ᠵᠠᠰᠠᠭ ᠤᠨ ᠣᠷᠳᠣᠨ ᠤ ᠠᠵᠢᠯ ᠤᠨ ᠢᠯᠡᠳᠬᠡᠯ | —— 2024 ᠣᠨ ᠤ 1 ᠰᠠᠷ᠎ᠠ 26 ᠤ ᠡᠳᠦᠷ ᠰᠢᠯᠢ ᠶᠢᠨ ᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ | ᠬᠤᠷᠠᠯᠳᠤᠭᠠᠨ ᠳᠡᠭᠡᠷ᠎ᠡ ᠬᠤᠳᠠ ᠶᠢᠨ ᠳᠠᠷᠤᠭ᠎ᠠ ᠪᠦᠷᠢᠨᠵᠢᠨ | ᠲᠥᠯᠥᠭᠡᠯᠡᠭᠴᠢᠳ ᠠ᠋᠄ | ᠤᠳᠤ ᠪᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ ᠵᠦᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠭᠰᠠᠨ ᠡᠬᠢᠯᠡᠯᠲᠡ ᠶᠢᠨ ᠵᠢᠯ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭ᠎ᠠ ᠠᠴᠠ ᠬᠤᠶᠢᠰᠢ ᠠᠵᠤ ᠠᠬᠤᠢ ᠶᠢ ᠰᠡᠷᠭᠦᠭᠡᠨ | ᠬᠥᠭᠵᠢᠭᠦᠯᠬᠦ ᠵᠦᠭ ᠰᠢᠯᠵᠢᠭᠰᠡᠨ ᠨᠢᠭᠡ ᠵᠢᠯ ᠪᠣᠯᠣᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ︽ᠬᠤᠶᠠᠷ ᠶᠡᠭᠡ ᠶᠠᠪᠤᠳᠠᠯ︾ ᠪᠣᠯᠣᠨ ︽ᠰᠢᠨ᠎ᠡ ᠵᠠᠮ ᠢ | ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠵᠣᠷᠢᠭᠲᠠᠢ ᠪᠠᠷ | ᠠᠵᠢᠯᠯᠠᠵᠤ ᠪᠣᠳᠠᠲᠠᠢ ᠠᠵᠢᠯᠯᠠᠬᠤ ᠬᠠᠲᠠᠭᠤ ᠰᠤᠷᠲᠠᠯ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠢᠩᠬᠢᠨᠢ | ᠴᠢᠳᠠᠪᠤᠷᠢ ᠪᠠᠷ ᠠᠵᠤ ᠠᠬᠤᠢ ᠨᠡᠶᠢᠭᠡᠮ ᠤᠨ ᠡᠯ᠎ᠡ ᠳᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃ | ᠨᠢᠭᠡ ᠵᠢᠯ ᠤᠨ ᠲᠤᠷᠰᠢ᠂ ᠪᠢᠳᠡ ᠪᠥᠬᠦ ᠬᠦᠴᠦᠨ ᠢᠶᠠᠷ ᠢᠶᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ | ᠂ ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ ᠠᠵᠤ ᠠᠬᠤᠢ ᠶᠢᠨ ᠠᠵᠢᠯᠯᠠᠭᠠᠨ ᠢ | ᠲᠣᠭᠲᠠᠭᠤᠨ ᠤ ᠳᠤᠮᠲᠠ ᠤᠷᠤᠭᠰᠢᠯᠠᠭᠤᠯᠵᠤ᠂ ᠤᠷᠤᠭᠰᠢᠯᠠᠬᠤ ᠶᠢᠨ ᠵᠡᠷᠭᠡ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ | ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠳᠡᠭ 3.5 % ᠪᠠᠷ ᠨᠡᠮᠡᠭᠳᠡᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 4.88 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 11.5 % ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠭᠡᠢ ᠲᠤᠭ᠎ᠠ 4.3 % ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣ᠋ ᠯᠭ᠎ᠠ ᠲᠣᠰ ᠲᠣᠰ 4.1 %᠂ 4.9 % ᠪᠠᠷ ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ︽ | ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠵᠢᠯ ᠳᠤ | 110 ᠲᠦᠮᠡᠨ ᠲᠣᠯᠣᠭᠠᠢ ᠮᠠᠯ ᠤᠨ ᠭᠠᠷᠭᠠᠯᠲᠠ ᠶᠢ ᠪᠡᠶᠡᠯᠡᠭᠦᠯᠵᠦ᠂ ᠨᠢᠲᠤᠯᠵᠤ ᠡᠳ᠋ᠰᠢᠭᠦᠯᠬᠦ ᠦᠢᠯᠡᠳᠬᠦᠨ ᠤ | ᠥᠷᠲᠡᠭ ᠢ 12.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠪᠡᠯᠴᠢᠭᠡᠷ ᠤᠨ ᠬᠤᠨᠢᠨ ᠤ ᠲᠤᠭ᠎ᠠ ᠶᠢ 2.44 ᠲᠦᠮᠡ ᠪᠠᠭᠠᠰᠬᠠᠵᠤ᠂ ᠠᠩᠬᠠᠳᠤᠭᠠᠷ ᠬᠤᠭᠤᠴᠠᠭᠠᠨ ᠤ ︽ᠰᠢᠯᠢ ᠶᠢᠨ | ᠭᠤᠣᠯ ᠤᠨ ᠲᠠᠯ᠎ᠠ ᠨᠤᠲᠤᠭ ᠤᠨ ᠬᠤᠨᠢ︾ ᠶᠢ ᠲᠠᠨᠢᠯᠴᠠᠭᠤᠯᠵᠦ ᠦᠨ᠎ᠡ ᠬᠠᠶᠠᠯᠴᠠᠨ ᠦᠷᠢᠰᠦᠯᠳᠦᠬᠦ ᠬᠤᠷᠠᠯ ᠳᠤ | ᠠᠷᠠᠯᠵᠢᠶ᠎ᠠ ᠪᠦᠲᠦᠭᠰᠡᠨ ᠶᠡᠷᠦᠩᠭᠡᠢ ᠦᠨ᠎ᠡ 2000 ᠲᠦᠮᠡᠨ ᠲᠥᠭᠦᠷᠢᠭ ᠢ ᠳᠠᠪᠠᠵᠤ᠂ 158 ᠮᠠᠯᠵᠢᠬᠤ | ᠡᠷᠦᠬᠡ ᠶᠢᠨ ᠳᠤᠮᠳᠠᠴᠢ ᠣᠷᠣᠯᠭ᠎ᠠ ᠶᠢᠨ ᠨᠡᠮᠡᠭᠳᠡᠯ ᠨᠢ 6.2 ᠲᠦᠮᠡᠨ ᠲᠥᠭᠦᠷᠢᠭ ᠢ ᠳᠠᠪᠠᠵᠤ᠂ 5 ᠠᠵᠤ ᠠᠬᠤᠶᠢᠯᠠᠯ | ᠨᠢ ᠰᠢᠯᠢ ᠶᠢᠨ ᠭᠤᠣᠯ ᠤᠨ ᠬᠤᠨᠢ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ 4 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ | ᠲᠠᠰ ᠤᠨ ᠳᠤᠯᠤᠭᠠᠶᠢᠯᠠᠭᠴᠢ ᠠᠵᠤ ᠠᠬᠤᠶᠢᠯᠠᠯ ᠢᠶᠠᠷ ᠰᠣᠩᠭᠤᠭᠳᠠᠪᠠ᠃ ᠪᠣᠷᠳᠣᠨ ᠲᠡᠵᠢᠭᠡᠭᠰᠡᠨ ᠬᠤᠨᠢᠨ ᠤ | ᠭᠠᠷᠭᠠᠯᠲᠠ 31.38 ᠲᠦᠮᠡ ᠬᠦᠷᠴᠦ᠂ ᠰᠣᠯᠤᠩᠭ᠎ᠠ ᠬᠠᠮᠲᠣᠪᠡᠷ ᠡᠳ᠋ᠯᠡᠬᠦ ᠬᠦᠷᠢᠶᠡᠯᠡᠩ ᠲᠣᠭᠤᠷᠢᠭ ᠢ ᠪᠠᠶᠢᠭᠤᠯᠵᠤ | ᠠᠰᠢᠭᠯᠠᠯᠲᠠ ᠳᠤ ᠣᠷᠣᠭᠤᠯᠪᠠ᠃ ᠮᠢᠬᠠᠨ ᠤ ᠦᠬᠡᠷ ᠤᠨ ᠲᠤᠭ᠎ᠠ ᠶᠢ 5000 ᠲᠣᠯᠣᠭᠠᠢ ᠨᠡᠮᠡᠭᠳᠡᠭᠦᠯᠵᠦ᠂ | ᠠᠶᠢᠮᠠᠭ ᠤᠨ ᠲᠠᠰ ᠤᠨ ᠰᠢᠮᠧᠨ᠋ᠲ᠋ᠠᠷ ᠦᠬᠡᠷ ᠤᠨ ᠭᠤᠣᠯᠳᠠᠯᠭᠠᠳᠤ ᠰᠦᠷᠦᠭ 1 ᠶᠢ ᠰᠢᠨ᠎ᠡ ᠪᠠᠷ ᠨᠡᠮᠡᠭᠳᠡᠭᠦᠯᠦᠨ᠂ | ᠦᠷᠡᠵᠢᠯ ᠤᠨ ᠡᠬᠡ ᠮᠠᠯ ᠤᠨ ᠬᠤᠪᠢ ᠶᠢᠨ ᠵᠢᠩ 55% ᠶᠢ ᠳᠠᠪᠠᠪᠠ᠃ ᠠᠳᠤᠭᠤᠨ ᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠵᠦ᠂ ᠠᠩᠬᠠᠨ ᠤ ᠴᠡᠭᠡ ᠶᠢᠨ ᠦᠢᠯᠡᠰ ᠤᠨ ᠨᠡᠶᠢᠭᠡᠮᠯᠢᠭ᠂ ᠠᠳᠤᠭᠤᠨ ᠦᠢᠯᠡᠰ ᠤᠨ | ᠲᠤᠰᠬᠠᠢ ᠡᠵᠡᠩᠨᠡᠬᠦ ᠰᠠᠯᠪᠤᠷᠢ ᠪᠠᠩᠬᠢ ᠵᠢᠩᠬᠢᠨᠢ ᠪᠠᠷ ᠪᠠᠶᠢᠭᠤᠯᠤᠭᠳᠠᠵᠤ᠂ ᠣᠷᠣᠨ ᠤ ᠭᠠᠳᠠᠨᠠᠬᠢ ᠭᠠᠵᠠᠷ ᠣᠷᠣᠨ | ᠯᠤᠭ᠎ᠠ 7 ᠬᠤᠪᠢ ᠠᠳᠤᠭᠤᠨ ᠤ ᠠᠵᠤ ᠦᠢᠯᠡᠰ ᠢ ᠬᠦᠭᠵᠢᠬᠦᠯᠬᠦ ᠬᠡᠯᠡᠯᠴᠡᠭᠡᠷ ᠳᠣᠭᠲᠠᠵᠤ᠂ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠮᠤᠷᠢᠨ ᠤ ᠤᠷᠤᠯᠳᠤᠭᠠᠨ ᠢ 19 ᠤᠳᠠᠭ᠎ᠠ ᠠᠮᠵᠢᠯᠲᠠ ᠲᠠᠢ ᠡᠷᠭᠢᠯᠡᠵᠦ᠂ | ᠠᠳᠤᠭᠤᠨ ᠤ ᠲᠤᠭ᠎ᠠ 3 ᠵᠢᠯ ᠳᠠᠷᠠᠭᠠᠯᠠᠨ 11% ᠶᠢᠨ ᠨᠡᠮᠡᠭᠳᠡᠯ ᠢ ᠪᠠᠲᠤᠯᠠᠵᠤ᠂ ᠠᠳᠤᠭᠤᠨ ᠤ ᠪᠦᠲᠦᠭᠡᠭᠳᠡᠬᠦᠨ ᠤ | ᠡᠯ᠎ᠡ ᠲᠥᠷᠥᠯ ᠤᠨ ᠲᠠᠸᠠᠷ ᠤᠨ ᠲᠡᠮᠳᠡᠭ ᠢ ᠨᠡᠶᠢᠲᠡ 120 ᠳᠠᠩᠰᠠᠯᠠᠭᠤᠯᠵᠤ᠂ ᠤᠯᠤᠰ ᠤᠨ ᠲᠤᠰᠬᠠᠢ ᠠᠰᠢᠭ ᠤᠨ | ᠡᠷᠬᠡ 31 ᠶᠢ ᠤᠯᠤᠭᠰᠠᠨ ᠪᠠᠶᠢᠨ᠎ᠠ᠃ ᠡᠭᠦᠯᠳᠡᠷ ᠤᠨ ᠦᠢᠯᠡᠰ ᠢ ᠬᠦᠭᠵᠢᠬᠦᠯᠬᠦ ᠠᠵᠢᠯᠯᠠᠭ᠎ᠠ ᠰᠢᠨ᠎ᠡ | ᠰᠢᠪᠲᠤᠯᠤᠯᠲᠠ ᠲᠠᠢ ᠪᠣᠯᠵᠤ᠂ 41 ᠡᠭᠦᠯᠳᠡᠷ ᠤᠨ ᠦᠬᠡᠷ ᠤᠨ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ ᠦᠷᠳᠡᠭᠡ | ᠪᠠᠶᠢᠭᠤᠯᠵᠤ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ 90 % ᠳᠤ ᠬᠦᠷᠪᠡ᠃ 12 | ᠦᠵᠦᠮᠦᠴᠢᠨ ᠬᠤᠨᠢᠨ ᠤ ᠦᠷᠭᠡᠳᠭᠡᠨ ᠦᠷᠡᠵᠢᠬᠦᠯᠬᠦ ᠲᠠᠯᠠᠪᠠᠶ ᠰᠢᠨ᠎ᠡ ᠪᠠᠷ ᠪᠠᠶᠢᠭᠤᠯᠵᠤ᠂ ᠵᠢᠯ ᠤᠨ ᠡᠭᠦᠯᠳᠡᠷ | ᠬᠠᠩᠭᠠᠬᠤ ᠴᠢᠳᠠᠪᠤᠷᠢ 3000 ᠲᠣᠯᠤᠭᠠᠢ ᠪᠣᠯᠪᠠ᠃ ᠬᠤᠩ ᠶᠤᠸᠠᠨ ᠪᠢᠴᠢᠯ ᠬᠡᠯᠪᠡᠷᠢ ᠶᠢᠨ ᠲᠥᠮᠥᠰᠥ ᠶᠢ | ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠵᠢᠯ ᠤᠨ ᠡᠭᠦᠯᠳᠡᠷ ᠬᠠᠩᠭᠠᠬᠤ ᠴᠢᠳᠠᠪᠤᠷᠢ 360 ᠲᠦᠮᠡᠨ | ᠮᠥᠬᠦᠯᠢᠭ ᠲᠤ ᠬᠦᠷᠦᠭᠰᠡᠨ ᠪᠠᠶᠢᠨ᠎ᠠ᠃ ᠰᠦ ᠶᠢᠨ ᠠᠵᠤ ᠦᠢᠯᠡᠰ ᠤᠨ ᠲᠠᠰ ᠳᠡᠪᠰᠢᠭᠦᠯᠬᠦ ᠶᠢ ᠲᠦᠷᠭᠡᠳᠬᠡᠵᠦ᠂ ᠪᠥᠬᠦ | ᠠᠶᠢᠮᠠᠭ ᠤᠨ ᠠᠩᠬᠠᠳᠠᠭᠴᠢ ᠰᠢᠩᠭᠡᠨ ᠲᠤᠯᠤᠪᠲᠤ ᠰᠦ ᠶᠢᠨ ᠣᠶᠤᠨᠴᠢ ᠦᠢᠯᠡᠳᠪᠦᠷᠢ ᠶᠢᠨ ᠥᠭᠡᠷᠡᠴᠢᠯᠡᠯᠲᠡ ᠶᠢᠨ | ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠵᠥᠩ ᠺᠧ ᠴᠧᠨ ᠰᠢᠩ ᠣᠨᠴᠠ ᠲᠥᠷᠥᠯ ᠤᠨ | ᠰᠦ ᠶᠢᠨ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠵᠤ᠂ 3 ᠡᠷᠦᠬᠡ ᠴᠠᠭᠠᠨ ᠢᠳᠡᠭᠡᠨ ᠤ ᠵᠢᠵᠢᠭ ᠦᠢᠯᠡᠳᠬᠡᠯ | ᠤᠨ ᠭᠠᠵᠠᠷ ᠢ ᠲᠠᠰ ᠳᠡᠪᠰᠢᠭᠦᠯᠵᠦ᠂ ᠱᠧᠦ ᠹᠠᠩ ᠠᠵᠣ ᠦᠢᠯᠠᠰ ᠤᠨ ᠬᠦᠷᠢᠶᠡᠯᠡᠩ ᠤᠨ ᠴᠠᠭᠠᠨ ᠢᠳᠡᠭᠡᠨ ᠤ ᠭᠤᠣᠯ | ᠰᠡᠳᠦᠪᠲᠦ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠤᠨ ᠨᠡᠭᠡᠭᠡᠵᠦ᠂ 3 ᠰᠦᠨ ᠦᠢᠯᠡᠳᠬᠦᠨ ᠤ ᠠᠵᠤ ᠠᠬᠤᠶᠢᠯᠠᠯ | ︽ᠰᠢᠯᠢ ᠶᠢᠨ ᠭᠤᠣᠯ ᠴᠠᠭᠠᠨ ᠢᠳᠡᠭᠡᠨ︾ ᠤ ᠡᠷᠬᠡ ᠣᠯᠭᠤᠯᠲᠠ ᠶᠢ ᠭᠥᠷᠳᠡᠵᠦ᠂ ᠰᠠᠭᠠᠯᠢ ᠶᠢᠨ ᠦᠨᠢᠶᠡᠨ ᠤ ᠲᠤᠭ᠎ᠠ | 1.35 ᠲᠦᠮᠡ ᠳᠤ ᠬᠦᠷᠴᠦ᠂ ᠵᠢᠯ ᠤᠨ ᠰᠦᠨ ᠤ ᠭᠠᠷᠤᠯᠲᠠ 20% ᠪᠠᠷ ᠨᠡᠮᠡᠭᠳᠡᠪᠡ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠩᠬᠠᠳᠠᠭᠴᠢ ᠤᠷᠢᠳᠴᠢᠯᠠᠨ ᠪᠡᠯᠡᠳᠬᠡᠭᠰᠡᠨ ᠨᠣᠭᠤᠭᠠᠨ ᠤ ᠠᠵᠤ | ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠳ᠋ᠠ ᠵᠤᠸᠠᠩ ᠶᠤᠸᠠᠨ ᠤ ᠭᠤᠣᠯ ᠲᠣᠭᠤᠭᠠᠨ ᠭᠡᠷ᠂ ᠳᠡᠭᠵᠢᠨ | ᠬᠤᠷᠠᠭ᠎ᠠ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠤᠷᠤᠭᠰᠢᠲᠠᠢ ᠠᠬᠢᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠨᠣᠷᠮ᠎ᠠ 75% ᠳᠤ ᠬᠥᠷᠪᠡ᠃ | ᠠᠮᠤ ᠪᠤᠳᠠᠭᠠᠨ ᠤ ᠠᠮᠤᠷ ᠲᠦᠪᠰᠢᠨ ᠢ ᠬᠦᠴᠦᠲᠡᠢ ᠪᠠᠳᠤᠯᠠᠵᠦ᠂ 150 ᠮᠤ᠋ ᠲᠦᠬᠦᠭᠡᠷᠦᠮᠵᠢᠲᠦ ᠲᠠᠷᠢᠶᠠᠯᠠᠩ ᠢ | ᠰᠢᠨ᠎ᠡ ᠪᠠᠷ ᠨᠡᠮᠡᠭᠳᠡᠭᠦᠯᠪᠡ᠃ ᠪᠠᠶᠠᠨᠰᠢᠯᠢ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠵᠦ ᠡᠳ᠋ᠰᠢᠭᠦᠯᠬᠦ | ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠪᠠᠶᠢᠭᠤᠯᠵᠦ ᠠᠰᠢᠭᠯᠠᠯᠲᠠ ᠳᠤ ᠣᠷᠣᠭᠤᠯᠵᠤ᠂ ᠤᠯᠤᠰ ᠤᠨ | ᠲᠣᠭᠠᠴᠢᠯᠠᠭᠰᠠᠨ ᠲᠠᠷᠢᠮᠠᠯ ᠤᠨ ᠦᠢᠯᠡᠰ᠂ ᠬᠤᠩ ᠶᠤᠸᠠᠨ ᠲᠣᠭᠲᠠᠮᠠᠯ ᠳᠤᠯᠠᠭᠠᠨ ᠤ ᠬᠠᠳᠠᠭᠠᠯᠠᠮᠵᠢ ᠶᠢᠨ | ᠬᠥᠮᠥᠷᠭᠡ ᠶᠢᠨ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠪᠠ᠃ ︽ᠰᠢᠯᠢ ᠶᠢᠨ ᠲᠥᠮᠥᠰᠥ︾ ᠨᠢ ᠪᠦᠬᠦ | ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠪᠡ᠃ | ᠪᠥᠬᠦ ᠬᠤᠲᠠ ᠶᠢᠨ ᠵᠢᠯ ᠤᠨ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 30 ᠳᠤ ᠬᠦᠷᠴᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠭᠠᠵᠠᠷ | ᠣᠷᠣᠨ ᠤ ᠦᠢᠯᠡᠳᠪᠦᠷᠢᠯᠡᠯ ᠤᠨ ᠶᠠᠷᠦᠩᠭᠡᠢ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠨᠢ 45.8% ᠳᠤ | ᠬᠥᠷᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠦᠴᠦᠲᠡᠢ ᠠᠬᠢᠭᠤᠯᠵᠤ᠂ ᠪᠦᠬᠦ ᠤᠯᠤᠰ ᠤᠨ | ᠳᠠᠩ ᠴᠣᠭᠴᠠᠲᠤ ᠮᠠᠰᠢᠨ ᠴᠣᠭᠴᠠᠯᠠᠪᠤᠷᠢ ᠶᠢᠨ ᠭᠡᠪᠴᠢᠶ᠎ᠠ ᠪᠠᠷ ᠬᠠᠮᠤᠭ ᠤᠨ ᠳᠤᠮᠤ ᠢᠯᠡᠯᠳᠡ ᠡᠨᠧᠷᠭᠢ ᠶᠢᠨ ᠵᠠᠳᠠᠭᠠᠢ | ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠭᠡᠷᠡᠯ ᠴᠡᠨᠡᠭ ᠤᠨ ᠴᠠᠬᠢᠯᠭᠠᠨ ᠦᠷᠳᠡᠭᠡ᠂ ᠲᠠᠢ ᠹᠦ᠋ | 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ 8 ᠰᠢᠨ᠎ᠡ ᠡᠨᠧᠷᠭᠢ ᠶᠢᠨ ᠰᠤᠷᠪᠤᠯᠵᠢ ᠶᠢᠨ | ᠳᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠬᠠᠩᠭᠠᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠴᠣᠭᠴᠠᠯᠠᠪᠤᠷᠢ ᠶᠢ 119 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ ᠢᠯᠡᠯᠳᠡ ᠠᠴᠠ ᠵᠠᠩᠪᠧᠢ ᠬᠦᠷᠬᠦ | ᠣᠨᠴᠠ ᠥᠨᠳᠥᠷ ᠬᠦᠴᠦᠳᠡᠯᠲᠦ ᠴᠠᠬᠢᠯᠭᠠᠨ ᠢ ᠬᠦᠷᠭᠡᠬᠦ ᠱᠣᠭᠤᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠵᠢᠩᠬᠢᠨᠢ ᠪᠠᠷ | ᠨᠠᠶᠢᠳᠠᠪᠤᠷᠢᠵᠢᠭᠤᠯᠤᠨ᠂ 100 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠬᠦᠷᠭᠡᠬᠦ ᠢᠨᠵᠧᠨᠧᠷᠢᠩ ᠢ ᠪᠥᠬᠦ | ᠱᠤᠭᠤᠮ ᠢᠶᠠᠷ ᠨᠠᠪᠲᠠᠷᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠶᠢᠨ | ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠬᠦᠷᠭᠡᠬᠦ ᠢᠨᠵᠧᠨᠧᠷᠢᠩ ᠤᠨ ᠰᠢᠯᠢ ᠶᠢᠨ ᠬᠤᠲᠠ ᠶᠢᠨ ᠬᠡᠰᠡᠭ ᠤᠨ | ᠠᠵᠢᠯ ᠢ ᠤᠷᠤᠭᠰᠢᠲᠠᠢ ᠪᠡᠶᠡᠯᠡᠬᠦᠯᠵᠦ᠂ ᠲᠠᠢ ᠹᠦ᠋ ᠪᠥᠬᠦ ᠤᠯᠤᠰ ᠤᠨ ᠠᠩᠬᠠᠳᠠᠭᠴᠢ ᠮᠤᠵᠢ ᠠᠯᠤᠰᠯᠠᠭᠰᠠᠨ ᠣᠨᠴᠠ | ᠥᠨᠳᠥᠷ ᠬᠦᠴᠦᠳᠡᠯ ᠢᠶᠠᠷ ᠭᠠᠳᠠᠭᠰᠢ ᠬᠦᠷᠭᠡᠵᠦ ᠬᠠᠮᠲᠤ ᠪᠠᠷ ᠡᠳ᠋ᠯᠡᠬᠦ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠶᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠶᠤᠸᠠᠨ ᠳ᠋ᠦᠩ ᠰᠢᠨ᠎ᠡ ᠡᠨᠧᠷᠭᠢ᠂ ᠶᠤᠸᠠᠨ ᠵᠢᠩ | ᠡᠨᠧᠷᠭᠢ ᠶᠢᠨ ᠺᠣᠮᠫᠠᠨᠢ ᠶᠢᠨ ᠭᠡᠪᠴᠢᠶᠡᠵᠢᠯ ᠢ ᠳᠡᠭᠡᠭᠰᠢᠯᠡᠬᠦᠯᠵᠦ ᠲᠤᠭ᠎ᠠ ᠪᠦᠷᠢᠳᠬᠡᠯ ᠤᠨ ᠰᠢᠰᠲ᠋ᠧᠮ ᠳᠤ ᠣᠷᠣᠭᠤᠯᠬᠤ | ᠶᠢ ᠪᠡᠶᠡᠯᠡᠭᠦᠯᠵᠦ᠂ ᠪᠥᠬᠦ ᠠᠶᠢᠮᠠᠭ ᠤᠨ ᠡᠨᠧᠷᠭᠢ ᠨᠥᠭᠡᠴᠡᠯᠡᠬᠦ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ | ᠬᠤᠭᠤᠰᠤᠨ ᠢ ᠨᠥᠬᠦᠪᠦᠷᠢᠯᠡᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠤᠶᠤᠨᠴᠢᠯᠠᠭᠰᠠᠨ ᠡᠵᠡᠩᠨᠡᠯᠳᠡ | ᠠᠷᠠᠴᠢᠯᠠᠯᠲᠠ ᠶᠢᠨ 4 ᠺᠣᠮᠫᠠᠨᠢ ᠠᠮᠵᠢᠯᠲᠠ ᠲᠠᠢ ᠪᠠᠷ ᠰᠠᠭᠤᠷᠢᠰᠢᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ | ᠡᠵᠡᠩᠨᠡᠬᠦ ᠠᠷᠠᠴᠢᠯᠠᠬᠤ ᠰᠡᠯᠪᠢᠨ ᠵᠠᠰᠠᠬᠤ ᠠᠵᠤ ᠦᠢᠯᠡᠰ ᠤᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃ | ᠲᠣᠨᠣᠭᠯᠠᠯ ᠦᠢᠯᠡᠳᠬᠦ ᠦᠢᠯᠡᠰ ᠲᠣᠭᠲᠠᠭᠤᠨ ᠢᠶᠠᠷ ᠬᠥᠭᠵᠢᠵᠦ᠂ ᠪᠦᠬᠦ ᠬᠤᠳᠠ ᠶᠢᠨ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠪᠦᠬᠦᠯᠢ ᠮᠠᠰᠢᠨ ᠤ ᠦᠢᠯᠡᠳᠪᠦᠷᠢᠯᠡᠯ 34 ᠳ᠋ᠦᠩᠰᠢᠭᠤᠷ ᠲᠥᠭᠦᠷᠢᠭ ᠤᠨ ᠦᠢᠯᠡᠳᠬᠦᠨ ᠤ | ᠦᠷᠳᠡᠭ ᠢ ᠪᠡᠶᠡᠯᠡᠭᠦᠯᠵᠦ᠂ ᠵᠦᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ | ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠴᠧᠨ ᠹᠧᠢ ᠬᠠᠶᠠᠭᠳᠠᠮᠠᠯ ᠬᠠᠭᠤᠴᠢᠨ ᠰᠠᠩᠰᠠ | ᠶᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠲᠦᠷᠦᠯ ᠵᠦᠢᠯ ᠢ ᠲᠤᠷᠰᠢᠨ ᠠᠵᠢᠯᠯᠠᠭᠤᠯᠵᠤ᠂ 8 ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠤᠨ ᠦᠢᠯᠡᠳᠬᠦᠨ ᠤ ᠰᠢᠯᠢᠳᠡᠭ ᠨᠡᠷᠡᠰ ᠤᠨ | ᠵᠢᠭᠰᠠᠭᠠᠯᠲᠠ ᠳᠤ ᠣᠷᠣᠵᠤ᠂ ᠮᠢᠩ ᠶᠠᠩ 11 ᠰᠠᠶ᠎ᠠ ᠸᠠᠲ ᠤᠨ ᠪᠦᠬᠦ ᠪᠥᠮᠪᠥᠷᠴᠡᠭ ᠤᠨ ᠡᠬᠡ ᠬᠠᠭᠤᠷᠠᠢ ᠳᠡᠭᠡᠷᠡᠬᠢ | ᠬᠠᠮᠤᠭ ᠤᠨ ᠲᠣᠮᠣ ᠰᠠᠩᠰᠠᠳᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | ᠦᠢᠯᠡᠳᠪᠤᠷᠢᠯᠡᠪᠡ᠃ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠲᠣᠭᠲᠠᠭᠤᠨ ᠪᠠᠶᠢᠵᠤ᠂ ᠪᠦᠬᠦ | ᠤᠯᠤᠰ ᠤᠨ ᠠᠩᠬᠠᠳᠠᠭᠴᠢ ᠳᠣᠣᠷ᠎ᠠ ᠳᠠᠰ ᠤᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠠᠢ ᠰᠠᠪᠠ ᠪᠣᠯᠬᠤ | ᠵᠢᠷᠭᠠᠯᠠᠩᠲᠦ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠡᠳᠦᠷ ᠤᠨ ᠭᠠᠷᠤᠯᠲᠠ 1 ᠲᠦᠮᠡᠨ ᠪᠣᠰᠤᠭ᠎ᠠ ᠳᠥᠷᠪᠡᠯᠵᠢᠨ | ᠮᠧᠲᠷ ᠢ ᠳᠠᠪᠠᠵᠦ᠂ ᠳ᠋ᠠ ᠲᠠᠩ ᠨᠡᠭᠦᠷᠡᠰᠦᠨ ᠠᠭᠤᠷᠬᠠᠢ ᠶᠢᠨ ᠠᠵᠢᠯ ᠰᠡᠷᠭᠦᠭᠡᠵᠦ ᠦᠢᠯᠡᠳᠪᠦᠷᠢᠯᠡᠯ ᠰᠡᠷᠭᠦᠭᠡᠬᠦ ᠠᠵᠢᠯ | ᠪᠣᠳᠠᠲᠠᠢ ᠠᠬᠢᠴᠠ ᠲᠠᠢ ᠪᠣᠯᠵᠤ᠂ ᠪᠦᠬᠦ ᠵᠢᠯ ᠤᠨ ᠨᠡᠭᠦᠷᠡᠰᠦᠨ ᠤ ᠭᠠᠷᠤᠯᠲᠠ 5100 ᠲᠦᠮᠡᠨ ᠲᠣᠨ᠂ ᠲᠦᠭᠦᠬᠡᠢ | ᠴᠢᠯᠠᠭᠤᠨ ᠲᠤᠰᠤᠨ ᠤ ᠭᠠᠷᠤᠯᠲᠠ 62 ᠲᠦᠮᠡᠨ ᠲᠣᠨ᠂ ᠴᠠᠬᠢᠯᠭᠠᠨ ᠭᠠᠷᠭᠠᠬᠤ ᠬᠡᠮᠵᠢᠶ᠎ᠡ 304 ᠳ᠋ᠦᠩᠰᠢᠭᠤᠷ | ᠭᠷᠡᠳᠦ᠋ᠰ ᠲᠤ ᠬᠦᠷᠴᠦ᠂ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠪᠡ᠃ ᠨᠡᠭᠡᠭᠡᠯᠲᠡ ᠶᠢᠨ ᠤᠷᠤᠨ ᠤ ᠵᠡᠷᠭᠡ ᠳᠡᠰ | ᠪᠤᠯᠤᠨ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠵᠦ᠂ 1.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠂ 8 ᠵᠦᠢᠯ ᠤᠨ ᠰᠠᠭᠤᠷᠢ ᠶᠢ ᠪᠠᠬᠢᠵᠢᠬᠦᠯᠬᠦ ᠢᠨᠵᠧᠨᠧᠷᠢᠩ ᠶᠢ ᠬᠦᠢᠴᠡᠳᠭᠡᠵᠦ᠂ | ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠤᠶᠢᠲᠤ ᠲᠣᠭᠤᠷᠢᠭ ᠤᠨ | ᠭᠠᠵᠠᠷ ᠰᠢᠷᠣᠢ ᠶᠢ ᠨᠡᠭᠡᠭᠡᠨ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠨ᠂ ᠮᠢᠩ ᠶᠠᠩ ᠵᠠᠮ ᠢ | ᠥᠭᠡᠷᠡᠴᠢᠯᠡᠨ ᠳᠡᠰ ᠳᠡᠭᠡᠭᠰᠢᠯᠡᠭᠦᠯᠬᠦ ᠠᠵᠢᠯ ᠢ ᠲᠣᠭᠲᠠᠭᠤᠨ ᠢᠶᠠᠷ ᠠᠬᠢᠭᠤᠯᠵᠤ᠂ ᠰᠧᠨ ᠯᠠᠩ ᠳᠡᠭᠡᠳᠤ ᠳᠡᠰ ᠤᠨ | ᠪᠣᠭᠤᠳᠠᠯᠯᠠᠬᠤ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ 391 ᠮᠦ | ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠶᠢ ᠪᠡᠶᠡᠯᠡᠭᠦᠯᠪᠡ᠃ ᠳᠡᠭᠡᠳᠦ ᠱᠠᠲᠤᠨ ᠤ 2610 ᠲᠦᠮᠡᠨ | ᠲᠥᠭᠦᠷᠢᠭ ᠤᠨ ᠪᠡᠯᠡ ᠮᠥᠩᠭᠦ ᠶᠢ ᠡᠷᠡᠮᠡᠯᠵᠡᠨ ᠤᠯᠵᠦ᠂ ᠬᠦᠷᠢᠶᠡᠯᠡᠩ ᠲᠣᠭᠤᠷᠢᠭ ᠤᠨ ᠲᠦᠷᠭᠡᠨ ᠬᠥᠭᠵᠢᠯᠲᠡ ᠶᠢ | ᠬᠦᠴᠦᠲᠡᠢ ᠪᠠᠲᠤᠯᠠᠪᠠ᠃ ᠵᠢᠱᠢᠯᠲᠡ ᠪᠠᠷ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠤᠨ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠶᠢ ᠲᠣᠰ ᠲᠣᠰ 242 ᠳ᠋ᠦᠩᠰᠢᠭᠤᠷ ᠲᠥᠭᠦᠷᠢᠭ᠂ | 13.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ 148.2 | ᠲᠦᠮᠡᠨ ᠲᠥᠭᠦᠷᠢᠭ ᠲᠤ ᠬᠦᠷᠬᠦ ᠪᠣᠯᠣᠨ᠎ᠠ᠃ | ᠦᠢᠯᠡᠴᠢᠯᠡᠭᠡᠨ ᠤ ᠦᠢᠯᠡᠰ ᠢ ᠯᠠᠪᠳᠠᠭᠤᠨ ᠢᠶᠠᠷ ᠬᠦᠭᠵᠢᠬᠦᠯᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ | ᠰᠠᠶᠢᠵᠢᠷᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 101.9 | ᠳ᠋ᠦᠩᠰᠢᠭᠤᠷ ᠲᠥᠭᠦᠷᠢᠭ ᠲᠤ ᠬᠦᠷᠴᠡᠢ᠃ 1500 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ | ᠲᠠᠷᠬᠠᠭᠠᠵᠤ᠂ 2.55 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ 230 ᠲᠠᠯᠠᠪᠤᠷ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 4.52 ᠳ᠋ᠦᠩᠰᠢᠭᠤᠷ | ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ 5 ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡᠨ ᠤ | ᠦᠢᠯᠡᠰ ᠤᠨ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ 5.3 ᠳ᠋ᠦᠩᠰᠢᠭᠤᠷ ᠲᠥᠭᠦᠷᠢᠭ ᠬᠦᠷᠴᠦ᠂ 26% ᠪᠠᠷ | ᠨᠡᠮᠡᠭᠳᠡᠪᠡ᠃ ᠠᠳᠣᠭᠤᠨ ᠰᠣᠶᠣᠯ ᠤᠨ ᠲᠦᠪ ᠤᠨ ᠰᠥᠨᠢ ᠶᠢᠨ ᠬᠤᠲᠠ ᠶᠢ ᠥᠪᠡᠷᠲᠡᠭᠡᠨ ᠵᠠᠰᠠᠬᠤ ᠣᠷᠣᠨ ᠤ | ᠳᠡᠰ ᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ ᠪᠣᠯᠭᠠᠨ ᠪᠠᠶᠢᠭᠤᠯᠵᠤ᠂ | ᠪᠦᠬᠦ ᠠᠶᠢᠮᠠᠭ ᠤᠨ ᠰᠢᠩ ᠪᠠ ᠺᠧ ᠺᠤᠹᠧ ᠶᠢᠨ ᠠᠩᠬᠠᠨ ᠤ ᠳᠡᠯᠭᠡᠭᠦᠷ ᠠᠮᠵᠢᠯᠲᠠ ᠲᠠᠢ ᠣᠷᠣᠵᠣ ᠰᠠᠭᠤᠷᠢᠰᠢᠪᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠰᠦᠯᠵᠢᠶ᠎ᠡ ᠪᠠᠷ | ᠵᠢᠵᠢᠭᠯᠡᠨ ᠬᠤᠳᠠᠯᠳᠤᠭᠰᠠᠨ ᠬᠡᠮᠵᠢᠶ᠎ᠡ 11.6 ᠳ᠋ᠦᠩᠰᠢᠭᠤᠷ ᠲᠥᠭᠦᠷᠢᠭ ᠲᠤ ᠬᠦᠷᠴᠦ᠂ 26% ᠪᠠᠷ ᠨᠡᠮᠡᠭᠳᠡᠪᠡ᠃ | ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ᠂ ᠡᠷᠭᠢᠯᠲᠡ ᠶᠢᠨ ᠬᠡᠮᠵᠢᠶ᠎ᠡ ᠲᠤᠰ ᠲᠤᠰ 50.9 %᠂ 48.5 % ᠪᠠᠷ ᠨᠡᠮᠡᠭᠳᠡᠪᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 22 %᠂ | 13 % ᠪᠠᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠦᠢᠯᠡᠰ ᠤᠨ ᠰᠠᠶᠢᠵᠢᠷᠠᠯᠲᠠ ᠶᠢ ᠲᠦᠷᠭᠡᠳᠬᠡᠵᠦ᠂ ᠮᠠᠰᠢᠨ | ᠲᠡᠷᠭᠡᠨ ᠤ ᠲᠠᠮᠢᠷ ᠤᠨ ᠬᠦᠳᠡᠯᠭᠡᠭᠡᠨ ᠤ ᠴᠡᠴᠡᠷᠯᠢᠭ᠂ ᠨᠠᠭᠠᠳᠤᠮ ᠬᠦᠷᠢᠶᠡᠯᠡᠩ᠂ ᠭᠠᠯᠲᠤ ᠠᠭᠤᠯᠠ ᠶᠢᠨ ᠪᠠᠭᠤᠳᠠᠯ | ᠵᠡᠷᠭᠡ ᠨᠢᠭᠡ ᠪᠦᠯᠦᠭ ᠣᠨᠴᠠᠯᠢᠭ ᠢᠯᠡᠷᠬᠡᠢ ᠦᠷᠢᠰᠦᠯᠳᠦᠭᠡᠨ ᠢᠶᠠᠷ ᠴᠢᠩᠭ᠎ᠠ ᠵᠢᠭᠤᠯᠴᠢᠯᠠᠯ ᠤᠨ ᠲᠦᠷᠦᠯ ᠵᠦᠢᠯ ᠢ | ᠲᠣᠭᠲᠠᠭᠤᠨ ᠢᠶᠠᠷ ᠠᠬᠢᠭᠤᠯᠵᠣ ᠵᠢᠭᠤᠯᠴᠢᠯᠠᠯ ᠤᠨ ᠦᠢᠯᠡᠰ ᠤᠨ ᠦᠨᠳᠦᠷ ᠴᠢᠨᠠᠷᠵᠢᠯ ᠲᠠᠢ ᠬᠦᠭᠵᠢᠯ ᠳᠤ | ᠲᠣᠯᠭᠠᠭᠤᠷᠢᠯ ᠬᠦᠴᠦᠨ ᠬᠠᠩᠭᠠᠪᠠ᠃ ︽ᠠᠮᠢᠳᠤᠷᠠᠯ ᠰᠠᠶᠢᠨ ᠪᠠᠶᠢᠨ᠎ᠠ ᠦᠦ︾ ᠵᠡᠷᠭᠡ ᠲᠥᠪ ᠲᠧᠯᠸᠢᠰ ᠤᠨ 3 | ᠨᠠᠷᠠᠲᠤ ᠫᠷᠣᠭ᠍ᠷᠠᠮ ᠢ ᠮᠠᠨ ᠤ ᠬᠤᠲᠠ ᠳᠤ ᠰᠢᠩᠭᠡᠬᠡᠨ ᠦᠢᠯᠡᠳᠴᠦ᠂ ᠵᠢᠭᠤᠯᠴᠢᠯᠠᠯ ᠤᠨ ᠦᠢᠯᠡᠰ ᠤᠨ ᠨᠡᠷ᠎ᠡ ᠠᠯᠳᠠᠷᠰᠢᠯ | ᠲᠠᠰᠤᠷᠠᠯᠲᠠ ᠦᠭᠡᠢ ᠳᠡᠭᠡᠭᠰᠢᠯᠡᠪᠡ᠃ ︽ᠰᠢᠯᠢ ᠶᠢᠨ ᠰᠠᠶᠢᠨ ᠪᠡᠯᠡᠭ︾ ᠨᠢ ᠳᠤᠮᠳᠠᠳᠤ ᠤᠯᠤᠰ ᠤᠨ ᠣᠨᠴᠠᠯᠢᠬᠳᠤ | ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠭᠠᠤᠯᠢᠨ ᠱᠠᠩᠨᠠᠯ ᠢ ᠬᠦᠷᠲᠡᠵᠦ᠂ 5 ᠠᠵᠤ ᠠᠬᠤᠶᠢᠯᠠᠯ ︽ᠥᠪᠥᠷ | ᠮᠣᠩᠭᠤᠯ ᠤᠨ ᠦᠨᠦᠷ ᠠᠮᠳᠠ︾ ᠶᠢᠨ ᠬᠠᠮᠤᠭ ᠳᠡᠷᠢᠬᠦᠨ ᠤ ᠡᠷᠬᠡ ᠣᠯᠭᠤᠯᠲᠠ ᠶᠢ ᠬᠦᠷᠲᠡᠵᠦ᠂ ︽ᠭᠤᠣᠯ | ᠰᠡᠳᠦᠪᠲᠦ ᠵᠢᠭᠤᠯᠴᠢᠯᠠᠯ︾ ᠤᠨ 4 ᠰᠤᠳᠤᠨ ᠱᠤᠭᠤᠮ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ 33 | ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠣᠶᠤᠲᠠᠳ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠮᠣᠩᠭᠤᠯ | ᠮᠣᠷᠢᠨ ᠤ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠵᠡᠷᠭᠡ 82 ᠳᠠᠯᠠᠪᠠᠢ ᠤᠷᠤᠯᠳᠤᠭᠠᠨ ᠢ | ᠠᠮᠵᠢᠯᠲᠠ ᠲᠠᠢ ᠡᠷᠬᠢᠯᠡᠪᠡ᠃ ᠪᠦᠬᠦ ᠵᠢᠯ ᠳᠤ ᠬᠦᠯᠢᠶᠡᠨ ᠠᠪᠤᠭᠰᠠᠨ ᠵᠢᠭᠤᠯᠴᠢᠯᠠᠭᠰᠠᠳ ᠤᠨ ᠲᠤᠭ᠎ᠠ 388 ᠲᠦᠮᠡᠨ | ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 20.8 ᠳ᠋ᠦᠩᠰᠢᠭᠤᠷ ᠲᠥᠭᠦᠷᠢᠭ ᠲᠤ ᠬᠦᠷᠴᠦ᠂ | ᠬᠥᠮᠥᠨ ᠤᠳᠠᠭ᠎ᠠ ᠶᠢᠨ ᠲᠤᠭ᠎ᠠ 2019 