ ᠵᠡᠷᠭᠡ ᠠᠵᠢᠯ ᠢ ᠡᠭᠦᠷᠭᠡᠯᠡᠨ᠎ᠡ᠃ | ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ | ᠬᠠᠤᠯᠢ ᠪᠠᠷ ᠵᠠᠰᠠᠬᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠶᠠᠳᠠᠭᠤ ᠶᠢ ᠲᠡᠳᠬᠦᠬᠦ ᠲᠠᠯ᠎ᠠ ᠶᠢᠨ ᠠᠵᠢᠯ ᠢ | ᠵᠣᠬᠢᠴᠠᠭᠤᠯᠤᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠢ ᠲᠥᠯᠦᠪᠵᠢᠭᠦᠯᠭᠡ ᠶᠢᠨ ᠲᠠᠰᠤᠭ᠃ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠂ ᠬᠤᠷᠸ᠎ᠠ ᠠᠵᠤ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ | ᠵᠢᠱᠢᠵᠦ ᠤᠷᠢᠳᠴᠢᠯᠠᠨ ᠰᠡᠷᠡᠮᠵᠢᠯᠡᠭᠦᠯᠦᠨ᠎ᠡ᠃ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠶᠢ ᠰᠤᠳᠤᠯᠵᠤ᠂ | ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠷᠠᠯᠲᠠ ᠪᠠ ᠲᠥᠯᠦᠪᠵᠢᠭᠦᠯᠭᠡ ᠶᠢᠨ ᠬᠠᠨᠳᠤᠰᠢ ᠵᠢᠴᠢ ᠲᠣᠬᠢᠷᠠᠭᠤᠯᠬᠤ | ᠰᠠᠨᠠᠭᠤᠯᠭ᠎ᠠ ᠶᠢ ᠳᠤᠷᠠᠳᠴᠤ᠂ ᠴᠢᠬᠤᠯᠠ ᠶᠡᠭᠡ ᠲᠥᠯᠥᠪᠯᠡᠭᠡ ᠶᠢᠨ ᠰᠤᠳᠤᠯᠭᠠᠨ ᠪᠠ ᠦᠨᠡᠯᠡᠨ ᠵᠢᠱᠢᠯᠲᠡ ᠶᠢ | ᠥᠷᠨᠢᠭᠦᠯᠦᠨ᠎ᠡ᠃ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠠᠵᠤ ᠠᠬᠤᠢ ᠶᠢᠨ ᠠᠮᠤᠷ | ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠴᠢᠬᠤᠯᠠ ᠲᠠᠸᠠᠷ ᠤᠨ ᠲᠡᠩᠴᠡᠭᠦᠷᠢ ᠶᠢᠨ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠮᠠᠭᠠᠳᠯᠠᠬᠤ ᠶᠢᠨ ᠬᠠᠮᠲᠤ ᠬᠤᠯᠪᠣᠭᠳᠠᠯ | ᠪᠦᠬᠦᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢᠨ ᠬᠠᠮᠢᠶ᠎ᠠ ᠪᠦᠬᠦᠢ ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠢ ᠲᠤᠭᠤᠷᠪᠢᠬᠤ | ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ | ᠠᠯᠪᠠᠨ ᠭᠡᠷ ᠦᠨᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠠᠶᠢᠮᠠᠭ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠪᠥᠬᠦ ᠬᠤᠲᠠ ᠶᠢᠨ ᠴᠢᠬᠤᠯᠠ ᠶᠡᠭᠡ | ᠬᠥᠭᠵᠢᠯᠲᠡ ᠶᠢᠨ ᠲᠥᠯᠦᠪᠵᠢᠭᠦᠯᠭᠡ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠷᠥ ᠶᠢᠨ | ᠪᠣᠳᠣᠯᠭ᠎ᠠ ᠪᠠ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠪᠥᠬᠦ | ᠬᠤᠲᠠ ᠶᠢᠨ ᠶᠡᠷᠦᠩᠬᠡᠢ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠨᠢᠭᠡᠳᠦᠯᠲᠡᠢ ᠲᠥᠯᠦᠪᠵᠢᠭᠦᠯᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠬᠤᠲᠠ ᠶᠢᠨ ᠱᠠᠲᠤᠨ ᠤ ᠲᠤᠰᠬᠠᠢ | ᠵᠦᠢᠯ ᠤᠨ ᠲᠥᠯᠦᠪᠵᠢᠭᠦᠯᠭᠡ᠂ ᠣᠷᠣᠨ ᠬᠤᠲᠠ ᠶᠢᠨ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ ᠶᠢ | ᠪᠥᠬᠦ ᠬᠤᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠯᠦᠭᠡ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ | ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ | ᠰᠠᠭᠤᠷᠢ ᠲᠥᠬᠦᠭᠡᠷᠦᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠮᠵᠢᠨ᠎ᠡ᠃ | ᠴᠢᠬᠤᠯᠠ ᠶᠡᠭᠡ ᠲᠥᠯᠦᠪᠵᠢᠭᠦᠯᠭᠡ ᠶᠢᠨ ᠦᠨᠡᠯᠡᠨ ᠵᠢᠱᠢᠵᠦ ᠬᠢᠨᠠᠨ ᠵᠢᠯᠤᠭᠤᠳᠬᠤ ᠠᠵᠢᠯ ᠢ ᠥᠷᠨᠢᠭᠦᠯᠬᠦ ᠶᠢᠨ ᠬᠠᠮᠲᠤ | ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠨᠠᠶᠢᠷᠠᠭᠤᠯᠤᠨ ᠵᠣᠬᠢᠶᠠᠬᠤ | ᠰᠡᠳᠦᠪ ᠲᠣᠭᠲᠠᠭᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠲᠥᠯᠦᠪᠵᠢᠭᠦᠯᠭᠡ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠪᠠ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ | ᠶᠡᠷᠦᠩᠬᠡᠶᠢᠯᠡᠨ ᠵᠣᠬᠢᠴᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ | ᠳᠦᠷᠢᠮ ᠪᠠ ᠬᠠᠮᠪᠠᠭᠠᠯᠠᠬᠤ ᠠᠵᠢᠯ ᠲᠦᠷᠦᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠮᠴᠢᠯᠡᠯ ᠤᠨ | ᠡᠷᠬᠡ ᠶᠢᠨ ᠳᠦᠷᠢᠮ ᠢ ᠲᠡᠭᠦᠯᠳᠡᠷᠵᠢᠭᠦᠯᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠲᠦᠷᠦ ᠶᠢᠨ ᠪᠣᠳᠣᠯᠭ᠎ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ | ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠭᠤᠷᠪᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠰᠤᠭ ︵ᠤᠯᠤᠰ ᠠᠷᠠᠳ ᠤᠨ ᠠᠵᠤ | ᠠᠬᠤᠢ ᠶᠢᠨ ᠳᠠᠶᠢᠴᠢᠯᠠᠯᠲᠠ ᠶᠢᠨ ᠠᠯᠪᠠᠨ ᠭᠡᠷ︶᠃ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠡᠷᠬᠡ ᠮᠡᠳᠡᠯ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠬᠤ ᠪᠠ ᠲᠣᠬᠢᠷᠠᠭᠤᠯᠵᠤ᠂ ᠡᠷᠬᠡ ᠮᠡᠳᠡᠯ ᠤᠨ ᠬᠡᠪᠴᠢᠶ᠎ᠡ | ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠬᠠᠷᠭᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠲᠥᠰᠥᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠪᠡᠯᠡ ᠣᠷᠣᠭᠤᠯᠤᠯᠲᠠ ᠶᠢᠨ ᠵᠦᠢᠯᠡᠰ ᠢ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠳᠡᠯᠭᠡᠷᠡᠭᠦᠯᠵᠦ᠂ ᠪᠦᠬᠦ ᠬᠤᠳᠠ ᠶᠢᠨ ᠪᠡᠯᠡ | ᠣᠷᠣᠭᠤᠯᠤᠯᠲᠠ ᠶᠢ ᠠᠬᠢᠭᠤᠯᠵᠤ᠂ ᠢᠨᠵᠧᠨᠧᠷᠢᠩ ᠤᠨ ᠵᠥᠪᠯᠡᠯᠭᠡ ᠥᠭᠬᠦ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠡᠳᠦᠷ | ᠲᠤᠳᠤᠮ ᠤᠨ ᠠᠵᠢᠯ ᠢ ᠬᠠᠷᠢᠭᠤᠴᠠᠨ᠎ᠠ᠃ | ︵ᠳᠥᠷᠪᠡ︶ ᠡᠨᠧᠷᠭᠢ ᠶᠢᠨ ᠲᠠᠰᠤᠭ ︵ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠲᠠᠰᠤᠭ︶᠃ ᠪᠦᠬᠦ | ᠬᠤᠲᠠ ᠶᠢᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠲᠥᠯᠦᠪᠵᠢᠭᠦᠯᠭᠡ᠂ ᠠᠵᠤ ᠦᠢᠯᠡᠰ ᠤᠨ ᠲᠥᠯᠥᠪᠯᠡᠭᠡ ᠶᠢ ᠵᠣᠬᠢᠶᠠᠨ | ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠡᠨᠧᠷᠭᠢ ᠶᠢᠨ ᠰᠤᠷᠪᠤᠯᠵᠢ ᠶᠢᠨ ᠶᠡᠷᠦᠩᠬᠡᠢ | ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠪᠦᠲᠦᠴᠡ ᠶᠢ ᠲᠣᠬᠢᠷᠠᠭᠤᠯᠬᠤ ᠬᠠᠷᠠᠯᠲᠠ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠤᠨ᠎ᠠ᠃ ᠡᠨᠧᠷᠭᠢ ᠶᠢᠨ ᠭᠠᠳᠠᠭᠠᠳᠤ ᠨᠡᠭᠡᠭᠡᠯᠲᠡ ᠪᠣᠯᠣᠨ ᠲᠠᠷᠢᠶᠠᠯᠠᠬᠤ ᠮᠠᠯᠵᠢᠬᠤ ᠣᠷᠣᠨ ᠤ | ᠡᠨᠧᠷᠭᠢ ᠶᠢᠨ ᠬᠥᠭᠵᠢᠯᠲᠡ ᠶᠢᠨ ᠠᠵᠢᠯ ᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ ᠡᠨᠧᠷᠭᠢ ᠶᠢᠨ | ᠰᠤᠷᠪᠤᠯᠵᠢ ᠶᠢᠨ ᠮᠥᠩᠭᠦᠨ ᠭᠦᠢᠯᠭᠡᠭᠡᠨ ᠤ ᠬᠥᠭᠵᠢᠯᠲᠡ᠂ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ | ᠤᠯᠠᠨ ᠵᠦᠢᠯ ᠤᠨ ᠲᠥᠯᠦᠪᠵᠢᠭᠦᠯᠭᠡ ᠶᠢ ᠬᠠᠷᠢᠭᠤᠴᠠᠨ ᠰᠤᠳᠤᠯᠬᠤ ᠶᠢᠨ ᠬᠠᠮᠲᠤ ᠵᠣᠬᠢᠶᠠᠨ ᠪᠠᠶᠢᠭᠤᠯᠵᠤ᠂ | ᠡᠨᠧᠷᠭᠢ ᠶᠢᠨ ᠰᠤᠷᠪᠤᠯᠵᠢ ᠶᠢᠨ ᠴᠢᠬᠤᠯᠠ ᠶᠡᠭᠡ ᠵᠦᠢᠯᠡᠰ ᠢ ᠮᠥᠷᠳᠡᠬᠦ᠂ ᠲᠣᠬᠢᠷᠠᠭᠤᠯᠬᠤ ᠪᠠ ᠨᠠᠶᠢᠳᠠᠪᠤᠷᠢᠵᠢᠭᠤᠯᠬᠤ ᠶᠢ | ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠲᠠ ᠶᠢᠨ ᠡᠨᠧᠷᠭᠢ ᠶᠢᠨ ᠤᠷᠢᠳᠴᠢᠯᠠᠨ ᠲᠥᠰᠥᠭᠡᠯᠡᠵᠦ ᠤᠷᠢᠳᠴᠢᠯᠠᠨ | ᠰᠡᠷᠡᠮᠵᠢᠯᠡᠭᠦᠯᠬᠦ᠂ ᠪᠠᠶᠢᠳᠠᠯ ᠢ ᠵᠠᠳᠠᠯᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ | ᠡᠨᠧᠷᠭᠢ ᠶᠢᠨ ᠰᠤᠷᠪᠤᠯᠵᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠥᠬᠦ ᠬᠤᠲᠠ ᠶᠢᠨ | ᠴᠠᠬᠢᠯᠭᠠᠨ ᠬᠦᠴᠦᠨ ᠤ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠪᠥᠬᠦ ᠬᠤᠲᠠ ᠶᠢᠨ ᠢᠯᠴᠢ ᠶᠢᠨ ᠴᠠᠬᠢᠯᠭᠠᠨ᠂ ᠴᠠᠬᠢᠯᠭᠠᠨ ᠤ ᠲᠣᠣᠷ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠬᠠᠷᠭᠤᠭᠤᠯᠵᠤ ᠳᠠᠮᠵᠢᠭᠤᠯᠤᠨ ᠮᠡᠳᠡᠭᠦᠯᠬᠦ ᠠᠵᠢᠯ ᠢ | ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠴᠠᠬᠢᠯᠭᠠᠨ ᠬᠦᠴᠦᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠡᠮᠬᠢ ᠲᠢᠭᠯᠢᠮ ᠢ ᠬᠠᠮᠠᠭᠠᠯᠠᠨ᠎ᠠ᠃ ᠴᠠᠬᠢᠯᠭᠠᠨ ᠤ ᠦᠨ᠎ᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠰᠤᠳᠤᠯᠤᠨ | ᠳᠤᠷᠠᠳᠴᠤ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠢᠯ ᠲᠥᠷᠥᠯ ᠤᠨ ᠬᠥᠭᠵᠢᠯᠲᠡ ᠶᠢᠨ | ᠲᠥᠯᠦᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ | ᠪᠣᠯᠬᠤ ᠡᠨᠧᠷᠭᠢ ᠶᠢᠨ ᠰᠤᠷᠪᠤᠯᠵᠢ᠂ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ | ᠪᠠ ᠲᠣᠨᠤᠭ ᠲᠥᠬᠦᠭᠡᠷᠦᠮᠵᠢ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠪᠥᠬᠦ ᠬᠤᠲᠠ ᠶᠢᠨ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠠᠵᠢᠯ ᠢ | ᠡᠭᠦᠷᠭᠡᠯᠡᠨ᠎ᠡ᠃ ᠪᠥᠬᠦ ᠬᠤᠲᠠ ᠶᠢᠨ ᠪᠠᠶᠢᠭᠤᠯᠵᠤ ᠪᠠᠶᠢᠭ᠎ᠠ ᠴᠠᠬᠢᠯᠭᠠᠨ ᠤ ᠦᠢᠯᠡᠳᠪᠦᠷᠢ ᠪᠣᠯᠣᠨ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠢ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠤᠯᠵᠤ ᠪᠠᠶᠢᠭ᠎ᠠ ᠴᠠᠬᠢᠯᠭᠠᠨ ᠤ | ᠦᠢᠯᠡᠳᠪᠦᠷᠢ ᠪᠣᠯᠣᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠳᠣ ᠳᠠᠮᠵᠢᠭᠤᠯᠬᠤ ᠬᠤᠭᠤᠯᠠᠢ ᠶᠢᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ | ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠳᠤ ᠬᠠᠮᠵᠢᠯᠴᠠᠨ ᠵᠤᠬᠢᠴᠠᠭᠤᠯᠤᠨ᠎ᠠ᠃ | ᠡᠨᠧᠷᠭᠢ ᠶᠢᠨ ᠰᠤᠷᠪᠤᠯᠵᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠰᠢᠤᠳᠠᠨ | ᠵᠡᠷᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠬᠤᠳᠠ ᠶᠢᠨ ᠱᠠᠲᠤᠨ ᠤ ᠬᠥᠭᠵᠢᠯᠲᠡ ᠶᠢᠨ | ᠲᠥᠯᠦᠪᠵᠢᠭᠦᠯᠭᠡ ᠲᠠᠢ ᠠᠪᠴᠠᠯᠳᠤᠭᠤᠯᠤᠨ ᠲᠡᠩᠴᠡᠭᠦᠷᠢᠲᠡᠢ ᠪᠠᠶᠢᠯᠭᠠᠬᠤ ᠶᠢ ᠨᠢᠭᠡᠳᠦᠯᠲᠡᠢ ᠲᠥᠯᠥᠪᠯᠡᠨ᠎ᠡ᠃ ᠲᠡᠮᠦᠷ | ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠰᠢᠤᠳᠠᠨ ᠤ ᠲᠡᠭᠡᠭᠡᠪᠦᠷᠢ ᠶᠢᠨ ᠪᠠᠶᠢᠳᠠᠯ ᠢ | ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠰᠢᠤᠳᠠᠨ ᠤ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠡᠮᠦᠷ ᠵᠠᠮ᠂ ᠠᠷᠠᠳ ᠤᠨ ᠠᠭᠠᠷ ᠤᠨ | ᠲᠡᠭᠡᠭᠡᠪᠦᠷᠢ᠂ ᠵᠠᠰᠠᠮᠠᠯ ᠵᠠᠮ᠂ ᠰᠢᠤᠳᠠᠨ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠰᠢᠯᠵᠢᠭᠦᠯᠦᠨ ᠮᠡᠳᠡᠭᠦᠯᠦᠨ᠎ᠡ᠃ | ︵ᠲᠠᠪᠤ︶ ᠠᠵᠤ ᠦᠢᠯᠡᠰ ᠤᠨ ᠵᠣᠬᠢᠴᠠᠭᠤᠯᠬᠤ ᠲᠠᠰᠤᠭ ︵ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠠᠰᠤᠭ︶᠃ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ | ᠲᠥᠯᠥᠪᠯᠡᠨ ᠵᠣᠯᠭᠠᠭᠤᠯᠤᠨ᠎ᠠ᠃ ᠬᠤᠶᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠠᠵᠢᠯ ᠢ | ᠰᠢᠰᠲ᠋ᠧᠮ ᠢᠶᠠᠷ ᠢᠶᠠᠨ ᠵᠣᠬᠢᠴᠠᠭᠤᠯᠤᠨ᠎ᠠ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ | ᠲᠡᠷᠢᠭᠦᠨ ᠤ ᠦᠢᠯᠡᠳᠬᠦ ᠦᠢᠯᠡᠰ ᠢ ᠲᠦᠷᠭᠡᠪᠴᠢᠯᠡᠨ ᠬᠥᠭᠵᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠳᠪᠦᠷᠢ ᠶᠢᠨ | ᠴᠢᠬᠤᠯᠠ ᠶᠡᠭᠡ ᠵᠦᠢᠯᠡᠰ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠪᠠ ᠬᠤᠯᠪᠣᠭᠳᠠᠯ ᠪᠦᠬᠦᠢ ᠠᠵᠤ ᠦᠢᠯᠡᠰ ᠤᠨ | ᠴᠢᠬᠤᠯᠠ ᠶᠡᠭᠡ ᠢᠨᠵᠧᠨᠧᠷᠢᠩ ᠢ ᠳᠤᠷᠠᠳᠤᠨ ᠭᠠᠷᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠴᠢᠬᠤᠯᠠ | ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠠᠮᠢᠶᠠᠷᠤᠯᠲᠠ ᠶᠢ | ᠨᠢᠭᠡᠳᠦᠯᠲᠡᠢ ᠲᠥᠯᠥᠪᠯᠡᠵᠦ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠩᠭᠤᠢ ᠪᠠᠷ | ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠪᠠ ᠴᠢᠬᠤᠯᠠ ᠶᠡᠭᠡ | ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠬᠠᠷᠢᠭᠤᠴᠠᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠵᠢᠴᠢ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ | ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠵᠢᠴᠢ ᠭᠠᠳᠠᠭᠠᠳᠤ ᠠᠷᠠᠯᠵᠢᠶᠠᠨ ᠤ ᠪᠠᠶᠢᠳᠠᠯ ᠢ ᠬᠢᠨᠠᠨ ᠬᠡᠮᠵᠢᠵᠦ | ᠰᠤᠳᠤᠯᠤᠨ ᠮᠠᠭᠠᠳᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠵᠢᠨᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ | ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠬᠤᠯᠪᠣᠭᠳᠠᠯ ᠪᠦᠬᠦᠢ ᠠᠵᠢᠯ ᠢ ᠴᠢᠬᠤᠯᠠ | ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠢ ᠮᠠᠲ᠋ᠧᠷᠢᠶᠠᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠲᠣᠬᠢᠷᠠᠭᠤᠯᠤᠨ ᠡᠵᠡᠮᠳᠡᠬᠦ ᠰᠠᠨᠠᠯ ᠢ ᠳᠤᠷᠠᠳᠤᠨ | ᠭᠠᠷᠭᠠᠬᠤ ᠵᠢᠨᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ | ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠭᠦᠢᠯᠭᠡᠭᠡᠨ ᠤ | ᠪᠠᠶᠢᠭᠤᠯᠤᠯ ᠤᠨᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ | ᠪᠥᠭᠡᠳ ᠵᠣᠬᠢᠴᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠡᠳᠦᠷ | ᠲᠤᠲᠤᠮ ᠤᠨ ᠬᠠᠮᠢᠶᠠᠷᠴᠤ ᠲᠣᠬᠢᠷᠠᠭᠤᠯᠬᠤ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠦᠢᠯᠡᠴᠢᠯᠡᠭᠡᠨ ᠤ | ᠦᠢᠯᠡᠰ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠳᠠᠯᠳᠤᠭᠠᠨ ᠤ ᠶᠠᠪᠤᠳᠠᠯ᠂ | ᠵᠢᠭᠤᠯᠴᠢᠯᠠᠯ᠂ ᠮᠥᠩᠭᠦᠨ ᠭᠦᠢᠯᠭᠡᠭᠡᠨ᠂ ᠵᠠᠮ ᠬᠠᠷᠢᠯᠴᠠᠭ᠎ᠠ ᠵᠡᠷᠭᠡ ᠭᠤᠷᠪᠠᠳᠤᠭᠠᠷ ᠠᠵᠤ ᠦᠢᠯᠡᠰ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯ ᠢ ᠵᠣᠬᠢᠴᠠᠭᠤᠯᠤᠨ᠎ᠠ᠃ ᠪᠦᠬᠦ ᠬᠤᠳᠠ ᠶᠢᠨ ᠪᠦᠬᠦ ᠨᠡᠶᠢᠭᠡᠮ ᠤᠨ | ᠪᠡᠯᠡ ᠮᠥᠩᠭᠦ ᠶᠢᠨ ᠲᠡᠩᠴᠡᠭᠦᠷᠢ ᠪᠠ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠠᠰᠠᠭᠤᠳᠠᠯ ᠢ ᠡᠳ᠋ ᠤᠨ ᠵᠠᠰᠠᠭ᠂ ᠵᠣᠭᠤᠰᠤᠨ ᠤ ᠲᠦᠷᠦ ᠶᠢᠨ ᠪᠣᠳᠣᠯᠭ᠎ᠠ ᠬᠢᠭᠡᠳ | ᠬᠥᠭᠵᠢᠯᠲᠡ ᠶᠢᠨ ᠲᠥᠯᠦᠪᠵᠢᠭᠦᠯᠭᠡ᠂ ᠠᠵᠤ ᠦᠢᠯᠡᠰ ᠪᠠ ᠣᠷᠣᠨ ᠪᠦᠰᠡ ᠶᠢᠨ ᠲᠦᠷᠦ ᠶᠢᠨ ᠪᠣᠳᠣᠯᠭ᠎ᠠ ᠶᠢᠨ | ᠵᠣᠬᠢᠴᠠᠩᠭᠤᠢ ᠬᠥᠭᠵᠢᠯᠲᠡ ᠶᠢ ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠨᠠᠭᠤᠯᠭ᠎ᠠ ᠶᠢ ᠳᠤᠷᠠᠳᠤᠨ᠎ᠠ᠃ | ᠰᠢᠭᠤᠳ ᠪᠡᠯᠡ ᠲᠣᠬᠢᠷᠠᠭᠤᠯᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠰᠠᠨᠠᠭᠤᠯᠭ᠎ᠠ ᠶᠢ ᠳᠤᠷᠠᠳᠤᠨ᠎ᠠ᠃ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠪᠤᠰᠤ ᠺᠣᠮᠫᠠᠨᠢ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭᠲᠦ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠠ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠭᠵᠢᠯᠲᠡ ᠬᠢᠭᠡᠳ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠ ᠬᠠᠮᠢᠶᠠᠷᠬᠤ ᠠᠵᠢᠯ ᠢ | ᠨᠢᠭᠡᠳᠦᠯᠲᠡᠢ ᠲᠥᠯᠥᠪᠯᠡᠵᠦ᠂ ᠵᠢᠯᠤᠭᠤᠳᠴᠤ᠂ ᠵᠣᠬᠢᠴᠠᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭᠠᠨ ᠤ ᠲᠠᠰᠤᠭ᠃ ᠤᠯᠤᠰ ᠤᠨ ᠵᠡᠭᠦᠨ | ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ | ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠭᠦᠨ ᠬᠡᠰᠡᠭ ᠤᠨ | ᠭᠠᠵᠠᠷ ᠣᠷᠣᠨ ᠤ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠦᠬᠦᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ | ᠠᠭᠤᠰᠤᠯᠴᠠᠭᠤᠯᠤᠨ ᠲᠣᠬᠢᠷᠠᠭᠤᠯᠵᠤ ᠥᠭᠡᠷᠡᠴᠢᠯᠡᠨ ᠰᠠᠶᠢᠵᠢᠷᠠᠭᠤᠯᠬᠤ᠂ ᠴᠢᠬᠤᠯᠠ ᠶᠡᠭᠡ ᠵᠦᠢᠯᠡᠰ ᠢ ᠪᠠᠶᠢᠷᠢᠰᠢᠭᠤᠯᠬᠤ | ᠵᠡᠷᠭᠡ ᠲᠥᠯᠦᠪᠵᠢᠭᠦᠯᠭᠡ ᠶᠢᠨ ᠰᠠᠨᠠᠭᠤᠯᠭ᠎ᠠ ᠵᠢᠴᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠬᠠᠮᠵᠢᠨ | ᠬᠡᠷᠡᠭᠵᠢᠭᠦᠯᠦᠨ᠎ᠡ᠃ ᠪᠥᠬᠦ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ︵ᠭᠠᠵᠠᠷ ᠣᠷᠣᠨ︶ ᠶᠢᠨ | ᠦᠷᠭᠦᠯᠵᠢᠯᠡᠬᠦ ᠬᠥᠭᠵᠢᠯᠲᠡ ᠶᠢᠨ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠬᠦ | ᠬᠤᠳᠠ ᠶᠢᠨ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ᠂ ᠭᠠᠵᠠᠷ ᠣᠷᠣᠨ ᠤ ᠠᠵᠤ ᠠᠬᠤᠢ ᠶᠢᠨ ᠲᠠᠯ᠎ᠠ ᠪᠠᠷ | ᠬᠠᠮᠵᠢᠯᠴᠠᠬᠤ ᠶᠢ ᠬᠠᠷᠢᠭᠤᠴᠠᠵᠤ᠂ ᠪᠦᠬᠦ ᠬᠤᠳᠠ ᠶᠢᠨ ᠭᠠᠵᠠᠷ ᠣᠷᠣᠨ ᠤ ᠠᠵᠤ ᠠᠬᠤᠢ ᠶᠢᠨ ᠲᠠᠯ᠎ᠠ ᠪᠠᠷ | ᠬᠠᠮᠵᠢᠯᠴᠠᠬᠤ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ᠂ ᠪᠦᠬᠦ ᠬᠤᠳᠠ ᠶᠢᠨ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠ ᠬᠥᠨᠳᠡᠯᠡᠨ ᠴᠢᠭᠯᠡᠯ ᠢᠶᠠᠷ ᠣᠷᠣᠨ | ᠪᠦᠰᠡ ᠶᠢᠨ ᠠᠵᠤ ᠠᠬᠤᠢ ᠶᠢᠨ ᠲᠠᠯ᠎ᠠ ᠪᠠᠷ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ | ᠣᠷᠣᠭᠤᠯᠬᠤ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠵᠤ᠂ ᠬᠤᠯᠪᠣᠭᠳᠠᠯ ᠪᠦᠬᠦᠢ ᠵᠦᠢᠯᠡᠰ ᠢ | ᠳᠡᠭᠡᠭᠰᠢ ᠮᠡᠳᠡᠭᠦᠯᠦᠨ᠎ᠡ᠃ ᠪᠥᠬᠦ ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠵᠢᠭᠡᠯᠡᠯᠭᠡ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠵᠢᠭᠡᠯᠡᠯᠭᠡ᠂ ᠭᠠᠳᠠᠭᠠᠳᠤ ᠶᠢᠨ | ᠵᠣᠭᠤᠰ ᠤᠨ ᠣᠯᠠᠨ ᠤᠯᠤᠰ ᠤᠨ ᠬᠤᠳᠠᠯᠳᠤᠭᠠᠨ ᠤ ᠵᠢᠭᠡᠯᠡᠯᠭᠡ ︵ᠬᠢᠯᠢ ᠶᠢᠨ ᠭᠠᠳᠠᠨ᠎ᠠ ᠵᠢᠭᠡᠯᠡᠯᠭᠡ ᠲᠠᠯᠪᠢᠬᠤ ᠶᠢ | ᠪᠠᠭᠲᠠᠭᠠᠨ᠎ᠠ︶ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠬᠤᠲᠠ ᠶᠢᠨ ᠲᠣᠰ ᠱᠠᠲᠤᠨ ᠤ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠦᠢᠯᠡᠳᠪᠦᠷᠢᠯᠡᠬᠦ ᠴᠢᠳᠠᠪᠤᠷᠢ ᠪᠠ | ᠲᠣᠨᠤᠭ ᠲᠥᠬᠦᠭᠡᠷᠦᠮᠵᠢ ᠦᠶᠯᠡᠳᠬᠦ᠂ ᠡᠨᠧᠷᠭᠢ ᠡᠬᠢ ᠪᠠᠶᠠᠯᠢᠭ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ | ᠵᠦᠢᠯ ᠤᠨ ᠣᠯᠠᠨ ᠤᠯᠤᠰ ᠤᠨ ᠬᠠᠮᠲᠤᠷᠠᠯᠴᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠬᠥᠭᠵᠢᠭᠰᠡᠨ ᠭᠠᠵᠠᠷ | ᠣᠷᠣᠨ ᠤ ᠠᠵᠤ ᠦᠢᠯᠡᠰ ᠤᠨ ᠰᠢᠯᠵᠢᠯᠲᠡ ᠶᠢ ᠵᠠᠯᠭᠠᠵᠤ ᠠᠪᠬᠤ ᠠᠵᠢᠯ ᠢ ᠬᠠᠷᠢᠭᠤᠴᠠᠨ᠎ᠠ᠃ ᠪᠠᠷᠠᠭᠤᠨ ᠬᠡᠰᠡᠭ ᠤᠨ | ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠲᠠ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠳᠤᠷᠠᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠪᠣᠯᠣᠨ ᠠᠮᠢ ᠠᠬᠤᠢ ᠶᠢᠨ ᠬᠠᠮᠠᠭᠠᠯᠠᠯᠲᠠ ᠬᠢᠭᠡᠳ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ᠂ ᠪᠠᠶᠢᠭᠤᠯᠤᠯ ᠤᠨ ᠥᠭᠡᠷᠡᠴᠢᠯᠡᠯᠲᠡ ᠬᠢᠭᠡᠳ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ᠂ ᠣᠶ ᠰᠢᠭᠤᠢ᠂ ᠨᠤᠲᠤᠭ ᠪᠡᠯᠴᠢᠭᠡᠷ᠂ | ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠢ ᠵᠢᠴᠢ ᠬᠤᠯᠪᠣᠭᠳᠠᠯ ᠪᠦᠬᠦᠢ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠪᠡᠯᠡᠳᠬᠡᠮᠵᠢ ᠵᠡᠷᠭᠡ ᠶᠢᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠪᠠ ᠲᠥᠷᠥ ᠶᠢᠨ | ᠪᠣᠳᠣᠯᠭ᠎ᠠ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ | ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ︵ᠲᠤᠯᠤᠭ᠎ᠠ︶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠲᠠᠰᠤᠭ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ | ᠪᠡᠯᠡ ᠣᠷᠣᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠬᠤᠳᠠ ᠶᠢᠨ ᠲᠤᠰ ᠱᠠᠲᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ | ᠲᠥᠯᠦᠪᠵᠢᠭᠦᠯᠭᠡ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠬᠤᠳᠠ ᠶᠢᠨ ᠲᠤᠰ ᠱᠠᠲᠤᠨ ᠤ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠴᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠤᠯᠪᠣᠭᠳᠠᠯ ᠪᠦᠬᠦᠢ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰᠵᠢᠯᠲᠡ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ | ᠲᠥᠯᠦᠪᠵᠢᠭᠦᠯᠭᠡ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠬᠢᠭᠡᠳ ᠬᠤᠲᠠ ᠶᠢᠨ ᠲᠣᠰ | ᠱᠠᠲᠤᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠣᠯᠭᠠᠭᠤᠯᠤᠨ ᠲᠡᠩᠴᠡᠭᠦᠷᠢᠲᠡᠢ ᠪᠠᠶᠢᠯᠭᠠᠨ᠎ᠠ᠃ | ︵ᠨᠠᠢᠮᠠ︶ ᠨᠡᠶᠢᠭᠡᠮ ᠤᠨ ᠬᠥᠭᠵᠢᠯᠲᠡ ᠶᠢᠨ ᠲᠠᠰᠤᠭ᠃ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ | ᠪᠠ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ᠨᠡᠶᠢᠭᠡᠮ ᠤᠨ ᠠᠵᠢᠯ ᠦᠢᠯᠡᠰ ᠪᠠ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠵᠢᠴᠢ | ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠮᠥᠨ ᠠᠮᠠ ᠶᠢᠨ | ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠠᠵᠢᠯ ᠣᠯᠭᠤᠯᠲᠠ ᠶᠢᠨ ᠣᠷᠣᠯᠭ᠎ᠠ ᠶᠢᠨ | ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠬᠦ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ | ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠥᠯᠦᠪᠵᠢᠭᠦᠯᠭᠡ ᠪᠠ ᠳᠦᠷᠦ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠴᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠵᠢᠴᠢ | ᠬᠤᠯᠪᠣᠭᠳᠠᠯ ᠪᠦᠬᠦᠢ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ | ᠬᠡᠷᠡᠭᠯᠡᠭᠡᠨ ᠤ ᠪᠠᠶᠢᠭᠤᠯᠤᠯ ᠢ ᠠᠬᠢᠭᠤᠯᠬᠤ ᠵᠢᠴᠢ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠬᠤᠯᠪᠣᠭᠳᠠᠯ | ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ | ︵ᠶᠢᠰᠦ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠲᠠᠰᠤᠭ᠃ ᠪᠣᠬᠢᠷᠳᠤᠯ | ᠦᠭᠡᠢ ᠬᠥᠭᠵᠢᠯᠲᠡ ᠶᠢᠨ ᠬᠠᠮᠢᠶ᠎ᠠ ᠪᠦᠬᠦᠢ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ | ᠠᠬᠢᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ | ᠠᠵᠤ ᠠᠬᠤᠢ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ | ᠳᠡᠭᠡᠳᠦ ᠱᠠᠲᠤᠨ ᠤ ᠳᠤᠷᠠᠳᠤᠭᠰᠠᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠶᠢ | ᠨᠠᠶᠢᠳᠠᠪᠤᠷᠢᠵᠢᠭᠤᠯᠤᠨ᠎ᠠ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ | ᠦᠢᠯᠡᠳᠪᠦᠷᠢᠯᠡᠯ ᠢ ᠵᠣᠬᠢᠴᠠᠭᠤᠯᠤᠨ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃ ᠡᠨᠧᠷᠭᠢ ᠠᠷᠪᠢᠯᠠᠬᠤ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠶᠠᠪᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠠᠷᠪᠠ︶ ᠦᠨ᠎ᠡ ᠬᠠᠩᠰᠢ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠠᠰᠤᠭ᠃ ᠦᠨ᠎ᠡ ᠬᠠᠩᠰᠢ ᠶᠢᠨ | ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠦᠨ᠎ᠡ | ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠠ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠴᠢᠬᠤᠯᠠ ᠲᠠᠸᠠᠷ᠂ ᠦᠢᠯᠡᠴᠢᠯᠡᠭᠡ ᠪᠠ ᠴᠢᠬᠤᠯᠠ ᠡᠯᠧᠮᠧᠨ᠋ᠲ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠬᠤᠳᠠ ᠶᠢᠨ ᠲᠤᠰ ᠱᠠᠲᠤᠨ ᠠᠴᠠ ᠬᠠᠮᠢᠶᠠᠷᠴᠤ ᠪᠠᠶᠢᠭ᠎ᠠ ᠴᠥᠭᠡᠨ ᠲᠣᠭᠠᠨ ᠤ ᠴᠢᠬᠤᠯᠠ | ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠵᠤ | ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠬᠤ ᠲᠥᠷᠥᠯ ᠵᠦᠢᠯ ᠢ ᠪᠠᠶᠢᠭᠤᠯᠬᠤ ᠳᠤ ᠣᠷᠣᠯᠴᠠᠨ᠎ᠠ᠃ | ︵ᠠᠷᠪᠠᠨ ᠨᠢᠭᠡ︶ ᠥᠪᠡᠷ ᠤᠨ ᠥᠷᠲᠡᠭ ᠢ ᠪᠠᠶᠢᠴᠠᠭᠠᠵᠤ ᠬᠢᠨᠠᠨ ᠲᠤᠭᠳᠠᠭᠠᠬᠤ ᠲᠠᠰᠤᠭ᠃ ᠥᠪᠡᠷᠲᠡᠭᠡᠨ | ᠵᠠᠰᠠᠬᠤ ᠣᠷᠣᠨ᠂ ᠪᠥᠬᠦ ᠠᠶᠢᠮᠠᠭ ᠤᠨ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠵᠤ ᠬᠢᠨᠠᠨ ᠬᠢᠨᠠᠬᠤ | ᠠᠵᠢᠯ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠲᠤᠭᠳᠠᠭᠠᠬᠤ ᠠᠵᠢᠯ ᠢ | ᠡᠭᠦᠷᠭᠡᠯᠡᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠪᠡᠷ ᠤᠨ | ᠥᠷᠲᠡᠭ ᠢ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠪᠠ ᠪᠥᠬᠦ ᠠᠶᠢᠮᠠᠭ ᠤᠨ ᠦᠨ᠎ᠡ ᠬᠠᠩᠰᠢ ᠶᠢᠨ ᠥᠪᠡᠷ ᠤᠨ ᠥᠷᠲᠡᠭ ᠤᠨ | ᠪᠠᠶᠢᠴᠠᠭᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠬᠤᠲᠠ ᠶᠢᠨ ᠱᠠᠲᠤᠨ ᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠨ᠎ᠠ᠃ | ︵ᠠᠷᠪᠠᠨ ᠬᠤᠶᠠᠷ︶ ᠠᠮᠤ ᠪᠤᠳᠠᠭ᠎ᠠ ᠪᠣᠯᠣᠨ ᠡᠳ᠋ ᠪᠣᠳᠠᠰ ᠤᠨ ᠨᠥᠭᠡᠴᠡᠯᠡᠯᠲᠡ ᠶᠢᠨ ᠲᠠᠰᠤᠭ᠃ ᠪᠦᠬᠦ | ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ | ᠃ ᠪᠦᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡ᠂ ᠡᠳ᠋ ᠪᠣᠳᠠᠰ ᠤᠨ ᠨᠥᠭᠡᠴᠡᠯᠡᠯᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠲᠣᠬᠢᠷᠠᠭᠤᠯᠤᠯᠲᠠ ᠶᠢᠨ | ᠰᠠᠨᠠᠭᠤᠯᠭ᠎ᠠ ᠶᠢ ᠳᠤᠷᠠᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠲᠥᠷᠥᠯ | ᠵᠦᠢᠯ ᠤᠨ ᠭᠤᠶᠤᠴᠢᠯᠠᠯ ᠢ ᠵᠣᠬᠢᠶᠠᠨ ᠪᠠᠶᠢᠭᠤᠯᠵᠤ᠂ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠬᠦ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠮᠡᠳᠡᠭᠡ ᠵᠠᠩᠭᠢᠵᠢᠭᠤᠯᠬᠤ | ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠣᠯᠣᠨ | ᠬᠤᠳᠠ ᠶᠢᠨ ᠱᠠᠲᠤᠨ ᠤ ᠴᠢᠬᠤᠯᠠ ᠡᠳ᠋ ᠪᠠᠷᠠᠭ᠎ᠠ ᠨᠥᠭᠡᠴᠡᠯᠡᠬᠦ ᠲᠥᠯᠦᠪᠵᠢᠭᠦᠯᠭᠡ᠂ ᠲᠥᠷᠥᠯ ᠵᠦᠢᠯ ᠤᠨ | ᠵᠢᠭᠰᠠᠭᠠᠯᠳᠠ ᠢ ᠲᠤᠤᠱᠯᠠᠭᠤᠯᠤᠨ ᠬᠡᠷᠡᠭᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠮᠤ ᠪᠤᠳᠠᠭ᠎ᠠ ᠪᠣᠯᠣᠨ | ᠡᠳ᠋ ᠪᠠᠷᠠᠭ᠎ᠠ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠨ ᠰᠣᠯᠢᠬᠤ ᠲᠥᠯᠥᠪᠯᠡᠭᠡ ᠶᠢ ᠳᠤᠷᠠᠳᠴᠤ᠂ | ᠬᠤᠳᠠᠯᠳᠤᠨ ᠠᠪᠴᠤ ᠨᠥᠭᠡᠴᠡᠯᠡᠬᠦ᠂ ᠡᠭᠡᠯᠵᠢᠯᠡᠨ ᠰᠣᠯᠢᠬᠤ ᠪᠠ ᠡᠳᠦᠷ ᠲᠤᠳᠤᠮ ᠤᠨ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠬᠥᠳᠡᠯᠭᠡᠨ ᠬᠡᠷᠡᠭᠯᠡᠬᠦ ᠲᠥᠯᠥᠪᠯᠡᠭᠡ ᠪᠣᠯᠣᠨ ᠵᠢᠭᠠᠪᠤᠷᠢ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠤᠨ ᠱᠠᠲᠤᠨ ᠤ ᠠᠮᠤ | ᠪᠤᠳᠠᠭ᠎ᠠ ᠲᠣᠰᠣ ᠨᠥᠭᠡᠴᠡᠯᠡᠬᠦ ᠪᠠ ᠡᠳ᠋ ᠪᠠᠷᠠᠭ᠎ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠬᠠᠳᠠᠭᠠᠯᠠᠯᠲᠠ ᠶᠢᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠬᠤᠲᠠ ᠶᠢᠨ ᠤᠯᠤᠰ ᠤᠨ ᠥᠮᠴᠢᠯᠡᠯᠲᠦ | ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠪᠠ ᠪᠥᠬᠦ ᠬᠤᠲᠠ ᠶᠢᠨ ᠡᠯ᠎ᠡ ᠤᠯᠤᠰ ᠤᠨ ᠳᠠᠭᠠᠭᠠᠨ ᠨᠥᠭᠡᠴᠡᠯᠡᠬᠦ | ᠠᠵᠤ ᠠᠬᠤᠶᠢᠯᠠᠯ ᠤᠨ ᠠᠮᠤᠷ ᠲᠦᠪᠰᠢᠨ ᠤ ᠬᠠᠳᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ | ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠮᠤ | ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ | ᠲᠦᠷᠦ ᠶᠢᠨ ᠪᠣᠳᠣᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠠᠷᠢᠶ᠎ᠠ ᠨᠢᠭᠡᠴᠡ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠠᠰᠤᠭ᠃ ᠠᠮᠤ ᠪᠤᠳᠠᠭᠠᠨ ᠤ | ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ᠂ ᠠᠷᠭ᠎ᠠ ᠶᠢ ᠵᠣᠬᠢᠶᠠᠨ ᠪᠠᠶᠢᠭᠤᠯᠵᠤ ᠠᠮᠤ ᠪᠤᠳᠠᠭᠠᠨ ᠤ ᠶᠠᠰᠤ | ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠳᠠ ᠲᠠᠯᠪᠢᠨ᠎ᠠ᠃ ᠪᠦᠬᠦ ᠬᠤᠲᠠ ᠶᠢᠨ ᠠᠮᠤ ᠪᠤᠳᠠᠭᠠᠨ ᠤ | ᠭᠦᠢᠯᠭᠡᠭᠡᠨ ᠤ ᠬᠤᠷᠸ᠎ᠠ ᠲᠣᠬᠢᠷᠠᠭᠤᠯᠤᠯ ᠡᠵᠡᠮᠳᠡᠯ᠂ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠵᠤ ᠠᠮᠤ | ᠪᠤᠳᠠᠭᠠᠨ ᠤ ᠭᠦᠢᠯᠭᠡᠭᠡᠨ ᠤ ᠶᠡᠷᠦᠩᠬᠡᠢ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠳᠤᠷᠠᠳᠤᠨ ᠭᠠᠷᠭᠠᠨ᠎ᠠ᠃ | ᠪᠦᠬᠦ ᠬᠤᠲᠠ ᠶᠢᠨ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡ ᠶᠢᠨ ᠲᠤᠭ᠎ᠠ ᠪᠦᠷᠢᠳᠬᠡᠯ᠂ | ᠨᠡᠶᠢᠭᠡᠮ ᠤᠨ ᠠᠮᠤ ᠲᠣᠰᠣᠨ ᠤ ᠲᠤᠭ᠎ᠠ ᠪᠦᠷᠢᠳᠬᠡᠯ᠂ ᠨᠡᠶᠢᠭᠡᠮ ᠤᠨ ᠠᠮᠤ ᠲᠣᠰᠣᠨ ᠤ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢ ᠶᠢᠨ ᠪᠠᠶᠢᠴᠠᠭᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢ | ᠬᠠᠷᠢᠭᠤᠴᠠᠵᠤ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠠᠵᠢᠯᠯᠠᠭᠠᠨ ᠢ ᠪᠦᠷᠢᠳᠬᠡᠬᠦ ᠪᠠ ᠵᠠᠳᠠᠯᠬᠤ | ᠠᠵᠢᠯ ᠢ ᠡᠭᠦᠷᠭᠡᠯᠡᠨ᠎ᠡ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠪᠠ ᠠᠮᠤ | ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠠᠵᠢᠯ ᠢ ᠠᠮᠤ ᠪᠤᠳᠠᠭ᠎ᠠ | ᠪᠣᠯᠣᠨ ᠡᠳ᠋ ᠪᠠᠷᠠᠭ᠎ᠠ ᠨᠥᠭᠡᠴᠡᠯᠡᠬᠦ ᠵᠠᠬ᠎ᠠ ᠳᠡᠯᠭᠡᠭᠦᠷ ᠢ ᠵᠠᠳᠠᠯᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠪᠠᠴᠢᠮ | ᠪᠠᠶᠢᠳᠠᠯ ᠢ ᠠᠷᠭᠠᠴᠠᠬᠤ ᠲᠣᠣᠷ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠴᠡᠷᠢᠭ ᠤᠨ ᠠᠮᠤ | ᠬᠦᠨᠡᠰᠦᠨ ᠤ ᠬᠠᠩᠭᠠᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠠᠮᠤ | ᠪᠤᠳᠠᠭᠠᠨ ᠤ ᠠᠮᠤᠷ ᠲᠦᠪᠰᠢᠨ᠂ ᠠᠮᠤ ᠪᠤᠳᠠᠭᠠᠨ ᠤ ᠭᠦᠢᠯᠭᠡᠭᠡᠨ ᠤ ᠪᠠᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ | ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠴᠢᠬᠤᠯᠠ | ᠲᠥᠯᠦᠪᠵᠢᠭᠦᠯᠭᠡ᠂ ᠬᠥᠭᠵᠢᠯᠲᠡ ᠶᠢᠨ ᠬᠠᠨᠳᠤᠰᠢ ᠵᠢᠴᠢ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠬᠦ ᠶᠢ ᠬᠠᠷᠢᠭᠤᠴᠠᠨ᠎ᠠ᠃ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠬᠦ ᠶᠢ | ᠵᠢᠯᠤᠭᠤᠳᠴᠤ᠂ ᠠᠮᠤ ᠪᠤᠳᠠᠭᠠᠨ ᠤ ᠭᠦᠢᠯᠭᠡᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠠᠮᠤ ᠪᠤᠳᠠᠭ᠎ᠠ ᠶᠢ | ᠠᠷᠪᠢᠯᠠᠵᠤ᠂ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠤᠯᠤᠰ᠂ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠣᠯᠣᠨ ᠡᠳ᠋ ᠪᠠᠷᠠᠭ᠎ᠠ ᠨᠥᠭᠡᠴᠡᠯᠡᠬᠦ ᠳᠤ ᠬᠢᠨᠠᠯᠲᠠ ᠲᠠᠯᠪᠢᠵᠤ | ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠣᠳᠠᠰ ᠤᠨ | ᠨᠥᠭᠡᠴᠡᠯᠡᠯᠲᠡ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠬᠠᠳᠠᠭᠠᠯᠠᠯᠲᠠ ᠶᠢᠨ ᠠᠮᠤᠷ ᠲᠦᠪᠰᠢᠨ ᠵᠢᠴᠢ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠬᠦᠨᠳᠦ ᠶᠡᠭᠡ ᠬᠡᠷᠡᠭ ᠢ | ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠠᠵᠢᠯ ᠢ ᠬᠠᠤᠯᠢ ᠶᠣᠰᠣᠭᠠᠷ | ᠵᠣᠬᠢᠶᠠᠨ ᠪᠠᠶᠢᠭᠤᠯᠪᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ | ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠢ ᠪᠠᠶᠢᠬᠤ ᠪᠠ ᠬᠠᠷ᠎ᠠ ᠠᠮᠤ ᠶᠢᠨ ᠠᠷᠢᠭᠤᠨ ᠴᠡᠪᠡᠷ ᠢ ᠬᠢᠨᠠᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠬᠢᠨᠠᠨ ᠵᠥᠪᠰᠢᠶᠡᠷᠡᠬᠦ ᠲᠠᠰᠤᠭ᠃ | ᠤᠯᠤᠰ ᠤᠨ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ | ᠬᠠᠷᠢᠭᠤᠴᠠᠨ ᠬᠡᠷᠡᠭᠵᠢᠭᠦᠯᠦᠨ᠎ᠡ᠃ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ | ᠬᠢᠨᠠᠨ ᠵᠥᠪᠰᠢᠶᠡᠷᠡᠬᠦ ᠢ ᠭᠦᠢᠴᠡᠳᠬᠡᠬᠦ ᠴᠤᠪᠤᠷᠠᠯ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ ᠳᠤᠷᠠᠳᠬᠤ ᠶᠢᠨ | ᠬᠠᠮᠲᠤ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠲᠤᠰ ᠰᠠᠯᠠᠭ᠎ᠠ ᠮᠥᠴᠢᠷ ᠤᠨ ᠬᠠᠮᠢᠶᠠᠷᠴᠤ | ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠳᠠᠭᠠᠭᠠᠨ ᠭᠦᠢᠴᠡᠳᠬᠡᠬᠦ ᠪᠠ ᠪᠦᠬᠦ ᠶᠠᠪᠤᠴᠠ ᠳᠤ | ᠭᠥᠯᠢᠶᠡᠨ ᠠᠪᠴᠤ ᠰᠢᠢᠳᠪᠦᠷᠢᠯᠡᠨ᠎ᠡ᠃ ᠪᠥᠬᠦ ᠬᠤᠲᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠣᠷᠣᠯᠴᠠᠭᠰᠠᠨ ᠬᠠᠮᠢᠶ᠎ᠠ ᠪᠦᠬᠦᠢ ᠬᠤᠷᠠᠯ ᠤᠨ ᠨᠤᠲᠠᠯᠠᠬᠤ᠂ ᠬᠢᠨᠠᠨ ᠬᠠᠷᠭᠤᠭᠤᠯᠬᠤ᠂ ᠬᠢᠨᠠᠨ | ᠲᠣᠭᠲᠠᠭᠠᠬᠤ ᠵᠦᠢᠯᠡᠰ ᠢ ᠵᠣᠬᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠲᠤᠰᠢᠶᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠬᠤ ᠪᠤᠰᠤᠳ | ᠵᠦᠢᠯᠡᠰ ᠢ ᠭᠦᠢᠴᠡᠳᠬᠡᠨ᠎ᠡ᠃ | ᠠᠯᠪᠠᠯᠠᠬᠤ ᠭᠠᠵᠠᠷ᠄ ᠰᠢᠯᠢ ᠶᠢᠨ ᠬᠤᠲᠠ ᠶᠢᠨ ᠰᠢᠯᠢ ᠶᠢᠨ ᠶᠡᠭᠡ ᠵᠡᠭᠡᠯᠢ ᠶᠢᠨ ᠪᠠᠷᠠᠭᠤᠨ ᠬᠡᠰᠡᠭ ᠤᠨ ᠬᠤᠸᠠ | ᠷᠦᠨ ᠲᠣᠮᠣ ᠠᠰᠠᠷ | ᠬᠠᠷᠢᠯᠴᠠᠬᠤ ᠤᠲᠠᠰᠤ᠄ 0479 ︱ 8224995 | ᠠᠵᠢᠯᠯᠠᠬᠤ ᠴᠠᠭ᠄ 8᠄ 30 ︱ 12᠄ 00 14᠄ 30 ︱ 17᠄ 30 |