ᠣᠨ ᠤ ᠬᠢᠵᠢᠭ ᠠᠴᠠ ᠡᠮᠦᠨᠡᠬᠢ ᠶᠢᠨ ᠲᠦᠪᠰᠢᠨ ᠢ ᠳᠠᠪᠠᠵᠠᠢ᠃ | ᠨᠢᠭᠡ ᠵᠢᠯ ᠤᠨ ᠲᠤᠷᠰᠢ᠂ ᠪᠢᠳᠡ ᠬᠠᠮᠵᠢᠯᠴᠠᠨ ᠬᠦᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠪᠠ᠃ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠨ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠬᠤᠲᠠ ᠶᠢᠨ ᠡᠵᠡᠮᠳᠡᠯ ᠤᠨ ᠴᠢᠨᠠᠷᠲᠠᠢ ᠨᠠᠷᠢᠨ ᠲᠣᠭᠲᠠᠭᠠᠯ᠂ ᠰᠤᠮᠤ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠪᠠ᠃ ᠰᠠᠭᠤᠷᠢ ᠲᠦᠬᠦᠭᠡᠷᠦᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ 3.94 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠯᠴᠢᠨ ᠬᠥᠭᠦᠷᠭᠡ ᠶᠢ | ᠥᠷᠭᠡᠳᠬᠡᠬᠦ᠂ ᠡᠷᠳᠡᠨᠢ ᠵᠠᠮ ᠢ ᠶᠡᠷᠦᠩᠬᠡᠶᠢᠯᠡᠨ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ 16 ᠲᠥᠷᠥᠯ | ᠵᠦᠢᠯ ᠢ ᠪᠡᠶᠡᠯᠡᠭᠦᠯᠪᠡ᠃ ᠰᠢᠨ᠎ᠡ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠲᠤᠷᠰᠢᠨ | ᠠᠵᠢᠯᠯᠠᠭᠤᠯᠵᠤ᠂ ᠬᠤᠶᠠᠳᠤᠭᠠᠷ ᠤᠰᠤᠨ ᠤ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠨ ᠳᠡᠰ ᠳᠡᠪᠰᠢᠬᠦᠯᠬᠦ | ᠠᠵᠢᠯ ᠢ ᠪᠥᠬᠦ ᠲᠠᠯ᠎ᠠ ᠪᠠᠷ ᠳᠠᠭᠤᠰᠬᠠᠵᠤ᠂ ᠪᠠᠶᠠᠨᠪᠤᠯᠠᠭ ᠤᠨ ᠤᠰᠤᠨ ᠰᠤᠷᠪᠤᠯᠵᠢ ᠶᠢᠨ ᠤᠷᠤᠨ ᠤ ᠤᠰᠤ ᠬᠠᠩᠭᠠᠬᠤ | ᠢᠨᠵᠧᠨᠧᠷᠢᠩ ᠢ ᠡᠬᠢᠯᠡᠨ ᠪᠠᠶᠢᠭᠤᠯᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ︽ᠭᠤᠷᠪᠠᠨ ᠤᠰᠤ︾ ᠶᠢᠨ | ᠬᠤᠭᠤᠯᠠᠢ ᠲᠣᠣᠷ 12 ᠺᠢᠯᠣᠮᠧᠲᠷ ᠪᠠᠶᠢᠨ᠎ᠠ᠃ ᠰᠢᠩᠭᠡᠨᠵᠢᠮᠡᠯ ᠬᠡᠢ ᠶᠢᠨ ᠦᠷᠳᠡᠭᠡ ᠶᠢᠨ ᠲᠥᠷᠥᠯ ᠵᠦᠢᠯ ᠢ ᠡᠬᠢᠯᠡᠨ | ᠬᠡᠷᠡᠭᠵᠢᠭᠦᠯᠵᠦ᠂ ᠬᠤᠸᠠ ᠭᠠᠩ ᠰᠢᠲᠠᠮᠠᠬᠠᠢ ᠬᠡᠢ ᠶᠢᠨ ᠲᠥᠷᠥᠯ ᠵᠦᠢᠯ ᠢ ᠤᠷᠤᠭᠰᠢᠲᠠᠢ ᠠᠬᠢᠭᠤᠯᠵᠤ᠂ ᠰᠢᠲᠠᠮᠠᠬᠠᠢ | ᠬᠡᠢ ᠶᠢᠨ ᠲᠦᠭᠡᠮᠡᠯᠵᠢᠭᠦᠯᠦᠯᠲᠡ ᠶᠢᠨ ᠨᠤᠷᠮ᠎ᠠ 45% ᠳᠤ ᠬᠦᠷᠪᠡ᠃ 4000 ᠲᠦᠮᠡᠨ ᠲᠥᠭᠦᠷᠢᠭ ᠤᠨ ᠪᠡᠯᠡ | ᠣᠷᠣᠭᠤᠯᠵᠤ᠂ 11.3 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ | 22 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 1584 ᠡᠷᠦᠬᠡ | ᠠᠰᠢᠭ ᠬᠦᠷᠲᠡᠪᠡ᠃ 2 ᠪᠢᠴᠢᠯ ᠬᠡᠯᠪᠡᠷᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 4708 ᠲᠡᠭᠰᠢ | ᠳᠥᠷᠪᠡᠯᠵᠢᠨ ᠮᠧᠲᠷ ᠨᠤᠭᠤᠭᠠᠷᠠᠭᠤᠯᠤᠯᠲᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠬᠤᠲᠠ ᠶᠢᠨ ᠲᠣᠭᠤᠷᠢᠭ ᠤᠨ | ᠴᠡᠴᠡᠷᠯᠢᠭ ᠤᠨ ᠨᠤᠭᠤᠭᠠᠷᠠᠭᠤᠯᠤᠯᠲᠠ ᠶᠢᠨ ᠭᠠᠵᠠᠷ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠨᠢ ᠪᠥᠬᠦ | ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 23 ᠵᠠᠭᠤᠨ ᠤ ᠨᠢᠭᠡᠴᠢ ᠳᠠᠪᠠᠪᠠ᠃ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠣᠶᠤᠨᠲᠤ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠤᠨ ᠰᠦᠯᠵᠢᠶᠡᠨ ᠳᠤ ᠭᠠᠷᠭᠠᠵᠦ᠂ ︽ᠬᠤᠳᠠ ᠶᠢᠨ ᠶᠡᠭᠡ | ᠲᠠᠷᠢᠬᠢ︾ ᠶᠢᠨ ᠰᠠᠭᠤᠷᠢ ᠠᠵᠢᠯ ᠢ ᠪᠠᠶᠢᠭᠤᠯᠵᠤ᠂ ᠣᠶᠤᠨᠲᠤ ᠵᠠᠮ ᠬᠠᠷᠢᠯᠴᠠᠭᠠᠨ ᠤ ᠳᠦᠷᠦᠯ ᠵᠦᠢᠯ ᠢ ᠪᠠᠶᠢᠭᠤᠯᠤᠨ | ᠪᠦᠲᠦᠭᠡᠵᠦ ᠠᠰᠢᠭᠯᠠᠯᠲᠠ ᠳᠤ ᠣᠷᠣᠭᠤᠯᠵᠤ᠂ 1.8 ᠲᠦᠮᠡᠨ ᠲᠡᠷᠭᠡ ᠵᠣᠭᠰᠣᠬᠤ ᠪᠠᠶᠢᠷᠢ ᠶᠢ ᠲᠣᠭᠲᠠᠭᠠᠵᠤ᠂ 13 | ᠭᠤᠣᠯ ᠵᠠᠮ ᠤᠨ ᠠᠭᠤᠯᠵᠠᠷ ᠲᠤ ᠣᠶᠤᠨᠲᠤ ᠬᠠᠮᠢᠶᠠᠷᠤᠯᠲᠠ ᠶᠢ ᠪᠡᠶᠡᠯᠡᠭᠦᠯᠪᠡ᠃ ᠪᠠᠷᠢᠯᠭ᠎ᠠ ᠶᠢᠨ ᠬᠤᠭ ᠨᠣᠪᠰᠢ ᠶᠢ | ᠠᠷᠢᠯᠭᠠᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ | ᠭᠠᠷᠭᠠᠬᠤ ᠲᠥᠷᠥᠯ ᠵᠦᠢᠯ ᠢ ᠲᠦᠷᠭᠡᠳᠭᠡᠨ ᠪᠠᠶᠢᠭᠤᠯᠪᠠ᠃ 3200 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠨᠢᠭᠡ ᠪᠦᠯᠦᠭ ᠲᠣᠮᠣ ᠬᠡᠯᠪᠡᠷᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠮᠠᠰᠢᠨ ᠲᠥᠬᠦᠭᠡᠷᠦᠮᠵᠢ ᠶᠢ | ᠰᠢᠨᠡᠳᠬᠡᠵᠦ᠂ ᠵᠠᠮ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ 75% ᠬᠦᠷᠴᠦ᠂ ᠴᠠᠰᠤ ᠶᠢ ᠴᠡᠪᠡᠷᠯᠡᠵᠦ | ᠮᠥᠰᠥ ᠶᠢ ᠠᠷᠢᠯᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠪᠡ᠃ ︽ᠢᠨᠲ᠋ᠧᠷ ᠰᠦᠯᠵᠢᠶ᠎ᠡ + ᠢᠯᠠ ᠲᠣᠭᠤᠭᠠᠨ ᠭᠡᠷ︾ ᠤᠨ ᠢᠨᠵᠧᠨᠧᠷᠢᠩ ᠢ ᠡᠮᠬᠢ ᠵᠢᠷᠦᠮ ᠲᠠᠢ | ᠠᠬᠢᠭᠤᠯᠵᠣ ᠪᠦᠷᠬᠦᠴᠡ ᠶᠢᠨ ᠨᠤᠷᠮ᠎ᠠ 56% ᠳᠤ ᠬᠦᠷᠴᠡᠢ᠃ ᠠᠳᠠᠯ ᠠᠬᠤᠢ ᠶᠢᠨ ᠬᠠᠮᠢᠶᠠᠷᠣᠯᠲᠠ ᠶᠢ | ᠴᠢᠩᠭᠠᠳᠬᠠᠨ ᠰᠠᠭᠤᠭᠠᠯᠢ ᠠᠷᠠᠳ ᠤᠨ ᠲᠣᠭᠤᠷᠢᠭ ᠤᠨ ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ | ᠪᠦᠷᠬᠦᠴᠡ 70% ᠬᠦᠷᠪᠠ᠃ 5 ᠠᠷᠠᠳ ᠲᠤ ᠲᠥᠬᠦᠮ ᠦᠵᠡᠭᠦᠯᠬᠦ ᠵᠢᠭᠠᠨ ᠵᠢᠯᠤᠭᠤᠳᠬᠤ ᠴᠡᠭ ᠢ ᠰᠢᠨ᠎ᠡ ᠪᠠᠷ | ᠪᠠᠶᠢᠭᠤᠯᠵᠤ᠂ 5 ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠤᠨ ᠲᠣᠭᠤᠷᠢᠭ ᠢ | ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠠᠩ ᠲᠠᠭᠠᠯᠠᠮᠵᠢᠲᠠᠢ ᠪᠣᠯᠭᠠᠪᠠ᠃ ᠬᠤᠲᠠ ᠶᠢᠨ ᠳᠠᠭᠠᠭᠠᠴᠠ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠤᠨ ᠰᠢᠯᠤᠭᠤᠨ ᠬᠥᠬᠡ ᠬᠤᠰᠢᠭᠤ ᠠᠴᠠ ᠰᠢᠯᠢ ᠶᠢᠨ ᠬᠤᠲᠠ ᠬᠦᠷᠬᠦ ᠬᠡᠰᠡᠭ ᠤᠨ ᠴᠠᠬᠢᠯᠭᠠᠨᠵᠢᠭᠤᠯᠤᠯᠲᠠ ᠶᠢᠨ | ᠥᠭᠡᠷᠡᠴᠢᠯᠡᠯᠲᠡ ᠶᠢ ᠪᠡᠶᠡᠯᠡᠭᠦᠯᠵᠦ᠂ ᠭᠠᠯᠲᠤ ᠲᠡᠷᠭᠡᠨ ᠥᠷᠲᠡᠭᠡ ᠶᠢᠨ ᠬᠤᠲᠠ ᠶᠢᠨ ᠶᠠᠪᠤᠳᠠᠯ ᠤᠨ ᠢᠵᠢ | ᠪᠦᠷᠢᠳᠦᠭᠦᠯᠬᠦ ᠢᠨᠵᠧᠨᠧᠷᠢᠩ ᠢ ᠲᠣᠭᠲᠠᠭᠤᠨ ᠢᠶᠠᠷ ᠠᠬᠢᠭᠤᠯᠵᠤ᠂ ᠰᠢᠯᠢ ᠶᠢᠨ ᠬᠤᠲᠠ ᠶᠢᠨ ᠵᠡᠭᠦᠨ ᠥᠷᠲᠡᠭᠡ ᠶᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ ᠨᠢᠰᠬᠡᠯ ᠤᠨ ᠪᠠᠭᠤᠳᠠᠯ ᠢ ᠥᠭᠡᠷᠡᠴᠢᠯᠡᠨ ᠥᠷᠭᠡᠳᠬᠡᠨ | ᠪᠠᠶᠢᠭᠤᠯᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠴᠤ᠂ | ᠠᠶᠠᠨᠴᠢᠳ ᠤᠨ ᠣᠷᠤᠵᠤ ᠭᠠᠷᠤᠭᠰᠠᠨ ᠲᠤᠭ᠎ᠠ ᠠᠩᠬ᠎ᠠ ᠤᠳᠠᠭ᠎ᠠ ᠵᠠᠭᠤᠨ ᠲᠦᠮᠨ ᠶᠢ ᠳᠠᠪᠠᠪᠠ᠃ 207 ᠤᠯᠤᠰ ᠤᠨ | ᠵᠠᠮ ᠤᠨ ᠤᠰᠤᠨ ᠴᠥᠭᠦᠷᠥᠮ ᠠᠴᠠ ᠡᠾᠦ᠋ᠸᠧ ᠽᠢ ᠯᠢᠶᠠᠩ ᠬᠦᠷᠬᠦ ᠬᠡᠰᠡᠭ ᠤᠨ ᠳᠡᠭᠡᠳᠦ ᠲᠠᠰ ᠤᠨ ᠭᠠᠳᠠᠷ | ᠲᠣᠭᠤᠷᠢᠯ ᠵᠠᠰᠠᠮᠠᠯ ᠵᠠᠮ ᠢ ᠨᠡᠪᠲᠡᠷᠡᠭᠦᠯᠬᠦ ᠢᠨᠵᠧᠨᠧᠷᠢᠩ᠂ 303 ᠤᠯᠤᠰ ᠤᠨ ᠵᠠᠮ ᠤᠨ ᠠᠴᠢᠠᠠᠭᠤᠯᠠ ᠠᠴᠠ | ᠰᠢᠯᠢ ᠶᠢᠨ ᠬᠤᠲᠠ ᠬᠦᠷᠬᠦ ᠭᠡᠰᠡᠭ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠷᠤᠭᠰᠢᠲᠠᠢ ᠠᠬᠢᠵᠤ᠂ ᠬᠤᠲᠠ | ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠪᠠ᠃ ᠭᠡᠭᠡᠨ᠋ᠠᠤᠪᠤᠭᠠ ᠶᠢᠨ ᠦᠶᠡᠷ ᠢ ᠰᠡᠷᠭᠡᠶᠢᠯᠡᠬᠦ ᠪᠠ ᠰᠢᠯᠢ ᠶᠢᠨ ᠭᠤᠣᠯ ᠤᠨ ᠳᠣᠣᠷᠠᠳᠤ | ᠤᠷᠤᠰᠬᠠᠯ ᠤᠨ ᠭᠤᠣᠯ ᠤᠨ ᠳᠤᠬᠤᠢ ᠶᠢ ᠵᠠᠰᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ 5G ᠰᠦᠯᠵᠢᠶ᠎ᠡ | ᠬᠤᠲᠠ ᠶᠢᠨ ᠲᠣᠭᠤᠷᠢᠭ ᠢ ᠪᠦᠷᠬᠦᠵᠦ᠂ 5 ᠵᠤᠷᠪᠤᠰ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠮᠡᠳᠡᠭᠡ | ᠬᠤᠯᠪᠤᠭ᠎ᠠ ᠦᠭᠡᠢ ᠣᠷᠣᠨ ᠢ ᠲᠤᠶᠢᠯᠪᠤᠷᠢᠲᠠᠢ ᠠᠷᠢᠯᠭᠠᠪᠠ᠃ ᠠᠳᠣᠭᠤᠨ ᠰᠣᠶᠣᠯ ᠤᠨ ᠲᠦᠪ᠂ ᠮᠢᠩ ᠵᠦ ᠬᠦᠴᠦᠳᠡᠯ | ᠥᠭᠡᠷᠡᠴᠢᠯᠡᠬᠦ ᠥᠷᠲᠡᠭᠡ ᠶᠢᠨ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ | ᠠᠦ᠋ᠲ᠋ᠣᠴᠢᠯᠠᠭᠰᠠᠨ ᠲᠣᠣᠷ ᠲᠣᠬᠢᠷᠠᠭᠤᠯᠬᠤ ᠨᠣᠷᠮ᠎ᠠ 100% ᠳᠤ ᠬᠦᠷᠪᠡ᠃ | ᠮᠠᠯᠵᠢᠬᠤ ᠣᠷᠣᠨ ᠤ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠪᠡ᠃ ᠬᠡᠪᠴᠢᠶᠡᠵᠢᠯ ᠤᠨ ᠴᠢᠨᠠᠷᠲᠠᠢ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠵᠠᠭᠠᠷ ᠱᠤᠭᠤᠮ ᠢ ᠪᠠᠲᠦ ᠰᠠᠬᠢᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠦᠷᠬᠦᠴᠡ ᠶᠢᠨ ᠨᠣᠷᠮ᠎ᠠ ᠶᠢ 100% ᠳᠤ ᠬᠦᠷᠭᠡᠵᠦ᠂ | ᠬᠥᠮᠥᠨ ᠳᠤᠮᠳᠠᠴᠢ ᠶᠢᠨ ᠣᠷᠣᠯᠭ᠎ᠠ 8.9% ᠪᠠᠷ ᠨᠡᠮᠡᠭᠳᠡᠨ᠂ ᠳᠠᠬᠢᠨ ᠶᠠᠳᠠᠭᠤᠷᠠᠬᠤ ᠪᠠᠶᠢᠳᠠᠯ ᠭᠠᠷᠤᠭᠰᠠᠨ ᠦᠭᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠵᠤ᠂ | ᠡᠯ᠎ᠡ ᠱᠠᠲᠤᠨ ᠤ ᠡᠯ᠎ᠡ ᠲᠥᠷᠥᠯ ᠤᠨ ᠵᠣᠯᠭᠠᠭᠤᠯᠬᠤ ᠪᠡᠯᠡ ᠮᠥᠩᠭᠦ ᠶᠢ 3684 ᠲᠦᠮᠡᠨ ᠲᠥᠭᠦᠷᠢᠭ ᠣᠷᠣᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 20 ᠲᠥᠷᠥᠯ ᠵᠦᠢᠯ ᠢ ᠬᠡᠷᠡᠭᠵᠢᠭᠦᠯᠦᠨ᠂ 4871 ᠨᠡᠷ᠎ᠡ | ᠣᠯᠠᠨ ᠲᠦᠮᠡᠨ ᠠᠰᠢᠭ ᠭᠥᠷᠳᠡᠵᠦ ᠣᠷᠣᠯᠭ᠎ᠠ ᠪᠠᠨ ᠨᠡᠮᠡᠭᠳᠡᠭᠦᠯᠵᠦ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ | ᠳᠤᠮᠳᠠᠴᠢ ᠣᠷᠣᠯᠭ᠎ᠠ 60 ᠲᠦᠮᠡᠨ ᠲᠥᠭᠦᠷᠢᠭ ᠢ ᠳᠠᠪᠠᠵᠤ᠂ 50 ᠲᠦᠮᠡᠨ ᠲᠥᠭᠦᠷᠢᠭ ᠠᠴᠠ ᠳᠡᠭᠡᠭᠰᠢᠬᠢ | ᠣᠷᠣᠯᠭ᠎ᠠ ᠲᠠᠢ ᠭᠠᠴᠠᠭ᠎ᠠ ᠶᠢᠨ ᠡᠵᠡᠯᠡᠬᠦ ᠬᠠᠷᠢᠴᠠᠯ 50% ᠳᠤ ᠬᠦᠷᠴᠦ᠂ ᠪᠥᠬᠦ ᠠᠶᠢᠮᠠᠭ ᠲᠤ ᠨᠢᠭᠡᠳᠦᠭᠡᠷ ᠲᠤ | ᠣᠷᠣᠪᠠ᠃ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠣᠷᠣᠨ ᠤ 4 ᠵᠤᠷᠪᠤᠰ ᠵᠠᠰᠠᠮᠠᠯ | ᠵᠠᠮ ᠢ ᠵᠠᠰᠠᠵᠦ᠂ 2 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ ᠠᠵᠢᠯ ᠡᠬᠢᠯᠡᠭᠦᠯᠦᠨ ᠵᠠᠰᠠᠵᠦ᠂ 22 | ᠭᠠᠴᠠᠭ᠎ᠠ ᠶᠢᠨ ᠠᠶᠠᠨᠴᠢᠳ ᠤᠨ ᠲᠡᠷᠭᠡ ᠨᠡᠪᠲᠡᠷᠡᠬᠦ ᠨᠤᠷᠮ᠎ᠠ ᠶᠢ 100 % ᠳᠤ ᠬᠦᠷᠭᠡᠪᠡ᠃ ᠤᠰᠤᠨ ᠤ | ᠬᠠᠩᠭᠠᠯᠭ᠎ᠠ ᠶᠢᠨ ᠪᠠᠲᠤᠯᠠᠭ᠎ᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠵᠤ᠂ 63 ᠤᠰᠤᠨ ᠰᠤᠷᠪᠤᠯᠵᠢ ᠶᠢᠨ | ᠬᠤᠳᠳᠤᠭ᠂ 78 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ 95 ᠡᠷᠦᠬᠡ ᠮᠠᠯᠴᠢᠳ ᠤᠨ | ᠤᠤᠭᠤᠬᠤ ᠤᠰᠤᠨ ᠤ ᠠᠮᠤᠷ ᠳᠦᠪᠰᠢᠨ ᠢ ᠪᠠᠳᠤᠯᠠᠪᠠ᠃ 1701 ᠲᠦᠮᠡᠨ ᠲᠥᠭᠦᠷᠢᠭ ᠣᠷᠣᠭᠤᠯᠵᠤ᠂ ᠪᠤᠶᠢᠳᠠ | ᠪᠥᠭᠯᠡᠭᠦᠦ ᠤᠷᠤᠨ ᠤ 142 ᠮᠠᠯᠴᠢᠨ ᠡᠷᠦᠬᠡ ᠳᠤ ᠰᠦᠯᠵᠢᠶᠡᠨ ᠤ ᠴᠠᠬᠢᠯᠭᠠᠨ ᠨᠡᠪᠳᠡᠷᠡᠬᠦᠯᠵᠦ᠂ ᠮᠠᠯᠵᠢᠬᠤ ᠣᠷᠣᠨ ᠤ | ᠰᠦᠯᠵᠢᠶᠡᠨ ᠤ ᠴᠠᠬᠢᠯᠭᠠᠨ ᠢ ᠨᠡᠪᠲᠡᠷᠡᠭᠦᠯᠦᠭᠰᠡᠨ ᠨᠣᠷᠮ᠎ᠠ ᠨᠢ 69.8% ᠳᠤ ᠬᠥᠷᠪᠡ᠃ ᠮᠠᠯᠵᠢᠬᠤ ᠣᠷᠣᠨ ᠤ ᠴᠢᠮᠡᠭᠡ | ᠬᠤᠯᠪᠣᠭ᠎ᠠ ᠨᠡᠪᠳᠡᠷᠡᠭᠡᠳᠦᠢ ᠭᠠᠵᠠᠷ ᠲᠤ ᠴᠢᠮᠡᠭᠡ ᠬᠤᠯᠪᠤᠭᠠᠨ ᠤ ᠳᠤᠬᠢᠶ᠎ᠠ ᠨᠡᠪᠳᠡᠷᠡᠬᠦᠯᠬᠦ ᠢᠨᠵᠧᠨᠧᠷᠢᠩ ᠢ ᠪᠦᠬᠦᠨ ᠢ | ᠳᠠᠭᠤᠰᠬᠠᠵᠤ᠂ 522 ᠡᠷᠦᠬᠡ ᠮᠠᠯᠴᠢᠳ ᠤᠨ ᠴᠢᠮᠡᠭᠡ ᠬᠤᠯᠪᠣᠭᠠᠨ ᠤ ᠠᠰᠠᠭᠤᠳᠠᠯ ᠢ ᠰᠢᠢᠳᠪᠦᠷᠢᠯᠡᠪᠡ᠃ ᠣᠷᠣᠰᠢᠨ | ᠰᠠᠭᠤᠬᠤ ᠣᠷᠴᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ | 320 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠮᠠᠯᠵᠢᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠳᠤᠭᠳᠠᠯᠴᠠᠭ᠎ᠠ ᠶᠢᠨ ᠪᠦᠷᠬᠦᠴᠡ ᠶᠢᠨ ᠨᠣᠷᠮ᠎ᠠ | 86% ᠳᠤ ᠬᠦᠷᠴᠦ᠂ 2700 ᠤᠳᠠᠭ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ᠂ 4.5 ᠲᠦᠮᠡᠨ | ᠬᠥᠮᠥᠨ ᠤᠳᠠᠭ᠎ᠠ ᠶᠢ ᠬᠠᠮᠤᠷᠪᠠ᠃ ᠪᠠᠶᠠᠨᠪᠤᠯᠠᠭ ᠰᠤᠮᠤ ᠶᠢᠨ ︽ᠬᠡᠯᠡᠬᠦ ᠦᠭᠡ ᠪᠠᠶᠢᠨ᠎ᠠ︾ ᠭᠡᠬᠦ ᠪᠤᠯᠤᠩ ᠨᠢ | ᠥᠪᠡᠷᠲᠡᠭᠡᠨ ᠵᠠᠰᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ | ᠰᠣᠩᠭᠤᠭᠳᠠᠪᠠ᠃ ᠪᠤᠯᠠᠭᠠᠨ ᠰᠤᠮᠤ ᠶᠢᠨ ᠰᠢᠷᠠᠲᠠᠯ᠎ᠠ ᠭᠠᠴᠠᠭ᠎ᠠ ᠨᠢ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠢᠨ ᠨᠡᠷᠡᠰ ᠲᠤ ᠰᠣᠩᠭᠤᠭᠳᠠᠵᠤ᠂ ᠬᠠᠨᠢᠬᠭᠤᠯᠠ | ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ ᠶᠢᠨ ᠨᠡᠷᠡᠰ ᠲᠤ ᠰᠣᠩᠭᠤᠭᠳᠠᠪᠠ᠃ ᠴᠣᠬᠬᠭᠤᠯᠠ ᠰᠤᠮᠤ ᠪᠣᠯᠣᠨ ᠪᠤᠯᠠᠭ ᠭᠠᠴᠠᠭ᠎ᠠ ᠨᠢ | ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ ᠢ ᠬᠦᠷᠲᠡᠪᠡ᠃ | ᠪᠠᠶᠠᠨᠰᠢᠯᠢ ᠮᠠᠯᠵᠢᠯ ᠤᠨ ᠲᠠᠯᠠᠪᠠᠶ ᠶᠢᠨ 1 ᠡᠷᠦᠬᠡ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠭᠡᠷ ᠪᠦᠯᠢ ᠶᠢᠨ | ᠢᠷᠠᠭᠤ ᠠᠯᠳᠠᠷ ᠢ ᠭᠥᠷᠳᠡᠪᠡ᠃ | ᠨᠢᠭᠡ ᠵᠢᠯ ᠤᠨ ᠲᠤᠷᠰᠢ᠂ ᠪᠢᠳᠡ ᠬᠦᠬᠡ ᠠᠭᠤᠯᠠ ᠬᠦᠬᠡᠮᠳᠦᠭ ᠤᠰᠤ ᠪᠠᠨ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ | ᠠᠮᠢ ᠠᠬᠤᠢ ᠶᠢᠨ ᠪᠣᠯᠪᠠᠰᠤᠨ ᠤ ᠰᠢᠨ᠎ᠡ ᠬᠡᠪ ᠴᠢᠨᠠᠷ ᠢ ᠢᠯᠡᠷᠡᠭᠦᠯᠪᠡ᠃ ᠨᠤᠲᠤᠭ ᠪᠡᠯᠴᠢᠭᠡᠷ ᠢ ᠵᠠᠭᠠᠭᠯᠠᠨ | ᠲᠣᠭᠲᠠᠭᠠᠵᠤ ᠲᠣᠬᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠣ᠂ 91.5% ᠨᠣᠲᠤᠭ ᠪᠡᠯᠴᠢᠭᠡᠷ ᠢ | ᠦᠨᠳᠦᠰᠦᠨ ᠨᠣᠲᠤᠭ ᠪᠡᠯᠴᠢᠭᠡᠷ ᠤᠨ ᠬᠡᠪᠴᠢᠶᠡᠨ ᠳᠤ ᠣᠷᠣᠭᠤᠯᠪᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ᠂ ᠪᠡᠯᠴᠢᠭᠡᠷᠯᠡᠬᠦᠯᠬᠦ ᠶᠢ ᠵᠤᠭᠰᠤᠭᠠᠨ ᠰᠡᠯᠬᠦᠨ ᠮᠠᠯᠵᠢᠬᠤ ᠨᠥᠬᠦᠪᠦᠷᠢ ᠱᠠᠩᠨᠠᠯ ᠤᠨ ᠪᠡᠯᠡ ᠮᠥᠩᠭᠦ ᠶᠢ 1. | 24 ᠳ᠋ᠦᠩᠰᠢᠭᠤᠷ ᠲᠥᠭᠦᠷᠢᠭ ᠲᠠᠷᠬᠠᠭᠠᠵᠤ᠂ 13.87 ᠲᠦᠮᠡᠨ ᠮᠦ ᠠᠮᠢ ᠠᠬᠤᠢ ᠶᠢ ᠰᠡᠷᠭᠦᠭᠡᠨ ᠵᠠᠰᠠᠬᠤ ᠶᠢ | ᠪᠡᠶᠡᠯᠡᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 49% | ᠪᠣᠯᠲᠠᠯ᠎ᠠ ᠳᠡᠭᠡᠭᠰᠢᠯᠡᠭᠦᠯᠪᠡ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ | ᠵᠢᠩᠬᠢᠨᠢ ᠪᠠᠷ ᠡᠬᠢᠯᠡᠵᠦ᠂ 0.9 ᠲᠦᠮᠡᠨ ᠮᠣ᠋ ᠡᠯᠡᠰᠦᠷᠬᠡᠭ ᠭᠠᠵᠠᠷ ᠢ ᠵᠠᠰᠠᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠯᠢ ᠶᠢᠨ ᠭᠤᠣᠯ ᠤᠨ ᠵᠡᠭᠦᠨ | ᠡᠷᠭᠢ ᠶᠢᠨ ᠠᠮᠢ ᠠᠬᠤᠢ ᠶᠢᠨ ᠠᠷᠢᠭᠤᠨ ᠴᠡᠪᠡᠷ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠵᠠᠰᠠᠯᠲᠠ ᠶᠢᠨ | ᠢᠨᠵᠧᠨᠧᠷᠢᠩ ᠢ ᠤᠷᠤᠭᠰᠢᠲᠠᠢ ᠳᠠᠭᠤᠰᠬᠠᠵᠤ᠂ ᠰᠢᠯᠢ ᠶᠢᠨ ᠭᠤᠣᠯ ᠤᠨ ᠤᠰᠤᠨ ᠤ ᠴᠢᠨᠠᠷ ᠢ ᠶᠡᠷᠦᠩᠬᠡᠢ ᠳᠤ ᠨᠢ Ⅳ | ᠳᠡᠰ ᠲᠤ ᠪᠠᠳᠤᠯᠠᠪᠠ᠃ ᠳᠤᠮᠳᠠ ᠵᠢᠵᠢᠭ ᠠᠵᠤ ᠠᠬᠤᠶᠢᠯᠠᠯ ᠲᠥᠪᠯᠡᠷᠡᠭᠰᠡᠨ ᠣᠷᠣᠨ ᠤ ᠤᠰᠤ ᠬᠠᠩᠭᠠᠬᠤ ᠤᠰᠤ | ᠳᠠᠲᠠᠬᠤ ᠬᠤᠭᠤᠯᠠᠢ ᠶᠢᠨ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠮᠠᠯᠳᠠᠭᠰᠠᠨ 114 ᠬᠤᠳᠳᠤᠭ ᠢ | ᠪᠢᠲᠡᠭᠦᠮᠵᠢᠯᠡᠪᠡ᠃ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠴᠢᠩᠭᠠᠳᠬᠠᠵᠤ᠂ ᠲᠠᠬᠢᠨ | ᠴᠡᠪᠡᠷᠰᠢᠭᠦᠯᠦᠭᠰᠡᠨ ᠤᠰᠤ ᠶᠢ ᠬᠡᠷᠡᠭᠯᠡᠬᠦ ᠨᠤᠷᠮ᠎ᠠ ᠶᠢ 57.5 % ᠳᠤ ᠬᠦᠷᠭᠡᠪᠡ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠮᠠᠨᠳᠠᠯ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ | 5 ᠵᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ ᠣᠷᠣᠪᠠ᠃ ᠪᠦᠬᠦ ᠵᠢᠯ ᠳᠤ ᠬᠥᠷᠥᠰᠥ ᠰᠢᠷᠣᠢ ᠶᠢᠨ | ᠪᠣᠬᠢᠷᠲᠤᠯ ᠤᠨ ᠬᠡᠷᠡᠭ ᠭᠠᠷᠤᠭᠰᠠᠨ ᠦᠭᠡᠢ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠡᠯᠡ ᠮᠥᠩᠭᠦ ᠶᠢ 1.04 | ᠳ᠋ᠦᠩᠰᠢᠭᠤᠷ ᠲᠥᠭᠦᠷᠢᠭ ᠣᠷᠣᠭᠤᠯᠵᠤ᠂ ᠵᠠᠰᠠᠭᠰᠠᠨ ᠲᠠᠯᠠᠪᠠᠶ ᠨᠢ 4.81 ᠲᠡᠭᠰᠢ ᠳᠥᠷᠪᠡᠯᠵᠢᠨ ᠺᠢᠯᠣᠮᠧᠲᠷ ᠲᠤ | ᠬᠦᠷᠴᠦ᠂ ᠢᠯᠠᠯᠲᠠ ᠪᠠᠷᠠᠭᠤᠨ ᠨᠢᠭᠡᠳᠦᠭᠡᠷ ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠣᠶᠤᠨᠴᠢᠯᠠᠭᠰᠠᠨ | ᠠᠭᠤᠷᠬᠠᠢ ᠪᠣᠯᠭᠠᠨ ᠡᠭᠦᠳᠦᠨ ᠪᠠᠶᠢᠭᠤᠯᠪᠠ᠃ ᠬᠤᠲᠠ ᠶᠢᠨ ᠬᠡᠪᠴᠢᠶᠡᠨ ᠳᠠᠬᠢ ᠦᠯᠡᠳᠡᠭᠳᠡᠯ ᠡᠵᠡᠨ ᠦᠭᠡᠢ ᠮᠠᠯᠲᠠᠮᠠᠯ | ᠨᠦᠬᠡ ᠶᠢ ᠪᠦᠬᠦᠨ ᠢ ᠲᠡᠭᠰᠢᠯᠡᠵᠦ ᠳᠠᠭᠤᠰᠬᠠᠪᠠ᠃ ᠪᠥᠬᠦ ᠠᠶᠢᠮᠠᠭ ᠤᠨ ᠠᠩᠬᠠᠳᠠᠭᠴᠢ ᠰᠢᠨ᠎ᠡ ᠡᠨᠧᠷᠭᠢ ᠶᠢᠨ | ᠰᠤᠷᠪᠤᠯᠵᠢ ᠶᠢᠨ ᠨᠡᠬᠦᠷᠡᠰᠤ ᠬᠦᠷᠭᠡᠬᠦ ᠬᠠᠶᠢᠷᠴᠠᠭᠲᠤ ᠮᠠᠰᠢᠨ ᠤ ᠴᠠᠬᠢᠯᠭᠠᠨ ᠴᠡᠨᠡᠭ ᠢ ᠰᠣᠯᠢᠬᠤ ᠥᠷᠲᠡᠭᠡ | ᠠᠰᠢᠭᠯᠠᠯᠲᠠ ᠳᠤ ᠣᠷᠣᠵᠤ᠂ 4 ᠴᠠᠬᠢᠯᠭᠠᠨ ᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ | ᠪᠦᠬᠦᠨ ᠢᠶᠠᠷ ᠢᠶᠠᠨ ᠪᠣᠬᠢᠷᠲᠤᠯ ᠦᠭᠡᠢ ᠪᠠᠷᠢᠮᠵᠢᠶ᠎ᠠ ᠳᠤ ᠬᠥᠷᠪᠡ᠃ ᠬᠠᠶᠠᠭᠳᠠᠮᠠᠯ ᠠᠭᠤᠷᠬᠠᠢ ᠶᠢᠨ ᠨᠦᠬᠡ ᠶᠢᠨ ᠠᠮᠢ | ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ 3 ᠴᠠᠬᠢᠯᠭᠠᠨ ᠤ ᠦᠢᠯᠡᠳᠪᠦᠷᠢ ᠳᠤ | ᠨᠤᠨᠳᠠᠭ ᠨᠡᠭᠦᠷᠡᠰᠦᠨ ᠤ ᠦᠨᠡᠰᠦ ᠶᠢ ᠢᠯᠭᠠᠨ ᠰᠣᠩᠭᠤᠬᠤ ᠲᠥᠬᠦᠭᠡᠷᠦᠮᠵᠢ ᠤᠭᠰᠠᠷᠠᠵᠤ᠂ ᠰᠢᠯᠢ ᠶᠢᠨ ᠭᠤᠣᠯ ᠠᠴᠠ | ᠪᠡᠭᠡᠵᠢᠩ ᠳᠤ ᠵᠥᠭᠡᠭᠡᠪᠦᠷᠢᠯᠡᠬᠦ ᠬᠡᠮᠵᠢᠶ᠎ᠡ 6000 ᠲᠣᠨ ᠳᠤ ᠬᠦᠷᠴᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠵᠠᠰᠠᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | ᠵᠦᠩ ᠼᠠᠢ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠤᠯᠤᠰ ᠤᠨ ᠲᠠᠰ ᠤᠨ | ᠪᠣᠬᠢᠷᠲᠤᠯ ᠦᠭᠡᠢ ᠦᠢᠯᠡᠳᠪᠦᠷᠢ ᠶᠢᠨ ᠭᠡᠷᠡᠴᠢᠯᠡᠯ ᠢ ᠬᠦᠷᠲᠡᠵᠦ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ | ᠭᠠᠯᠲᠤ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠨᠢ ᠪᠥᠬᠦ ᠤᠯᠤᠰ ᠤᠨ ᠪᠠᠶᠢᠭᠠᠯᠢ ᠶᠢᠨ | ᠰᠤᠷᠭᠠᠨ ᠬᠥᠮᠦᠵᠢᠯ ᠤᠨ ᠰᠠᠭᠤᠷᠢᠨ ᠭᠠᠵᠠᠷ ᠢᠶᠠᠷ ᠰᠣᠩᠭᠤᠭᠳᠠᠵᠤ᠂ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ ᠨᠢ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠲᠡᠷᠢᠭᠦᠨ ᠤ ᠬᠠᠮᠲᠤ ᠶᠢᠨ | ᠴᠣᠯᠠ ᠶᠢ ᠭᠥᠷᠳᠡᠪᠡ᠃ | ᠨᠢᠭᠡ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠪᠠᠶᠢᠷᠢᠰᠢᠯ ᠰᠢᠨ᠎ᠡ ᠰᠢᠪᠲᠤᠯᠤᠯᠲᠠ ᠲᠠᠢ ᠪᠣᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠵᠡᠷᠭᠡ ᠶᠢᠨ ᠲᠠᠨᠢᠯᠴᠠᠭᠤᠯᠭ᠎ᠠ ᠶᠢᠨ ᠴᠤᠭᠯᠠᠭᠠᠨ ᠢ | 6 ᠲᠠᠯᠠᠪᠤᠷ ᠡᠷᠭᠢᠯᠡᠵᠦ᠂ 17 ᠲᠥᠷᠥᠯ ᠵᠦᠢᠯ ᠢ ᠰᠢᠨ᠎ᠡ ᠪᠠᠷ ᠰᠠᠭᠤᠷᠢᠰᠢᠭᠤᠯᠵᠦ᠂ ᠪᠤᠳᠠᠳᠠᠢ ᠪᠡᠯᠡ ᠮᠥᠩᠭᠦ 4. | 9% ᠪᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠢᠯᠡᠳᠲᠡ | ᠦᠷ᠎ᠡ ᠪᠦᠲᠦᠮᠵᠢ ᠣᠯᠵᠤ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ 94 % ᠶᠢᠨ ᠳᠣᠲᠣᠭᠠᠳᠤ ᠭᠠᠳᠠᠭᠠᠳᠤ ᠶᠢᠨ ᠬᠡᠷᠡᠭ ᠶᠠᠪᠤᠳᠠᠯ ᠳᠤ ᠴᠠᠭ ᠢ ᠪᠠᠭᠠᠰᠬᠠᠬᠤ᠂ | ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ ᠶᠢ ᠪᠡᠶᠡᠯᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ | ᠬᠦᠢᠴᠡᠳᠭᠡᠬᠦ︾ ᠶᠢ ᠯᠠᠪᠳᠠᠭᠤᠨ ᠢᠶᠠᠷ ᠠᠬᠢᠭᠤᠯᠵᠤ᠂ 90 % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ | 92% ᠤᠨ ᠦᠨᠳᠤᠷ ᠳᠠᠪᠳᠠᠮᠵᠢᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦ ᠶᠠᠪᠤᠴᠠ ᠪᠠᠷ ᠨᠢ | ᠰᠦᠯᠵᠢᠶ᠎ᠡ ᠪᠠᠷ ᠰᠢᠢᠳᠪᠦᠷᠢᠯᠡᠪᠡ᠃ 11 ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠲᠥᠪ ᠯᠦᠭᠡ ᠣᠷᠣᠨ ᠪᠦᠰᠡ | ᠠᠯᠤᠰᠯᠠᠨ ᠨᠡᠶᠢᠳᠡᠮ ᠭᠦᠢᠴᠡᠳᠬᠡᠬᠦ ᠶᠢ ᠬᠠᠮᠤᠭ ᠳᠡᠷᠢᠬᠦᠨ ᠳᠤ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠪᠥᠬᠦ ᠣᠷᠣᠨ ᠤ ᠠᠩᠬᠠᠳᠠᠭᠴᠢ ᠠᠵᠤ ᠠᠬᠤᠶᠢᠯᠠᠯ ᠤᠨ ᠦᠢᠯᠡᠴᠢᠯᠡᠭᠡᠨ ᠤ | ᠲᠤᠰᠬᠠᠢ ᠣᠷᠣᠨ ᠢ ᠬᠠᠮᠤᠭ ᠳᠡᠷᠢᠬᠦᠨ ᠳᠤ ᠪᠠᠶᠢᠭᠤᠯᠵᠤ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠴᠠᠭ ᠢ 84% ᠪᠠᠷ ᠪᠣᠭᠤᠨᠢᠰᠬᠠᠪᠠ᠃ ᠰᠢᠨ᠎ᠡ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠬᠤ ᠭᠠᠶᠢᠯᠢ ᠶᠢ ᠬᠤᠶᠢᠰᠢᠯᠠᠭᠤᠯᠬᠤ ᠰᠦᠢᠳᠬᠡᠯ 9.04 ᠳ᠋ᠦᠩᠰᠢᠭᠤᠷ | ᠬᠦᠷᠴᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ᠂ ᠳᠠᠩᠰᠠᠯᠠᠭᠤᠯᠤᠭᠰᠠᠨ ᠪᠡᠯᠡ ᠮᠥᠩᠭᠦ ᠶᠢ ᠲᠤᠰ ᠲᠤᠰ 8000 | ᠡᠷᠦᠬᠡ᠂ 96.65 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ ᠭᠠᠳᠠᠭᠠᠳᠤ ᠠᠵᠤ ᠠᠬᠤᠢ | ᠠᠷᠠᠯᠵᠢᠶ᠎ᠠ ᠳᠤ ᠰᠢᠨ᠎ᠡ ᠬᠢᠯᠠᠰ ᠴᠡᠭ ᠢᠯᠡᠷᠡᠵᠦ᠂ ᠬᠤᠩ ᠶᠤᠸᠠᠨ ᠠᠢ ᠸᠧᠢ ᠺᠧ ᠬᠥᠯᠳᠡᠭᠡᠮᠡᠯ ᠳᠦᠮᠦᠰᠤᠨ | ᠢᠳᠡᠭᠡᠨ ᠤ ᠦᠢᠯᠡᠳᠪᠦᠷᠢᠯᠡᠯ ᠢ ᠥᠷᠭᠡᠳᠬᠡᠬᠦ ᠲᠦᠷᠦᠯ ᠵᠦᠢᠯ ᠢ ᠤᠷᠤᠭᠰᠢᠲᠠᠢ ᠠᠬᠢᠭᠤᠯᠵᠤ᠂ ᠡᠯ᠎ᠡ ᠠᠵᠣ ᠠᠬᠤᠶᠢᠯᠠᠯ | ᠢ ᠵᠣᠬᠢᠶᠠᠨ ᠪᠠᠶᠢᠭᠤᠯᠵᠣ ᠤᠯᠠᠨ ᠤᠯᠤᠰ ᠤᠨ ᠦᠵᠡᠰᠬᠦᠯᠡᠩ ᠳᠤ 7 ᠤᠳᠠᠭ᠎ᠠ ᠣᠷᠣᠯᠴᠠᠵᠤ᠂ ᠲᠠᠸᠠᠷ ᠢ | ᠭᠠᠳᠠᠭᠠᠳᠤ ᠳᠤ ᠭᠠᠷᠭᠠᠬᠤ ᠤᠯᠤᠰ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠲᠤᠰ ᠲᠤᠰ 100%᠂ | 80% ᠢᠶᠠᠷ ᠨᠡᠮᠡᠭᠳᠡᠪᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠠᠯᠬᠤᠮ ᠢ ᠠᠯᠬᠤᠵᠤ᠂ | ᠪᠦᠬᠦ ᠤᠯᠤᠰ ᠤᠨ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ | ᠡᠭᠦᠳᠦᠨ ᠪᠠᠶᠢᠭᠤᠯᠵᠤ᠂ 4 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠮᠠᠶ᠋ᠢᠭ ᠤᠨ | ᠳᠤᠮᠳᠠ ᠪᠠᠭ᠎ᠠ ᠠᠵᠤ ᠠᠬᠤᠶᠢᠯᠠᠯ ᠤᠨ ᠵᠥᠪᠰᠢᠶᠡᠷᠡᠯ ᠢ ᠣᠯᠵᠤ᠂ ᠲᠦᠮᠡᠨ ᠬᠥᠮᠥᠨ ᠤ ᠡᠭᠦᠳᠦᠯᠲᠡ ᠶᠢᠨ ᠲᠤᠰᠬᠠᠢ | ᠠᠰᠢᠭ ᠤᠨ ᠡᠷᠬᠡ ᠣᠯᠣᠭᠰᠠᠨ ᠬᠡᠮᠵᠢᠶ᠎ᠡ 19.3% ᠢᠶᠠᠷ ᠨᠡᠮᠡᠭᠳᠡᠪᠡ᠃ ᠬᠤᠩ ᠶᠤᠸᠠᠨ ᠲᠦᠮᠦᠰᠦᠨ ᠤ ᠦᠷ᠎ᠡ ᠶᠢᠨ | ᠰᠤᠳᠤᠯᠭᠠᠨ ᠤ ᠲᠥᠪ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠭᠠᠨ ᠤ | ᠲᠥᠪ ᠲᠤ ᠳᠠᠩᠰᠠᠯᠠᠭᠤᠯᠵᠤ᠂ ᠱᠧᠨ ᠬᠤᠸᠠ ᠶᠢᠨ ᠪᠠᠷᠠᠭᠤᠨ ᠨᠢᠭᠡᠳᠦᠭᠡᠷ ᠠᠭᠤᠷᠬᠠᠢ ᠶᠢᠨ 5G+ ᠵᠢᠯᠣᠭᠤᠴᠢ | ᠦᠭᠡᠢ ᠮᠡᠷᠭᠡᠵᠢᠯ ᠤᠨ ᠬᠡᠷᠡᠭᠯᠡᠭᠡᠨ ᠤ ᠲᠦᠷᠦᠯ ᠵᠦᠢᠯ ᠨᠢ ᠰᠢᠨᠵᠢᠯᠡᠭᠡ ᠮᠡᠷᠭᠡᠵᠢᠯ ᠤᠨ ᠶᠠᠮᠤᠨ ᠤ ᠵᠢᠱᠢᠶ᠎ᠡ ᠦᠵᠡᠭᠦᠯᠬᠦ | ᠲᠦᠷᠦᠯ ᠵᠦᠢᠯ ᠳᠤ ᠣᠷᠣᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠦᠪᠦᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 2 ︽ᠳ᠋ᠣᠺᠲ᠋ᠣᠷᠠᠨᠲ ᠤᠨ ᠦᠢᠯᠡᠴᠢᠯᠡᠭᠡᠨ ᠤ | ᠦᠷᠳᠡᠭᠡ︾ ᠪᠠᠶᠢᠭᠤᠯᠤᠭᠳᠠᠵᠤ᠂ ᠬᠤᠨᠢᠨ ᠤ ᠦᠢᠯᠡᠰ ᠤᠨ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ ᠨᠢ | ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠢ ᠲᠤᠰᠠᠯᠠᠬᠤ ᠠᠷᠪᠠᠨ ᠰᠢᠯᠢᠳᠡᠭ︾ ᠰᠢᠨᠵᠢᠯᠡᠭᠡ ᠮᠡᠷᠭᠡᠵᠢᠯ ᠤᠨ | ᠪᠠᠭ᠎ᠠ ᠬᠦᠷᠢᠶᠡᠯᠡᠩ ᠤᠨ ᠴᠣᠯᠠ ᠶᠢ ᠬᠦᠷᠲᠡᠵᠡᠢ᠃ | ᠨᠢᠭᠡ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠨᠡᠶᠢᠭᠡᠮ ᠤᠨ ᠦᠢᠯᠡᠰ ᠢ ᠬᠥᠭᠵᠢᠭᠦᠯᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠳᠠᠬᠢᠨᠲᠠ ᠰᠢᠨ᠎ᠡ ᠳᠡᠭᠳᠡᠷ ᠲᠤ ᠭᠠᠷᠪᠠ᠃ ᠠᠷᠠᠳ ᠤᠨ ᠠᠮᠢᠳᠤᠷᠠᠯ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠲᠤᠯᠠᠭᠰᠠᠨ ᠠᠷᠠᠳ ᠤᠨ | ᠠᠮᠢᠳᠤᠷᠠᠯ ᠤᠨ 5 ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ | ᠬᠡᠷᠡᠭᠯᠡᠭᠰᠡᠨ ᠵᠠᠷᠤᠯᠭ᠎ᠠ ᠶᠢᠨ ᠡᠵᠡᠯᠡᠬᠦ ᠬᠠᠷᠢᠴᠠᠯ 56 % ᠳᠤ ᠬᠦᠷᠪᠡ᠃ ᠬᠦᠨᠳᠦ ᠶᠡᠭᠡ ᠲᠦᠭᠰᠢᠭᠦᠷᠢ ᠶᠢ | ᠪᠦᠲᠦᠮᠵᠢᠲᠡᠶ ᠠᠷᠢᠯᠭᠠᠵᠤ᠂ ᠵᠠᠰᠠᠭ ᠤᠨ ᠣᠷᠳᠣᠨ ᠤ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ | ᠪᠦᠬᠦᠨ ᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠲᠡᠭᠡᠷᠡᠬᠢ ᠵᠣᠭᠤᠰ ᠢ ᠪᠦᠬᠦᠨ ᠢ ᠰᠢᠢᠳᠪᠦᠷᠢᠯᠡᠪᠡ᠃ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ 10 ᠭᠠᠷᠤᠢ ᠵᠢᠯ ᠠᠯᠤᠰᠯᠠᠭᠰᠠᠨ 4 ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠤᠷᠤᠭᠰᠢᠲᠠᠢ ᠰᠢᠢᠳᠪᠦᠷᠢᠯᠡᠵᠦ᠂ ᠳ᠋ᠠ ᠶᠤᠸᠠᠢ ᠴᠧᠩ ᠤᠨ ᠪᠠᠷᠢᠯᠭ᠎ᠠ ᠶᠢᠨ ᠠᠵᠢᠯ ᠢ | ᠲᠠᠬᠢᠨ ᠡᠬᠢᠯᠡᠭᠦᠯᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ | ᠠᠰᠠᠭᠤᠳᠠᠯ ᠢ ᠰᠢᠢᠳᠪᠤᠷᠢᠯᠡᠵᠦ᠂ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ | ᠲᠣᠪᠴᠢᠶ᠎ᠠ ᠨᠢ ᠪᠥᠬᠦ ᠣᠷᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠭᠰᠠᠨ ᠲᠡᠷᠢᠭᠦᠨ ᠤ | ᠬᠠᠮᠲᠤ ᠶᠢᠨ ᠢᠷᠠᠭᠤ ᠠᠯᠳᠠᠷ ᠢ ᠭᠥᠷᠳᠡᠪᠡ᠃ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠬᠦᠴᠦᠲᠡᠢ | ᠰᠢᠢᠳᠪᠦᠷᠢᠯᠡᠵᠦ᠂ ᠰᠢᠨ᠎ᠡ ᠪᠠᠷ ᠪᠠᠶᠢᠭᠤᠯᠤᠭᠰᠠᠨ 6 ᠰᠠᠭᠤᠭᠠᠯᠢ ᠲᠣᠭᠤᠷᠢᠭ ᠤᠨ ᠭᠡᠷ ᠪᠠᠶᠢᠰᠢᠩ ᠲᠤᠰᠢᠶᠠᠮᠠᠭᠴᠠ | ᠦᠨᠡᠮᠯᠡᠯ ᠢᠶᠠᠨ ᠲᠤᠰᠢᠶᠠᠬᠤ ᠶᠢ ᠪᠡᠶᠡᠯᠡᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ | ᠬᠦᠴᠢᠷᠲᠡᠢ︾ ᠠᠰᠠᠭᠤᠳᠠᠯ ᠢ ᠰᠢᠢᠳᠪᠤᠷᠢᠯᠡᠬᠦ ᠬᠦᠰᠡᠯ ᠢ 100% ᠪᠠᠷ ᠰᠢᠢᠳᠪᠤᠷᠢᠯᠡᠪᠡ᠃ ᠥᠨᠳᠥᠷ ᠠᠴᠠ ᠤᠨᠠᠬᠤ | ᠂ ᠰᠢᠲᠠᠮᠠᠬᠠᠢ ᠬᠡᠢ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠵᠡᠷᠭᠡ ᠠᠶᠤᠯᠬᠦᠢ | ᠦᠢᠯᠡᠳᠪᠤᠷᠢᠯᠡᠯ ᠤᠨ ᠡᠯ᠎ᠡ ᠲᠥᠷᠥᠯ ᠤᠨ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠣᠣ ᠱᠠᠨ ᠪᠦᠦ | ᠮᠠ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠠᠮᠤᠷ ᠲᠦᠪᠰᠢᠨ ᠤ ᠥᠭᠡᠷᠡᠴᠢᠯᠡᠯᠲᠡ ᠶᠢ ᠪᠡᠶᠡᠯᠡᠭᠦᠯᠵᠦ᠂ ᠪᠥᠬᠦ | ᠵᠢᠯ ᠳᠤ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠠᠶᠦᠯᠬᠦᠢ ᠦᠢᠯᠡᠳᠪᠦᠷᠢᠯᠡᠯ ᠤᠨ ᠠᠳᠡᠯ ᠬᠡᠷᠡᠭ | ᠭᠠᠷᠤᠭᠰᠠᠨ ᠦᠭᠡᠢ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ᠂ ᠨᠤᠲᠤᠭ ᠪᠡᠯᠴᠢᠭᠡᠷ ᠰᠢᠭᠤᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠤᠰᠬᠠᠢ ᠳᠦᠷᠦᠯ ᠢᠶᠠᠷ ᠴᠡᠭᠴᠡᠯᠡᠨ ᠵᠠᠰᠠᠬᠤ ᠵᠡᠷᠭᠡ ᠨᠢᠭᠡ ᠪᠦᠯᠦᠭ ᠠᠮᠢ ᠠᠬᠤᠢ ᠶᠢᠨ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠵᠦ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠤᠯᠠᠭᠠᠨ ᠱᠤᠭᠤᠮ ᠢ | ᠪᠠᠲᠤ ᠰᠠᠬᠢᠪᠠ᠃ | ᠠᠵᠢᠯ ᠤᠯᠭᠤᠵᠦ ᠠᠳᠠᠯ ᠦᠢᠯᠡᠰ ᠴᠣᠭᠴᠠᠯᠠᠬᠤ ᠶᠢ ᠦᠷᠭᠦᠯᠵᠢᠯᠡᠨ ᠲᠣᠭᠲᠠᠭᠤᠨ ᠪᠠᠶᠢᠯᠭᠠᠪᠠ᠂ 1360 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ ᠪᠠᠯᠭᠠᠰᠤ ᠶᠢᠨ | 4314 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ 6 | ᠵᠦᠢᠯ ᠤᠨ ᠠᠵᠢᠯ ᠣᠯᠭᠤᠯᠲᠠ ᠶᠢᠨ ᠭᠦᠢᠴᠡᠳᠬᠡᠯ ᠲᠤᠭ᠎ᠠ ᠨᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ | ᠲᠣᠭᠲᠠᠭᠤᠨ ᠪᠠᠶᠢᠷᠢᠰᠢᠵᠦ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.21% ᠶᠢᠨ ᠳᠣᠲᠣᠷ᠎ᠠ | ᠬᠢᠵᠠᠭᠠᠷᠯᠠᠵᠤ᠂ ᠪᠥᠬᠦ ᠣᠷᠣᠨ ᠤ ᠲᠣᠬᠢᠷᠠᠭᠤᠯᠤᠯ ᠡᠵᠡᠮᠳᠡᠯ ᠤᠨ ᠬᠠᠷᠠᠯᠲᠠ ᠠᠴᠠ ᠳᠣᠣᠷ᠎ᠠ ᠪᠠᠶᠢᠯᠭᠠᠪᠠ᠃ ᠪᠥᠬᠦ | ᠠᠶᠢᠮᠠᠭ ᠤᠨ ᠠᠩᠬᠠᠳᠠᠭᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠰᠢᠭᠤᠳ ᠨᠡᠪᠲᠡᠷᠡᠭᠦᠯᠭᠡ ᠶᠢ | ᠨᠢᠭᠡ ᠴᠣᠭᠴᠠᠵᠢᠭᠤᠯᠤᠭᠰᠠᠨ ᠰᠣᠯᠠ ᠠᠵᠢᠯ ᠤᠨ ᠵᠠᠬ᠎ᠠ ᠳᠡᠯᠭᠡᠭᠦᠷ ᠢ ᠠᠮᠵᠢᠯᠲᠠ ᠲᠠᠢ ᠴᠤᠭᠴᠠᠯᠠᠵᠤ᠂ ᠪᠥᠬᠦ | ᠠᠶᠢᠮᠠᠭ ᠤᠨ ᠠᠩᠬᠠᠳᠠᠭᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠵᠢᠵᠢᠭ ᠫᠷᠣᠭ᠍ᠷᠠᠮ ᠢ ᠠᠵᠢᠯᠯᠠᠭᠤᠯᠪᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠪᠠ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠲᠤᠯᠠᠭ᠎ᠠ ᠶᠢᠨ ᠵᠠᠷᠤᠳᠠᠯ ᠢ 5.81 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ 4.78 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 7 ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠢ ᠪᠦᠲᠦᠭᠡᠨ | ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠰᠣᠷᠣᠭᠴᠢ ᠶᠢᠨ ᠣᠷᠣᠨ ᠲᠤᠭ᠎ᠠ ᠶᠢ 5205 ᠰᠢᠨ᠎ᠡ ᠪᠠᠷ | ᠨᠡᠮᠡᠭᠳᠡᠭᠦᠯᠪᠡ᠃ ᠪᠥᠬᠦ ᠣᠷᠣᠨ ᠤ ᠠᠩᠬᠠᠳᠠᠭᠴᠢ ᠡᠩ ᠤᠨ ᠰᠤᠷᠭᠠᠨ ᠬᠦᠮᠦᠵᠢᠯ ᠪᠠ ᠤᠨᠴᠠᠭᠠᠢ ᠰᠤᠷᠭᠠᠨ | ᠬᠦᠮᠦᠵᠢᠯ ᠢ ᠠᠭᠤᠰᠤᠯᠴᠠᠭᠤᠯᠤᠭᠰᠠᠨ ᠬᠡᠦᠬᠡᠳ ᠤᠨ ᠴᠡᠴᠡᠷᠯᠢᠭ ᠢ ᠪᠠᠶᠢᠭᠤᠯᠵᠤ ᠰᠤᠷᠤᠭᠴᠢ ᠡᠯᠰᠡᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠬᠤ ᠨᠣᠷᠮ᠎ᠠ ᠶᠢ 3.1% ᠪᠠᠷ ᠨᠡᠮᠡᠭᠳᠡᠭᠦᠯᠵᠦ | ᠂ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠰᠤᠷᠬᠤ ᠨᠠᠰᠤᠨ ᠤ ᠬᠡᠦᠬᠡᠳ ᠤᠨ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠲᠤ ᠣᠷᠣᠬᠤ ᠶᠣᠰᠣᠲᠠᠢ ᠶᠢ ᠨᠢ ᠴᠥᠮ ᠣᠷᠣᠭᠤᠯᠬᠤ ᠶᠢ ᠪᠡᠶᠡᠯᠡᠭᠦᠯᠪᠡ᠃ ᠵᠢᠷᠭᠤᠳᠤᠭᠠᠷ | ᠳᠤᠮᠳᠠᠳᠤ ᠰᠤᠷᠭᠠᠭᠤᠯᠢ ᠨᠢ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠭᠦᠨᠵᠡᠭᠡᠢ | ᠬᠠᠮᠲᠤᠷᠠᠯᠴᠠᠵᠤ᠂ ᠭᠤᠷᠪᠠᠨ ᠵᠢᠯ ᠳᠠᠷᠠᠭᠠᠯᠠᠨ ︽ᠴᠢᠩᠬᠤᠸᠠ ᠶᠡᠭᠡ ᠰᠤᠷᠭᠠᠭᠤᠯᠢ ᠶᠢᠨ ᠰᠣᠷᠣᠭᠴᠢ ᠶᠢᠨ | ᠢᠷᠡᠯᠲᠡ ᠶᠢᠨ ᠰᠠᠭᠤᠷᠢᠨ ᠭᠠᠵᠠᠷ︾ ᠤᠨ ᠴᠣᠯᠠ ᠭᠥᠷᠳᠡᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠨᠢᠭᠡᠳᠦᠭᠡᠷ ᠱᠤᠭᠤᠮ ᠤᠨ | ᠬᠤᠪᠢ ᠳᠤ ᠬᠦᠷᠦᠭᠰᠡᠨ ᠨᠣᠷᠮ᠎ᠠ ᠨᠢ ᠪᠥᠬᠦ ᠣᠷᠣᠨ ᠤ ᠬᠢ ᠠᠴᠠ 9 ᠪᠠ 14 ᠵᠠᠭᠤᠨ ᠤ ᠨᠢᠭᠡᠴᠢ ᠥᠨᠳᠥᠷ ᠪᠠᠶᠢᠵᠤ | ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ 3 ᠲᠤᠰᠬᠠᠢ ᠮᠡᠷᠭᠡᠵᠢᠯ ᠨᠢ ᠤᠯᠤᠰ ᠤᠨ ︽1+X︾ | ᠦᠨᠡᠮᠯᠡᠯ ᠤᠨ ᠬᠢᠨᠠᠨ ᠰᠢᠯᠭᠠᠬᠤ ᠥᠷᠲᠡᠭᠡ ᠪᠣᠯᠤᠭᠰᠠᠨ ᠪᠠᠶᠢᠨ᠎ᠠ᠃ | ᠡᠷᠡᠭᠦᠯ ᠮᠡᠨᠳᠦ ᠶᠢᠨ ᠦᠢᠯᠡᠴᠢᠯᠡᠭᠡ ᠶᠢ ᠪᠦᠲᠦᠮᠵᠢᠲᠡᠶ ᠬᠠᠩᠭᠠᠪᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ | ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠬᠢᠨ ᠬᠢᠨᠠᠯᠲᠠ ᠶᠢ ᠠᠮᠵᠢᠯᠲᠠᠲᠠᠢ ᠥᠩᠭᠡᠷᠡᠭᠦᠯᠪᠡ᠃ ᠥᠪᠡᠷᠲᠡᠭᠡᠨ | ᠵᠠᠰᠠᠬᠤ ᠣᠷᠣᠨ ᠤ ᠡᠷᠡᠭᠦᠯ ᠡᠩᠬᠡ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠡᠯ᠎ᠡ | ᠲᠥᠷᠥᠯ ᠤᠨ ᠡᠷᠡᠭᠦᠯ ᠡᠩᠬᠡ ᠶᠢᠨ ᠵᠢᠱᠢᠶ᠎ᠡ ᠦᠵᠡᠭᠦᠯᠬᠦ ᠲᠠᠯᠠᠪᠤᠷ ᠢ 79 ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠤᠨ ᠮᠡᠷᠭᠡᠵᠢᠯ ᠤᠨ ᠦᠨᠡᠯᠡᠨ ᠵᠢᠱᠢᠯᠲᠡ ᠶᠢ ᠤᠷᠤᠭᠰᠢᠲᠠᠢ | ᠥᠩᠭᠡᠷᠡᠭᠦᠯᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢ ᠫᠠᠶᠢᠰᠠ ᠡᠯᠭᠦᠨ ᠪᠠᠶᠢᠭᠤᠯᠵᠤ᠂ | ᠪᠠᠶᠢᠭᠤᠯᠤᠯ ᠲᠣᠭᠲᠠᠴᠠ ᠶᠢ ᠨᠡᠩ ᠢᠯᠭᠤᠮ ᠤᠷᠤᠭᠰᠢᠲᠠᠢ ᠪᠣᠯᠭᠠᠪᠠ᠃ ᠪᠠᠶᠠᠨᠴᠠᠭᠠᠨ ᠨᠡᠶᠢᠭᠡᠮ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ 14 ᠬᠢᠲᠠᠳ ᠮᠣᠩᠭᠤᠯ ᠡᠮᠨᠡᠯᠭᠡ ᠶᠢᠨ | ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ | ᠃ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ 7 ᠰᠠᠭᠤᠷᠢ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠪᠣᠯᠣᠨ ᠭᠤᠣᠯ ᠡᠮᠨᠡᠯᠭᠡ ᠶᠢᠨ ᠬᠤᠷᠢᠶ᠎ᠠ ᠨᠢ ᠣᠨᠴᠠᠯᠢᠭᠲᠤ ᠲᠤᠰᠬᠠᠢ ᠰᠠᠯᠠᠭ᠎ᠠ ᠶᠢᠨ | ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠪᠠ᠃ | ᠨᠡᠶᠢᠭᠡᠮ ᠤᠨ ᠪᠠᠲᠤᠯᠠᠭ᠎ᠠ ᠶᠢ ᠨᠠᠩ ᠨᠠᠶᠢᠳᠠᠪᠤᠷᠢᠲᠠᠢ ᠪᠣᠯᠭᠠᠪᠠ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠡᠯ᠎ᠡ | ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 3488 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 5% ᠪᠠᠷ ᠨᠡᠮᠡᠭᠳᠡᠭᠦᠯᠪᠡ᠃ ᠦᠨᠳᠦᠰᠦᠨ ᠱᠠᠲᠤᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 116 ᠨᠡᠶᠢᠭᠡᠮ ᠲᠣᠭᠤᠷᠢᠭ ᠤᠨ ᠠᠵᠢᠯᠲᠠᠨ ᠢ ᠤᠷᠢᠵᠤ ᠬᠡᠷᠡᠭᠯᠡᠪᠡ᠃ | ᠵᠣᠬᠢᠴᠠᠭᠤᠯᠤᠨ ᠪᠠᠲᠤᠯᠠᠬᠤ ᠶᠢ ᠴᠢᠩᠭᠠᠳᠬᠠᠵᠤ᠂ 640 ᠡᠷᠦᠬᠡ ᠰᠠᠭᠤᠭᠠᠯᠢ ᠠᠷᠠᠳ᠂ 3 ᠳᠤᠮᠳᠠ ᠵᠢᠵᠢᠭ ᠪᠢᠴᠢᠯ | ᠠᠵᠤ ᠠᠬᠤᠶᠢᠯᠠᠯ ᠳᠤ 1.77 ᠲᠦᠮᠡᠨ ᠲᠣᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠪᠠ᠃ | ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ ᠢ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ | ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠪᠡᠶᠡᠯᠡᠭᠦᠯᠪᠡ᠃ ᠪᠥᠬᠦ ᠠᠶᠢᠮᠠᠭ ᠤᠨ ᠠᠩᠬᠠᠳᠠᠭᠴᠢ ᠠᠷᠠᠳ ᠠᠴᠠ ᠡᠷᠭᠢᠯᠡᠭᠰᠡᠨ ᠵᠡᠮᠳᠡᠭ ᠬᠡᠦᠬᠡᠳ ᠤᠨ | ᠡᠷᠡᠬᠦᠯᠵᠢᠯ ᠤᠨ ᠲᠣᠭᠲᠠᠭᠰᠠᠨ ᠴᠢᠭ ᠤᠨ ᠪᠠᠶᠢᠭᠤᠯᠤᠮᠵᠢ ᠶᠢ ᠠᠰᠢᠭᠯᠠᠯᠲᠠ ᠳᠤ ᠣᠷᠣᠭᠤᠯᠵᠤ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠮᠢᠩᠭᠠᠨ ᠬᠥᠮᠥᠨ ᠪᠦᠷᠢ ᠳᠤ ᠨᠣᠭᠳᠠᠬᠤ ᠣᠷᠣᠨ ᠪᠠᠶᠢᠷᠢ ᠶᠢᠨ ᠲᠤᠭ᠎ᠠ ᠨᠢ | ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ 23% ᠪᠠᠷ ᠥᠨᠳᠥᠷ ᠪᠠᠶᠢᠨ᠎ᠠ᠃ ᠪᠠᠶᠠᠨᠴᠠᠭᠠᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠪᠦᠬᠦ ᠣᠷᠣᠨ ᠤ ᠠᠩᠬᠠᠳᠠᠭᠴᠢ ᠪᠦᠯᠦᠭ | ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠪᠠᠶᠢᠭᠤᠯᠤᠮᠵᠢ ᠪᠠᠷ ᠦᠨᠡᠯᠡᠭᠳᠡᠵᠦ᠂ ᠠᠢ ᠮᠢᠨ | ᠨᠡᠶᠢᠭᠡᠮ ᠲᠣᠭᠤᠷᠢᠭ ᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠨᠡᠶᠢᠭᠡᠮ | ᠲᠣᠭᠤᠷᠢᠭ ᠪᠣᠯᠭᠠᠨ ᠪᠠᠶᠢᠭᠤᠯᠪᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠣᠭᠲᠠᠭᠤᠨ ᠢᠶᠠᠷ ᠬᠦᠭᠵᠢᠬᠦᠯᠪᠡ᠂ ᠡᠮᠦᠨ᠎ᠡ ᠠᠭᠤᠯᠠ ᠶᠢᠨ ᠪᠡᠶ᠎ᠡ ᠶᠢᠨ | ᠲᠠᠮᠢᠷ ᠤᠨ ᠴᠡᠴᠡᠷᠯᠢᠭ ᠢ ᠪᠠᠶᠢᠭᠤᠯᠵᠤ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠤᠨ ᠪᠦᠬᠦ | ᠪᠦᠷᠬᠦᠴᠡ ᠶᠢ ᠪᠡᠶᠡᠯᠡᠭᠦᠯᠪᠡ᠃ ᠨᠢᠭᠡ ᠪᠦᠯᠦᠭ ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠳᠠᠪᠲᠠᠯᠭ᠎ᠠ ᠶᠢᠨ | ᠲᠠᠰᠤᠭ ᠢ ᠠᠮᠵᠢᠯᠲᠠ ᠲᠠᠢ ᠪᠠᠶᠢᠭᠤᠯᠵᠤ᠂ ᠱᠧᠦ ᠹᠠᠩ ᠬᠦᠷᠢᠶᠡᠯᠡᠩ ᠲᠣᠭᠤᠷᠢᠭ ᠲᠤ ᠪᠥᠬᠦ ᠠᠶᠢᠮᠠᠭ ᠤᠨ | ᠠᠩᠬᠠᠳᠠᠭᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠡᠭᠦᠳᠡᠯ ᠨᠣᠮ ᠤᠨ ᠰᠠᠩ ᠢ ᠪᠠᠶᠢᠭᠤᠯᠪᠡ᠃ | ︽ᠰᠢᠯᠢ ᠶᠢᠨ ᠭᠤᠣᠯ ᠤᠨ ᠵᠣᠨ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 210 ᠤᠳᠠᠭ᠎ᠠ | ᠡᠷᠬᠢᠯᠡᠵᠦ᠂ ᠠᠰᠢᠭ ᠬᠦᠷᠳᠡᠭᠰᠡᠨ ᠤᠯᠠᠨ ᠳᠦᠮᠡᠨ 13 ᠲᠦᠮᠡᠨ ᠬᠥᠮᠥᠨ ᠤᠳᠠᠭ᠎ᠠ ᠬᠦᠷᠪᠡ᠃ | ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠪᠠᠳᠤᠯᠠᠪᠠ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠡᠯ᠎ᠡ ᠳᠦᠷᠦᠯ ᠤᠨ ᠠᠵᠢᠯ ᠤᠨ ᠭᠤᠣᠯ ᠰᠢᠵᠢᠮ | ᠪᠣᠯᠭᠠᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ︾ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠣᠭᠴᠠᠯᠠᠬᠤ ᠬᠥᠮᠦᠵᠢᠯ ᠦᠢᠯᠡᠳᠦᠯᠭᠡ ᠶᠢᠨ | ᠰᠠᠭᠤᠷᠢᠨ ᠢ ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠤᠶᠤᠨ ᠤ | ᠬᠥᠮᠥᠷᠭᠡ ᠶᠢᠨ ᠰᠢᠯᠢ ᠶᠢᠨ ᠬᠤᠲᠠ ᠶᠢᠨ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠢᠶᠠᠷ ᠲᠣᠭᠲᠠᠭᠠᠭᠳᠠᠵᠤ᠂ 81 | ᠰᠠᠯᠠᠭ᠎ᠠ ᠮᠥᠴᠢᠷ ᠨᠢᠭᠡᠴᠡ ᠠᠶᠢᠮᠠᠭ ᠤᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠴᠣᠯᠠ ᠶᠢ ᠬᠦᠷᠳᠡᠪᠡ᠃ ᠪᠥᠬᠦ ᠠᠶᠢᠮᠠᠭ ᠤᠨ ᠠᠩᠬᠠᠳᠠᠭᠴᠢ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠡᠩ ᠳᠡᠷᠢᠬᠦᠨ ᠳᠤ | ᠪᠠᠶᠢᠭᠤᠯᠵᠦ᠂ ︽ᠦᠷᠲᠡᠭᠡ︾᠂ ︽ᠭᠤᠷᠪᠠ ᠶᠢ ᠡᠶᠡᠳᠡᠭᠦᠯᠬᠦ ᠳᠥᠷᠪᠡ ᠶᠢ ᠰᠡᠷᠭᠡᠶᠢᠯᠡᠬᠦ ᠬᠤᠶᠠᠷ ᠢ ᠬᠤᠯᠪᠣᠭᠠᠯᠠᠬᠤ︾ | ᠵᠥᠷᠢᠴᠡᠯ ᠵᠢᠭᠤᠷᠠᠯᠳᠤᠭᠠᠨ ᠢ ᠡᠶᠡᠳᠡᠬᠦᠯᠬᠦ ᠠᠵᠢᠯ ᠤᠨ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ | ᠦᠶ᠎ᠡ ᠶᠢᠨ ︽ᠹᠧᠩ ᠴᠢᠶᠣᠣ ᠪᠠᠯᠭᠠᠰᠦ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ | ᠰᠣᠩᠭᠤᠭᠳᠠᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ 329 ᠬᠡᠷᠡᠭ ᠢ ᠰᠢᠢᠳᠪᠦᠷᠢᠯᠡᠨ ᠨᠠᠮᠳᠠᠭᠤᠯᠵᠦ᠂ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠤᠨ ᠬᠥᠮᠥᠨ ᠤᠳᠠᠭ᠎ᠠ᠂ ᠪᠦᠯᠦᠭ ᠤᠳᠠᠭ᠎ᠠ ᠶᠢ ᠲᠤᠰ ᠲᠤᠰ 14 %᠂ 22 % | ᠢᠶᠠᠷ ᠪᠠᠭᠤᠷᠠᠭᠤᠯᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠡᠮᠡᠴᠡᠯ ᠢ ᠪᠠᠶᠢᠩᠭᠤᠵᠢᠭᠤᠯᠤᠨ | ᠠᠬᠢᠭᠤᠯᠵᠤ᠂ 10 ᠵᠢᠯ ᠠᠴᠠ ᠳᠡᠭᠡᠭᠰᠢᠬᠢ 3 ᠤᠳᠠᠭᠠᠨ ᠤ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠠᠮᠵᠢᠯᠲᠠ ᠲᠠᠢ | ᠢᠯᠡᠷᠡᠭᠦᠯᠵᠦ᠂ ᠮᠠᠨ ᠤ ᠬᠤᠲᠠ ᠨᠢ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠰᠢᠶᠠᠨ ᠬᠤᠲᠠ ᠪᠠᠷ ᠦᠨᠡᠯᠡᠭᠳᠡᠪᠡ᠃ ᠬᠤᠶᠠᠷ ᠢ ᠬᠦᠷᠢᠶᠡᠯᠡᠨ ᠬᠠᠮᠲᠤ ᠪᠠᠷ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠷᠢᠶᠡᠯᠡᠩ ᠢ ᠲᠠᠰ | ᠳᠡᠪᠰᠢᠭᠦᠯᠬᠦ ᠲᠥᠷᠥᠯ ᠵᠦᠢᠯ ᠢ ᠦᠨᠳᠦᠰᠦᠨ ᠳᠡᠭᠡᠨ ᠬᠦᠢᠴᠡᠳᠭᠡᠵᠦ᠂ ᠴᠡᠷᠢᠭ ᠠᠴᠠ ᠬᠠᠯᠠᠭᠳᠠᠭᠰᠠᠨ 19 ᠪᠠᠭ᠎ᠠ | ᠣᠹᠢᠼᠧᠷ ᠢ ᠳᠥᠪᠬᠢᠨᠡᠭᠦᠯᠦᠨ᠂ ᠲᠦᠷᠦᠭᠦᠸ ᠪᠦᠯᠦᠭ ᠤᠨ ︽ᠴᠡᠷᠢᠭ ᠢ ᠬᠦᠷᠢᠶᠡᠯᠡᠬᠦ ᠬᠤᠯᠪᠣᠭ᠎ᠠ︾ ᠶᠢ | ᠠᠮᠵᠢᠯᠲᠠ ᠲᠠᠢ ᠵᠣᠬᠢᠶᠠᠨ ᠪᠠᠶᠢᠭᠤᠯᠵᠤ᠂ ᠪᠥᠬᠦ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ | ᠳᠤᠮᠳᠠᠴᠢ ᠬᠤᠭᠤᠴᠠᠭᠠᠨ ᠤ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠢᠳᠡᠭᠡᠨ ᠪᠠ ᠡᠮ ᠤᠨ | ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠦᠩᠴᠢᠩ ᠵᠠᠮ ᠤᠨ | ᠢᠳᠡᠭᠡᠨ ᠤᠮᠳᠠᠭᠠᠨ ᠤ ᠠᠶᠤᠯᠭᠦᠢ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠶᠢ | ᠴᠤᠭᠴᠠᠯᠠᠪᠠ᠃ 14 ᠬᠠᠮᠲᠤ ᠨᠡᠶᠢᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠨᠢᠭᠡᠴᠡ ᠶᠢᠨ | ᠢᠷᠠᠭᠤ ᠠᠯᠳᠠᠷ ᠢ ᠭᠥᠷᠳᠡᠵᠦ᠂ ᠬᠠᠮ ᠵᠠᠭᠤᠴᠢᠯᠠᠭᠤᠷ ᠤᠨ ᠲᠥᠪ ᠨᠢ ᠪᠥᠬᠦ ᠣᠷᠣᠨ ᠤ ᠷᠠᠳᠢᠣ᠋ ᠲᠧᠯᠸᠢᠰ ᠤᠨ | ᠵᠠᠭᠤᠴᠢᠯᠠᠭᠤᠷ ᠤᠨ ᠠᠭᠤᠰᠤᠯᠴᠠᠯ ᠤᠨ ᠬᠤᠰᠢᠭᠤᠴᠢ ᠨᠢᠭᠡᠴᠡ ᠶᠢᠨ ᠠᠯᠳᠠᠷ ᠢ ᠭᠥᠷᠳᠡᠵᠦ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠨᠢ ᠪᠥᠬᠦ ᠤᠯᠤᠰ ᠤᠨ ︽ᠲᠠᠪᠤᠨ ᠰᠠᠶᠢᠨᠲᠠᠢ︾ ᠰᠢᠶᠠᠨ ᠤ ᠱᠠᠲᠤᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠢᠷᠠᠭᠤ ᠠᠯᠳᠠᠷ ᠢ ᠭᠥᠷᠳᠡᠪᠡ᠃ ᠠᠷᠠᠳᠴᠢᠯᠠᠭᠰᠠᠨ ᠨᠠᠮ ᠪᠦᠯᠦᠭ᠂ ᠨᠠᠮ | ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ ᠵᠡᠷᠭᠡ ᠡᠯ᠎ᠡ ᠡᠲᠡᠭᠡᠳ ᠤᠨ ᠬᠢᠨ ᠤ ᠰᠠᠨᠠᠯ ᠢ ᠥᠷᠭᠡᠨ ᠢᠶᠠᠷ | ᠰᠣᠨᠣᠰᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ | ᠴᠠᠭ ᠠᠭᠤᠷ ᠭᠠᠵᠠᠷ ᠬᠥᠳᠡᠯᠦᠯᠲᠡ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ | ᠶᠠᠪᠤᠳᠠᠯ ᠵᠡᠷᠭᠡ ᠠᠵᠢᠯ ᠤᠯᠠᠮ ᠴᠢᠩᠭᠠᠷᠠᠵᠤ᠂ ᠲᠤᠭ᠎ᠠ ᠪᠦᠷᠢᠳᠬᠡᠯ᠂ ᠨᠠᠰᠤᠲᠠᠶᠢᠴᠤᠳ ᠤᠨ ᠠᠵᠢᠯ᠂ ᠨᠢᠭᠦᠯᠡᠰᠦᠩᠭᠦᠢ | ᠦᠢᠯᠡᠰ᠂ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ | ᠤᠯᠠᠭᠠᠨ ᠵᠠᠭᠠᠯᠮᠠᠶᠢᠳᠠᠨ ᠵᠡᠷᠭᠡ ᠡᠯ᠎ᠡ ᠲᠥᠷᠥᠯ ᠤᠨ ᠠᠵᠢᠯ ᠦᠢᠯᠡᠰ ᠰᠢᠨ᠎ᠡ ᠠᠮᠵᠢᠯᠲᠠ ᠣᠯᠪᠠ᠃ | ᠨᠢᠭᠡ ᠵᠢᠯ ᠤᠨ ᠲᠤᠷᠰᠢ᠂ ᠪᠢᠳᠡ ᠲᠣᠰ ᠪᠡᠶ᠎ᠡ ᠶᠢᠨ ᠪᠠᠶᠢᠭᠤᠯᠤᠯᠲᠠ ᠪᠠᠨ ᠡᠷᠡᠰ ᠭᠤᠶᠢᠪᠢᠰᠢ ᠦᠭᠡᠢ ᠠᠬᠢᠭᠤᠯᠵᠤ᠂ | ᠵᠠᠰᠠᠭ ᠤᠨ ᠣᠷᠳᠣᠨ ᠤ ᠳᠦᠷᠢ ᠲᠥᠷᠬᠦ ᠰᠢᠨ᠎ᠡ ᠰᠠᠶᠢᠵᠢᠷᠠᠯᠲᠠ ᠲᠠᠢ ᠪᠣᠯᠪᠠ᠃ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ | ᠴᠢᠳᠠᠪᠤᠷᠢ ᠶᠢ ᠲᠠᠰᠤᠷᠠᠯᠳᠠ ᠦᠭᠡᠢ ᠴᠢᠩᠭᠠᠷᠠᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ | ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ 100% ᠬᠦᠷᠪᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 171 ᠬᠤᠪᠢ ᠰᠠᠨᠠᠭᠤᠯᠭ᠎ᠠ ᠰᠠᠨᠠᠯ ᠵᠥᠪᠯᠡᠯᠭᠡ ᠶᠢ ᠪᠦᠬᠦᠨ ᠢ ᠴᠢᠨᠠᠷ | ᠰᠠᠶᠢᠲᠠᠢ ᠰᠢᠢᠳᠪᠦᠷᠢᠯᠡᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠴᠠᠭ ᠲᠤᠬᠠᠢ ᠳᠤᠨᠢ ᠭᠥᠯᠢᠶᠡᠨ ᠠᠪᠤᠭᠰᠠᠨ ᠨᠣᠷᠮ᠎ᠠ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ ᠬᠤᠣᠰ ᠵᠠᠭᠤ ᠶᠢ ᠪᠡᠶᠡᠯᠡᠭᠦᠯᠪᠡ᠃ ︽ᠲᠠᠪᠤ ᠶᠢ ᠳᠤᠶᠢᠯᠪᠤᠷᠢᠳᠡᠢ ᠪᠠᠶᠢᠴᠠᠭᠠᠬᠤ ᠠᠵᠢᠯᠯᠠᠭ᠎ᠠ︾ | ᠢᠳᠡᠪᠬᠢᠲᠡᠢ ᠦᠷ᠎ᠡ ᠪᠦᠲᠦᠮᠵᠢ ᠣᠯᠵᠤ᠂ ︽ᠲᠠᠪᠤᠨ ᠶᠡᠭᠡ ᠡᠭᠦᠷᠭᠡ︾ ᠶᠢᠨ 4 ᠵᠦᠢᠯ ᠤᠨ ᠵᠠᠰᠠᠭ ᠤᠨ ᠣᠷᠳᠣᠨ ᠤ | ᠲᠦᠷᠦᠭᠦᠯᠡᠨ ᠬᠢᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ | ᠪᠠᠷᠢᠮᠲᠠᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 8.2 % ᠢᠶᠠᠷ ᠪᠠᠭᠠᠰᠬᠠᠪᠠ᠃ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ | ᠭᠤᠣᠯ ᠰᠡᠳᠦᠪᠲᠦ ᠬᠥᠮᠦᠵᠢᠯ ᠢ ᠰᠣᠷᠣᠯᠴᠠᠨ ᠲᠣᠣᠱᠯᠠᠭᠤᠯᠬᠤ ᠶᠢ ᠭᠦᠨᠵᠡᠭᠡᠢ ᠥᠷᠨᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠦᠵᠡᠯ ᠰᠠᠨᠠᠭᠠᠨ ᠤ ᠵᠢᠯᠣᠭᠤᠳᠤᠯᠭ᠎ᠠ ᠪᠠ ᠤᠯᠤᠰ ᠲᠦᠷᠦ ᠶᠢᠨ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠵᠤ᠂ ᠰᠢᠨ᠎ᠡ | ᠰᠤᠷᠲᠠᠯ ᠢ ᠪᠤᠢ ᠪᠣᠯᠭᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠰᠢᠨ᠎ᠡ ᠦᠷ᠎ᠡ | ᠪᠦᠲᠦᠮᠵᠢ ᠣᠯᠪᠠ᠃ | ᠲᠥᠯᠥᠭᠡᠯᠡᠭᠴᠢᠳ ᠠ᠋᠂ ᠬᠦᠴᠢᠷ ᠵᠣᠪᠠᠯᠠᠩ ᠬᠦᠮᠦᠨ ᠤ ᠤᠬᠠᠭᠠᠨ ᠴᠢᠳᠠᠯ ᠢ ᠰᠢᠯᠭᠠᠵᠦ᠂ ᠬᠠᠳᠠᠭᠤᠵᠢᠵᠦ | ᠴᠢᠷᠮᠠᠶᠢᠭᠰᠠᠨ ᠤ ᠡᠴᠦᠰ ᠲᠤ ᠠᠮᠵᠢᠯᠲᠠ ᠳᠤ ᠬᠦᠷᠳᠡᠭ᠃ ᠡᠳᠡᠭᠡᠷ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠪᠣᠯᠣᠨ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠬᠦᠴᠦᠲᠡᠢ ᠳᠡᠮᠵᠢᠯᠭᠡ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ | ᠬᠢᠨᠠᠯᠲᠠ᠂ ᠡᠯ᠎ᠡ ᠲᠥᠯᠥᠭᠡᠯᠡᠭᠴᠢᠳ᠂ ᠭᠡᠰᠢᠭᠦᠳ ᠵᠢᠴᠢ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠶᠤᠮ᠃ ᠠᠳᠡ ᠪᠢ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ | ᠤᠯᠠᠨ ᠲᠦᠮᠡᠨ᠂ ᠲᠥᠯᠥᠭᠡᠯᠡᠭᠴᠢᠳ᠂ ᠭᠡᠰᠢᠭᠦᠳ ᠲᠤ᠂ ᠰᠢᠯᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ︕ | ᠲᠦᠭᠰᠢᠭᠦᠷᠢ ᠶᠢ ᠪᠣᠳᠣᠯᠬᠢᠯᠠᠪᠠᠰᠤ ᠠᠮᠤᠭᠤᠯᠠᠩ ᠪᠤᠯᠤᠮᠤᠢ᠂ ᠵᠤᠪᠠᠨᠢᠬᠤ ᠶᠢ ᠮᠡᠳᠡᠪᠡᠰᠤ ᠪᠡᠷᠬᠡ ᠶᠢ ᠳᠤᠭᠤᠯᠤᠮᠤᠢ᠃ | ᠣᠳᠣᠬᠠᠨ ᠳᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ ᠬᠦᠴᠢᠷᠳᠡᠯ ᠪᠠ | ᠠᠰᠠᠭᠤᠳᠠᠯ ᠲᠤᠯᠭᠠᠷᠠᠵᠤ ᠪᠠᠶᠢᠨ᠎ᠠ᠃ ᠡᠭᠦᠨ ᠳᠤ ᠭᠤᠣᠯᠳᠠᠭᠤ᠄ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠡᠯᠬᠢᠶ᠎ᠡ ᠪᠦᠷᠢᠨ ᠪᠤᠰᠤ᠂ ᠰᠠᠯᠬᠢᠨ ᠤ ᠡᠨᠧᠷᠬᠢ ᠨᠠᠷᠠᠨ ᠤ ᠡᠨᠧᠷᠬᠢ ᠶᠢᠨ ᠬᠦᠭᠵᠢᠯᠳᠡ | ᠲᠡᠩᠴᠡᠭᠦᠷᠢ ᠦᠭᠡᠢ︔ ᠡᠨᠧᠷᠭᠢ ᠶᠢᠨ ᠪᠤᠰᠤ ᠠᠭᠤᠷᠬᠠᠢ ᠶᠢᠨ ᠪᠤᠰᠤ ᠰᠢᠯᠢᠳᠡᠭ ᠲᠥᠷᠥᠯ ᠵᠦᠢᠯ ᠤᠨ ᠨᠥᠭᠡᠴᠡ | ᠠᠷᠪᠢᠨ ᠪᠢᠰᠢ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ ᠲᠥᠷᠥᠯ | ᠵᠦᠢᠯ ᠠᠷᠪᠢᠨ ᠪᠢᠰᠢ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠦᠨᠳᠤᠷ ᠪᠢᠰᠢ︔ | ᠡᠯᠧᠮᠧᠨ᠋ᠲ ᠢ ᠲᠥᠪᠯᠡᠷᠡᠭᠦᠯᠬᠦ ᠴᠢᠳᠠᠪᠤᠷᠢ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ | ︔ ᠲᠥᠪ ᠬᠤᠳᠠ ᠶᠢᠨ ᠲᠡᠷᠢᠭᠦᠨ ᠤ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠣᠷᠣᠨ | ᠪᠦᠰᠡ ᠶᠢᠨ ᠥᠷᠢᠰᠦᠯᠳᠦᠭᠡᠨ ᠤ ᠳᠠᠷᠤᠯᠲᠠ ᠤᠯᠠᠮ ᠶᠡᠭᠡ ᠪᠣᠯᠵᠤ ᠪᠠᠶᠢᠨ᠎ᠠ︔ ᠬᠡᠷᠡᠭᠯᠡᠭᠡ ᠬᠠᠷᠠᠬᠠᠨ ᠭᠦᠢᠴᠡᠳ | ᠰᠡᠷᠭᠦᠭᠡᠳᠦᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ ᠰᠢᠯᠢᠳᠡᠭᠵᠢᠭᠦᠯᠬᠦ ᠴᠢᠬᠤᠯᠠᠲᠠᠢ︔ | ᠡᠳ᠋ ᠤᠨ ᠵᠠᠰᠠᠭ ᠤᠨ ᠵᠠᠶᠢᠯᠠᠰᠢ ᠦᠭᠡᠢ ᠵᠠᠷᠤᠯᠭ᠎ᠠ ᠠᠷᠪᠢᠳᠴᠤ᠂ ᠵᠠᠷᠤᠯᠭ᠎ᠠ ᠶᠢᠨ ᠳᠠᠷᠤᠯᠲᠠ ᠲᠠᠰᠤᠷᠠᠯᠲᠠ ᠦᠭᠡᠢ | ᠨᠡᠮᠡᠭᠳᠡᠵᠦ ᠪᠠᠶᠢᠨ᠎ᠠ︔ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠮᠥᠨ ᠬᠦ | ᠳᠤᠲᠠᠭᠤᠳᠠᠯ ᠣᠷᠣᠰᠢᠵᠤ᠂ ᠤᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠳᠤᠯᠠᠭᠠᠯᠠᠭ᠎ᠠ ᠬᠠᠩᠭᠠᠬᠤ ᠵᠡᠷᠭᠡ ᠲᠠᠯ᠎ᠠ ᠪᠠᠷ ᠬᠢ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ︔ | ᠺᠠᠳ᠋ᠷᠴᠤᠳ ᠤᠨ ᠬᠡᠪ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠴᠢᠷᠮᠠᠶᠢᠬᠤ᠂ ᠡᠭᠦᠳᠬᠦ᠂ ᠠᠵᠢᠯᠯᠠᠬᠤ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠡ ᠵᠠᠪᠠᠯ | ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠢᠷᠮᠠᠶᠢᠨ | ᠰᠢᠢᠳᠪᠦᠷᠢᠯᠡᠬᠦ ᠬᠡᠷᠡᠭᠲᠡᠢ᠃ | ᠬᠤᠶᠠᠷ᠂ 2024 ᠣᠨ ᠤ ᠠᠵᠢᠯ ᠤᠨ ᠪᠠᠶᠢᠷᠢᠯᠠᠭᠤᠯᠤᠯᠲᠠ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠦᠨ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠤᠯᠤᠨ ᠲᠥᠪ ᠬᠤᠷᠢᠶ᠎ᠠ᠂ ᠪᠦᠬᠦ ᠣᠷᠣᠨ᠂ ᠪᠦᠬᠦ ᠠᠶᠢᠮᠠᠭ᠂ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠬᠠᠷᠠᠯᠲᠠ ᠶᠢ ᠲᠣᠭᠲᠠᠭᠠᠨ᠂ | ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠦ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠶᠢᠮᠠᠭ ᠤᠨ ᠳᠦᠪ ᠬᠤᠳᠠ ᠶᠢᠨ | ᠤᠬᠠᠮᠰᠠᠷ᠂ ᠳᠠᠪᠰᠢᠨ ᠤᠷᠤᠭᠰᠢᠯᠠᠬᠤ ᠤᠬᠠᠮᠰᠠᠷ ᠢ ᠴᠢᠩᠭᠠᠳᠬᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠠᠶᠢᠭᠤᠯᠬᠤ ᠳᠤ ᠰᠢᠯᠢ ᠶᠢᠨ ᠬᠤᠲᠠ ᠶᠢᠨ ᠬᠦᠴᠦᠨ ᠢ ᠨᠡᠮᠡᠷᠢᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6 % ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠤᠨ ᠨᠡᠮᠡᠭᠳᠡᠯ ᠥᠷᠳᠡᠭ ᠢ 5 % ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15 % ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 9.5 % ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠤᠰ | ᠲᠤᠰ 3 % ᠪᠠ 6 % ᠪᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠥᠬᠦ ᠣᠷᠣᠨ᠂ ᠪᠥᠬᠦ ᠠᠶᠢᠮᠠᠭ ᠤᠨ ︽ᠨᠢᠭᠡ ᠭᠤᠣᠯ | ᠰᠢᠵᠢᠮ᠂ ᠵᠢᠷᠭᠤᠭᠠᠨ ᠢᠨᠵᠧᠨᠧᠷᠢᠩ︾ ᠤᠨ ᠲᠣᠭᠤᠷᠢᠨ ᠳᠤ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ | ᠪᠠᠷᠢᠮᠲᠠᠯᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠤᠨ᠎ᠠ᠃ ᠳᠦᠷᠦᠯ ᠵᠦᠢᠯ ᠢ | ᠠᠳᠬᠤᠬᠤ ᠶᠢ ᠢᠮᠠᠭᠲᠠ ︽ᠨᠢᠭᠡᠳᠦᠭᠡᠷ ᠢᠨᠵᠧᠨᠧᠷᠢᠩ︾ ᠪᠣᠯᠭᠠᠵᠤ᠂ ᠨᠦᠭᠡᠴᠡ ᠬᠦᠴᠦᠨ ᠲᠠᠢ ᠬᠡᠷᠡᠭᠯᠡᠭᠡ ᠶᠢ | ᠬᠦᠭᠵᠢᠭᠡᠵᠦ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠰᠡᠷᠭᠦᠨ | ᠰᠠᠶᠢᠵᠢᠷᠠᠬᠤ ᠬᠠᠨᠳᠤᠰᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠴᠢᠩᠭᠠᠳᠬᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ 77.5 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠬᠤ ᠪᠠᠷ ᠲᠥᠯᠥᠪᠯᠡᠵᠦ᠂ 110 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 4 | ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ᠢ | ᠪᠦᠷᠢᠯᠳᠦᠭᠦᠯᠬᠦ ᠪᠠᠷ ᠴᠢᠷᠮᠠᠶᠢᠵᠤ᠂ ᠲᠣᠰ ᠵᠢᠯ ᠳᠤ 65 ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠳᠠᠭᠤᠰᠬᠠᠬᠤ | ᠶᠢ ᠪᠡᠶᠡᠯᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠢᠴᠢ ᠳᠡᠭᠡᠳᠦ ᠱᠠᠲᠤᠨ ᠤ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ ᠣᠷᠣᠭᠤᠯᠤᠯᠲᠠ ᠶᠢᠨ ᠭᠤᠣᠯᠳᠠᠯᠭ᠎ᠠ ᠶᠢ ᠣᠨᠣᠪᠴᠢᠲᠠᠶ | ᠡᠵᠡᠮᠳᠡᠵᠦ᠂ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠪᠡᠯᠡ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢ ᠨᠠᠷᠢᠨ ᠠᠩᠬᠠᠷᠴᠤ᠂ ᠮᠢᠩᠭ᠎ᠠ ᠲᠦᠮᠡᠨ ᠲᠥᠭᠦᠷᠢᠭ ᠠᠴᠠ ᠲᠡᠭᠡᠭᠰᠢ ᠪᠡᠯᠡ | ᠣᠷᠣᠭᠤᠯᠬᠤ ᠲᠥᠷᠥᠯ ᠵᠦᠢᠯ 20 ᠶᠢ ᠨᠥᠭᠡᠴᠡᠯᠡᠵᠦ᠂ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠶᠢ 10 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ | ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠡᠷᠡᠮᠯᠡᠵᠡᠬᠦ ᠪᠠᠷ | ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠴᠠᠬᠢᠯᠭᠠᠨ ᠤ ᠦᠨ᠎ᠡ ᠳᠤ ᠰᠡᠷᠭᠡᠭ᠂ ᠪᠣᠬᠢᠷᠲᠤᠯ | ᠦᠭᠡᠢ ᠴᠠᠬᠢᠯᠭᠠᠨ ᠢ ᠠᠰᠢᠭᠯᠠᠬᠤ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠤᠷᠢᠨ ᠠᠪᠴᠢᠷᠠᠵᠤ᠂ ᠲᠤᠰᠬᠠᠢ | ᠲᠠᠯᠠᠪᠤᠷ ᠤᠨ ᠲᠠᠨᠢᠯᠴᠠᠭᠤᠯᠬᠤ ᠬᠤᠷᠠᠯ ᠢ 4 ᠲᠠᠯᠠᠪᠤᠷ ᠡᠷᠭᠢᠯᠡᠵᠦ᠂ 10 ᠲᠥᠷᠥᠯ ᠵᠦᠢᠯ ᠢ ᠰᠠᠭᠤᠷᠢᠰᠢᠭᠤᠯᠤᠨ᠂ | 60 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠡᠯᠧᠮᠧᠨ᠋ᠲ ᠤᠨ | ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠦᠢᠴᠡᠳ ᠰᠠᠶᠢᠲᠤᠷ ᠬᠡᠷᠡᠭᠯᠡᠨ᠂ ᠲᠤᠰᠬᠠᠢ ᠠᠵᠢᠯ ᠢᠶᠠᠷ ᠠᠬᠢᠭᠤᠯᠬᠤ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ᠂ ᠭᠠᠵᠠᠷ ᠰᠢᠷᠣᠢ ᠬᠡᠷᠡᠭᠯᠡᠬᠦ ᠶᠢ ᠵᠦᠪᠰᠢᠶᠡᠷᠡᠭᠦᠯᠪᠡᠯ ᠳᠠᠷᠤᠢ ᠠᠵᠢᠯ ᠡᠬᠢᠯᠡᠭᠦᠯᠬᠦ ᠵᠡᠷᠭᠡ ᠲᠣᠭᠲᠠᠴᠠ ᠶᠢ | ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠬᠦᠴᠢᠷ ᠳᠦᠪᠡᠭ ᠲᠠᠢ ᠠᠰᠠᠭᠤᠳᠠᠯ ᠢ ᠣᠨᠣᠪᠴᠢᠲᠠᠶ ᠰᠢᠢᠳᠪᠦᠷᠢᠯᠡᠵᠦ᠂ | ᠣᠯᠠᠨ ᠵᠦᠢᠯ ᠤᠨ ᠠᠷᠭ᠎ᠠ ᠠᠪᠴᠢᠯ ᠢᠶᠠᠷ ᠠᠷᠠᠯᠵᠢᠶᠠᠴᠢᠨ ᠤᠷᠢᠭᠰᠠᠨ ᠲᠥᠷᠥᠯ ᠵᠦᠢᠯ ᠢ ᠡᠷᠲᠡ ᠠᠵᠢᠯ ᠡᠬᠢᠯᠡᠭᠦᠯᠵᠦ | ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ | ᠬᠡᠷᠡᠭᠯᠡᠭᠡᠨ ᠤ ᠲᠡᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠣᠨ᠎ᠠ᠃ ᠶᠡᠭᠡ ᠬᠡᠮᠵᠢᠶᠡᠨ ᠤ ᠬᠡᠷᠡᠭᠯᠡᠭᠡ ᠶᠢ ᠬᠦᠴᠦᠯᠡᠨ | ᠲᠣᠭᠲᠠᠪᠤᠷᠢᠵᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠤᠨ᠂ ᠠᠷᠠᠳ ᠲᠤ | ᠠᠰᠢᠭᠲᠠᠢ ᠠᠵᠤ ᠠᠬᠤᠶᠢᠯᠠᠯ ᠳᠤ ᠠᠰᠢᠭᠲᠠᠢ ᠬᠡᠷᠡᠭᠯᠡᠭᠡᠨ ᠤ ᠲᠡᠮᠳᠡᠭᠲᠦ ᠶᠢ ᠦᠷᠭᠦᠯᠵᠢᠯᠡᠨ ᠲᠠᠷᠬᠠᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 160 | ᠲᠠᠯᠠᠪᠤᠷ ᠥᠷᠨᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠮᠥᠰᠥ ᠴᠠᠰᠤ | ᠂ ᠵᠤᠰᠠᠭᠠᠯ ᠤᠨ ᠲᠠᠪᠤᠨ ᠶᠡᠭᠡ ᠭᠤᠣᠯ ᠰᠡᠳᠦᠪᠲᠦ ᠰᠣᠶᠣᠯ ᠤᠨ ᠨᠠᠶᠢᠷ ᠢ ᠡᠷᠭᠢᠯᠡᠨ᠂ ᠴᠦᠩᠴᠢᠩ ᠵᠠᠮ ᠤᠨ | ᠣᠨᠴᠠᠯᠢᠭᠲᠤ ᠠᠮᠲᠠᠲᠤ ᠢᠳᠡᠭᠡᠨ ᠤ ᠵᠡᠭᠡᠯᠢ ᠶᠢ ᠪᠠᠶᠢᠭᠤᠯᠵᠤ᠂ ᠰᠣᠳᠣᠨ ᠰᠠᠶᠢᠬᠠᠨ ᠠᠷᠠᠳ ᠤᠨ ᠣᠷᠣᠨ ᠰᠠᠭᠤᠴᠠ | ᠪᠠ ᠨᠠᠷᠢᠯᠢᠭ ᠰᠠᠶᠢᠬᠠᠨ ᠬᠡᠭᠡᠷᠡᠯᠡᠨ ᠪᠠᠭᠤᠳᠠᠯᠯᠠᠬᠤ ᠭᠠᠵᠠᠷ ᠢ 7 ᠪᠠᠶᠢᠭᠤᠯᠣᠨ᠎ᠠ᠃ ᠰᠢᠯᠢ ᠶᠢᠨ ᠠᠭᠤᠳᠠᠮ ᠲᠠᠯᠠᠪᠠᠶ | ᠵᠡᠷᠭᠡ ᠮᠠᠰᠢᠨ ᠲᠡᠷᠭᠡᠨ ᠤ ᠠᠷᠣ ᠶᠢᠨ ᠣᠩᠭᠤᠴᠠᠨ ᠤ ᠠᠵᠤ ᠠᠬᠤᠢ ᠶᠢᠨ ᠡᠵᠡᠩᠨᠡᠯᠲᠡ ᠶᠢ ᠪᠠᠶᠠᠯᠢᠭᠵᠢᠭᠤᠯᠵᠤ᠂ | ᠠᠳᠤᠭᠤᠨ ᠰᠣᠶᠣᠯ ᠤᠨ ᠲᠦᠪ ᠤᠨ ᠰᠥᠨᠢ ᠶᠢᠨ ᠬᠤᠲᠠ᠂ ᠱᠧᠦ ᠹᠠᠩ ᠴᠠᠭᠠᠨ ᠢᠳᠡᠭᠡᠨ ᠤ ᠭᠡᠭᠡᠷᠡᠯᠡᠨ | ᠪᠠᠭᠤᠳᠠᠯᠯᠠᠬᠤ ᠭᠠᠵᠠᠷ ᠵᠡᠷᠭᠡ ᠰᠥᠨᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ︽ | ᠭᠠᠷᠠᠭ ᠤᠨ ᠰᠡᠭᠦᠯᠴᠢ ᠳᠤ ᠡᠮᠦᠨ᠎ᠡ ᠲᠡᠭᠦᠷᠭᠡ ᠪᠠᠷ ᠵᠤᠭᠠᠴᠠᠬᠤ︾ ᠣᠶᠢᠷ᠎ᠠ ᠵᠠᠮ ᠤᠨ ᠵᠢᠭᠤᠯᠴᠢᠯᠠᠯ ᠤᠨ ᠨᠡᠷᠡᠲᠦ | ᠲᠡᠮᠳᠡᠭ ᠢ ᠡᠭᠦᠳᠴᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠬᠥᠭᠵᠢᠭᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠭᠦᠯᠦᠯᠭᠡ᠂ | ᠳᠤᠮᠳᠠᠳᠤ ᠮᠣᠩᠭᠤᠯ ᠣᠷᠣᠰ ᠤᠨ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠵᠡᠷᠭᠡ ᠭᠤᠣᠯ ᠰᠡᠳᠦᠪᠲᠦ ᠪᠠᠷᠠᠭ᠎ᠠ | ᠬᠤᠳᠠᠯᠳᠤᠨ ᠠᠪᠬᠤ ᠠᠵᠢᠯᠯᠠᠭ᠎ᠠ ᠶᠢ ᠡᠷᠭᠢᠯᠡᠵᠦ᠂ ᠳᠠᠯᠭᠡᠨ ᠦᠵᠡᠰᠬᠦᠯᠡᠩ ᠤᠨ ᠬᠡᠷᠡᠭᠯᠡᠭᠡᠨ ᠤ ᠰᠢᠨ᠎ᠡ ᠳᠠᠯᠳᠠ | ᠬᠦᠴᠦᠨ ᠢ ᠪᠦᠲᠦᠮᠵᠢᠲᠡᠶ ᠠᠭᠤᠳᠠᠯᠤᠨ᠎ᠠ᠃ ᠣᠶᠤᠨᠲᠤ ᠬᠤᠳᠠᠯᠳᠤᠭ᠎ᠠ᠂ ︽ᠢᠨᠲ᠋ᠧᠷ ᠰᠦᠯᠵᠢᠶ᠎ᠡ + ᠠᠳᠠᠯ ᠠᠬᠤᠢ︾ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠦᠷᠭᠡᠳᠬᠡᠨ ᠬᠥᠭᠵᠢᠭᠦᠯᠵᠦ᠂ ᠬᠤᠳᠠᠯᠳᠤᠭᠠᠨ ᠤ ᠲᠣᠭᠤᠷᠢᠭ ᠵᠡᠭᠡᠯᠢ | ᠲᠣᠭᠤᠷᠢᠭ ᠤᠨ ᠬᠠᠷᠢᠯᠴᠠᠨ ᠨᠥᠬᠦᠪᠦᠷᠢᠯᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠭᠰᠠᠨ | ᠬᠡᠷᠡᠭᠯᠡᠭᠡᠨ ᠤ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ︵ᠬᠤᠶᠠᠷ︶ ᠠᠮᠢ ᠠᠬᠤᠢ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠵᠤ | ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠰ ᠤᠨ ᠲᠠᠰ | ᠳᠡᠪᠰᠢᠬᠦ ᠪᠠ ᠪᠦᠲᠦᠴᠡ ᠶᠢ ᠳᠤᠬᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ | ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠨᠡᠮᠡᠭᠳᠡᠯ ᠤᠨ ᠰᠢᠨ᠎ᠡ ᠣᠷᠣᠨ ᠵᠠᠢ ᠶᠢ ᠪᠥᠬᠦ ᠬᠦᠴᠦᠨ ᠢᠶᠠᠷ ᠢᠶᠠᠨ ᠨᠡᠭᠡᠭᠡᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢ ᠬᠦᠴᠦᠷᠬᠡᠭᠵᠢᠭᠦᠯᠦᠨ᠎ᠡ᠃ ᠰᠢᠨ᠎ᠡ ᠮᠠᠶ᠋ᠢᠭ ᠤᠨ ᠠᠵᠤ | ᠦᠢᠯᠡᠳᠪᠦᠷᠢᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠲᠠᠢ ᠹᠦ᠋ ᠰᠠᠯᠬᠢᠨ ᠬᠦᠴᠦᠨ ᠤ ᠴᠠᠬᠢᠯᠭᠠᠨ᠂ ᠱᠧᠨ ᠬᠤᠸᠠ | ᠰᠢᠨ᠎ᠡ ᠡᠨᠧᠷᠭᠢ ᠶᠢᠨ ᠰᠤᠷᠪᠤᠯᠵᠢ ᠶᠢᠨ ᠭᠡᠪᠴᠢᠶᠡᠵᠢᠯ ᠢ ᠳᠡᠭᠡᠭᠰᠢᠯᠡᠬᠦᠯᠵᠦ ᠲᠤᠭ᠎ᠠ ᠪᠦᠷᠢᠳᠬᠡᠯ ᠤᠨ ᠰᠢᠰᠲ᠋ᠧᠮ ᠳᠤ | ᠣᠷᠣᠭᠤᠯᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 377 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠣᠯᠭᠠᠨ᠎ᠠ᠃ ᠤᠯᠠᠮᠵᠢᠯᠠᠯᠲᠤ ᠡᠨᠧᠷᠭᠢ ᠶᠢᠨ ᠴᠢᠨᠠᠷ ᠰᠠᠶᠢᠲᠠᠢ ᠦᠢᠯᠡᠳᠪᠦᠷᠢᠯᠡᠬᠦ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠢᠯᠠᠯᠲᠠ ᠠᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ᠂ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠵᠠᠰᠠᠨ ᠨᠠᠶᠢᠷᠠᠭᠤᠯᠵᠤ ᠮᠡᠳᠡᠭᠦᠯᠦᠨ ᠵᠥᠪᠰᠢᠶᠡᠷᠡᠭᠦᠯᠬᠦ ᠶᠢ | ᠪᠡᠶᠡᠯᠡᠭᠦᠯᠵᠦ᠂ ᠳ᠋ᠠ ᠲᠠᠩ ᠤᠨ ᠵᠠᠭᠦᠨ ᠬᠤᠶᠠᠳᠤᠭᠠᠷ ᠠᠭᠤᠷᠬᠠᠢ᠂ ᠤᠯᠠᠭᠠᠨᠳᠤᠭ ᠨᠡᠭᠦᠷᠡᠰᠦᠨ ᠠᠭᠤᠷᠬᠠᠢ ᠶᠢᠨ ᠪᠥᠬᠦ | ᠲᠠᠯ᠎ᠠ ᠪᠠᠷ ᠠᠵᠢᠯ ᠢᠶᠠᠨ ᠡᠬᠢᠯᠡᠭᠦᠯᠵᠦ ᠭᠠᠷᠤᠯᠲᠠ ᠪᠠᠨ ᠰᠡᠷᠭᠦᠭᠡᠬᠦ ᠶᠢ ᠲᠦᠷᠭᠡᠳᠬᠡᠨ᠂ ᠪᠣᠣ ᠱᠠᠨ ᠪᠦᠦ ᠮᠠ | ᠨᠡᠭᠦᠷᠡᠰᠦᠨ ᠠᠭᠤᠷᠬᠠᠢ ᠶᠢ ᠢᠳᠡᠪᠬᠢᠲᠡᠢ ᠪᠠᠷ ᠠᠮᠢᠯᠠᠭᠤᠯᠵᠤ᠂ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠡᠨᠧᠷᠭᠢ ᠶᠢᠨ ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠨᠡᠭᠦᠷᠡᠰᠦᠨ ᠤ | ᠭᠠᠷᠤᠯᠲᠠ 5130 ᠲᠦᠮᠡᠨ ᠲᠣᠨ᠂ ᠲᠦᠭᠦᠬᠡᠢ ᠴᠢᠯᠠᠭᠤᠨ ᠲᠣᠰᠤ 62 ᠲᠦᠮᠡᠨ ᠲᠣᠨ᠂ ᠪᠠᠶᠢᠭᠠᠯᠢ ᠶᠢᠨ | ᠰᠢᠲᠠᠮᠠᠬᠠᠢ ᠬᠡᠢ 600 ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠤ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠢᠯᠠᠯᠲᠠ ᠠᠴᠠ ᠵᠠᠩᠪᠧᠢ ᠬᠦᠷᠬᠦ ᠣᠨᠴᠠ ᠥᠨᠳᠥᠷ | ᠬᠦᠴᠦᠳᠡᠯᠳᠤ ᠴᠠᠬᠢᠯᠭᠠᠨ ᠢ ᠬᠦᠷᠭᠡᠬᠦ ᠵᠡᠷᠭᠡ 3 ᠵᠤᠷᠪᠤᠰ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᡁᠢ ᠾᠦᠢ ᠯᠦᠩ ᠳ᠋ᠡ᠂ ᠤᠮᠠᠷᠠᠳᠤ ᠶᠢᠨ ᠴᠢᠯᠠᠭᠤᠨ ᠲᠣᠰᠤ ᠵᠡᠷᠭᠡ 7 ᠲᠠᠷᠬᠠᠮᠠᠯ ᠬᠡᠯᠪᠡᠷᠢ ᠶᠢᠨ ᠰᠢᠨ᠎ᠡ | ᠡᠨᠧᠷᠭᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠶᠢ ᠠᠬᠢᠭᠤᠯᠵᠤ᠂ ᠲᠠᠢ ᠹᠦ᠋ | 40 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠲᠠᠢ ᠹᠦ᠋ ᠰᠠᠯᠬᠢᠨ ᠬᠦᠴᠦᠨ ᠤ ᠳᠤᠨᠤᠭᠯᠠᠯ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 42.2 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠲᠤᠨᠤᠭᠯᠠᠯ | ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠵᠦᠩ ᠼᠠᠢ ᠰᠡᠩᠰᠡᠨ ᠤ ᠮᠡᠷᠭᠡᠵᠢᠯ ᠢ ᠥᠭᠡᠷᠡᠴᠢᠯᠡᠨ | ᠲᠡᠰ ᠳᠡᠪᠰᠢᠭᠦᠯᠬᠦ ᠶᠢ ᠠᠬᠢᠭᠤᠯᠵᠤ᠂ ᠵᠦᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ | ᠬᠦᠷᠢᠶᠡᠯᠡᠩ᠂ ᠶᠤᠸᠠᠨ ᠵᠢᠩ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠮᠢᠩ ᠶᠠᠩ | ᠳᠤᠮᠤ ᠰᠠᠶ᠎ᠠ ᠸᠠᠲ ᠤᠨ ᠰᠡᠩᠰᠨ᠂ ᠶᠤᠸᠠᠨ ᠳ᠋ᠦᠩ ᠰᠢᠨ᠎ᠡ ᠡᠨᠧᠷᠭᠢ ᠶᠢᠨ ᠬᠤᠶᠠᠳᠤᠭᠠᠷ ᠬᠤᠭᠤᠴᠠᠭ᠎ᠠ ᠵᠡᠷᠭᠡ | ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠤ | ᠲᠥᠬᠦᠭᠡᠷᠦᠮᠵᠢ ᠶᠢ ᠳᠠᠬᠢᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠵᠢᠶᠠ ᠫᠧᠩ᠂ ᠴᠧᠨ ᠹᠧᠢ | ᠵᠡᠷᠭᠡ ᠰᠠᠯᠬᠢᠨ ᠬᠦᠴᠦᠨ ᠤ ᠮᠠᠰᠢᠨ ᠤ ᠰᠠᠩᠰᠡ ᠶᠢ ᠡᠭᠡᠭᠦᠯᠦᠨ ᠬᠤᠷᠢᠶᠠᠵᠤ ᠥᠨᠳᠥᠷ ᠥᠷᠲᠡᠭᠲᠦ ᠳᠠᠬᠢᠨ | ᠠᠰᠢᠭᠯᠠᠬᠤ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠡᠷᠡᠯ | ᠴᠠᠬᠢᠯᠭᠠᠨ ᠤ ᠡᠯᠧᠺᠲᠷᠣᠨ ᠮᠠᠲ᠋ᠧᠷᠢᠶᠠᠯ ᠤᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠬᠤᠰᠢᠭᠤᠴᠢ ᠰᠢᠨ᠎ᠡ | ᠬᠡᠯᠪᠡᠷᠢ ᠶᠢᠨ ᠬᠡᠷᠡᠯ ᠴᠠᠬᠢᠯᠭᠠᠨ ᠤ ᠡᠯᠧᠺᠲᠷᠣᠨ ᠤ ᠠᠵᠤ ᠦᠢᠯᠡᠰ ᠤᠨ ᠬᠦᠷᠢᠶᠡᠯᠡᠩ᠂ ᠬᠡᠷᠡᠯ ᠤᠨ ᠤᠬᠠᠭᠠᠨ ᠤ | ᠮᠠᠲ᠋ᠧᠷᠢᠶᠠᠯ ᠤᠨ ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠪᠠᠷ | ᠴᠢᠷᠮᠠᠶᠢᠨ᠎ᠠ᠃ ᠭᠤᠣᠯᠳᠠᠯᠭ᠎ᠠ ᠲᠠᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠶᠢ ᠲᠦᠷᠭᠡᠳᠬᠡᠵᠦ᠂ ᠲᠠᠢ ᠹᠦ᠋᠂ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠪᠥᠬᠦ | ᠲᠠᠯ᠎ᠠ ᠶᠢᠨ ᠡᠵᠡᠩᠨᠡᠯᠲᠡ ᠶᠢ ᠠᠬᠢᠭᠤᠯᠵᠤ᠂ ᠡᠨᠧᠷᠭᠢ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠢ | ᠶᠡᠷᠦᠩᠬᠡᠢ ᠬᠡᠯᠲᠡᠰ ᠤᠨ ᠴᠤᠭᠯᠠᠷᠠᠯ ᠤᠨ ᠣᠷᠣᠨ ᠢ ᠪᠠᠶᠢᠭᠤᠯᠣᠨ᠎ᠠ᠃ ᠵᠢᠶᠠ ᠶᠦᠨ᠂ ᠵᠢᠶᠠ ᠯᠢ ᠵᠡᠷᠭᠡ ᠲᠣᠰ ᠭᠠᠵᠠᠷ | ᠣᠷᠣᠨ ᠤ ᠰᠢᠨ᠎ᠡ ᠡᠨᠧᠷᠭᠢ ᠶᠢᠨ ᠡᠵᠡᠩᠨᠡᠯᠳᠡ ᠠᠷᠠᠴᠢᠯᠠᠯᠠᠲᠠ ᠶᠢᠨ ᠠᠵᠤ ᠠᠬᠤᠶᠢᠯᠠᠯ ᠢ ᠪᠣᠶᠢᠵᠢᠭᠤᠯᠤᠨ | ᠪᠤᠵᠠᠭᠠᠶᠢᠷᠠᠭᠤᠯᠵᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠣᠶᠤᠨᠴᠢ ᠡᠵᠡᠩᠨᠡᠯᠳᠡ ᠠᠷᠠᠴᠢᠯᠠᠯᠠᠲᠠ ᠶᠢᠨ | ᠰᠠᠭᠤᠷᠢᠨ ᠭᠠᠵᠠᠷ ᠢ ᠪᠠᠶᠢᠭᠤᠯᠤᠨ᠎ᠠ᠃ ᠺᠧ ᠨᠥᠸᠧ ᠱᠧᠩ ᠲᠠᠢ ᠵᠡᠷᠭᠡ 4 ᠲᠥᠷᠥᠯ ᠵᠦᠢᠯ ᠢ ᠪᠦᠲᠦᠭᠡᠨ | ᠪᠠᠶᠢᠭᠤᠯᠵᠣ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠣᠶᠤᠨᠲᠤ ᠬᠦᠷᠢᠶᠡᠯᠡᠩ ᠲᠣᠭᠤᠷᠢᠭ ᠪᠠ ᠳᠤᠤᠷ᠎ᠠ ᠨᠡᠭᠦᠷᠡᠰᠦᠲᠥ᠋ᠷᠥᠭᠴᠢᠳᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠦᠯ ᠦᠭᠡᠢ ᠴᠠᠬᠢᠯᠭᠠᠨ ᠢᠶᠠᠷ 5 ᠲᠦᠮᠡᠨ ᠺᠢᠯᠣᠸᠠᠲ ᠢ | ᠣᠷᠣᠯᠠᠭᠤᠯᠬᠤ ᠶᠢ ᠪᠡᠶᠡᠯᠡᠭᠦᠯᠦᠨ᠎ᠡ᠃ 2.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠢᠩ ᠶᠠᠩ ᠵᠠᠮ ᠢ | ᠥᠷᠭᠡᠳᠬᠡᠨ ᠰᠢᠨ᠎ᠡ ᠪᠠᠷ ᠪᠠᠶᠢᠭᠤᠯᠬᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ | ᠲᠣᠭᠤᠷᠢᠭ ᠤᠨ ᠵᠠᠮ ᠢ ᠢᠵᠢ ᠪᠦᠷᠢᠳᠦᠭᠦᠯᠬᠦ ᠵᠡᠷᠭᠡ 6 ᠲᠥᠷᠥᠯ ᠵᠦᠢᠯ ᠢ ᠬᠡᠷᠡᠭᠵᠢᠭᠦᠯᠵᠦ᠂ 200 ᠮᠦ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠢ ᠪᠡᠯᠡᠳᠬᠡᠵᠦ᠂ 1.2 ᠲᠦᠮᠡᠨ ᠲᠡᠭᠰᠢ ᠳᠥᠷᠪᠡᠯᠵᠢᠨ ᠮᠧᠲᠷ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ | ᠥᠷᠲᠡᠭ᠂ ᠭᠠᠶᠢᠯᠢ ᠲᠠᠲᠠᠪᠤᠷᠢ ᠶᠢ ᠲᠣᠰ ᠲᠣᠰ 7%᠂ 5% ᠪᠠᠷ ᠨᠡᠮᠡᠭᠳᠡᠭᠦᠯᠦᠨ᠂ ᠮᠦ ᠪᠦᠷᠢ ᠶᠢᠨ ᠳᠤᠮᠳᠠᠴᠢ | ᠦᠷ᠎ᠡ ᠠᠰᠢᠭ ᠢ 7% ᠪᠠᠷ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠨᠠᠷᠢᠯᠢᠭᠵᠢᠭᠤᠯᠣᠨ᠎ᠠ᠃ ᠤᠯᠤᠰ ᠤᠨ ᠲᠠᠰ ᠤᠨ ᠣᠲᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ | ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠣᠬᠢᠷᠲᠤᠯ ᠦᠭᠡᠢ ᠣᠷᠭᠠᠨᠢᠭ ᠢᠶᠠᠷ ᠬᠦᠭᠵᠢᠭᠰᠡᠨ ᠰᠢᠯᠢ ᠶᠢᠨ | ᠬᠤᠲᠠ ᠶᠢᠨ ᠥᠯᠢᠭᠡᠷ ᠳᠠᠭᠤᠷᠢᠶᠠᠯ ᠢ ᠴᠢᠷᠮᠠᠶᠢᠨ ᠴᠤᠭᠴᠠᠯᠠᠨ᠎ᠠ᠃ ᠮᠢᠬᠠᠨ ᠤ ᠬᠤᠨᠢᠨ ᠤ ᠠᠵᠤ ᠦᠢᠯᠡᠰ ᠢ ᠲᠦᠯᠬᠢᠨ | ᠠᠬᠢᠭᠤᠯᠵᠤ᠂ ᠬᠤᠶᠢᠲᠣ ᠬᠡᠰᠡᠭ ᠤᠨ ᠮᠠᠯᠵᠢᠬᠤ ᠣᠷᠣᠨ ᠳᠤ ᠦᠵᠦᠮᠦᠴᠢᠨ ᠬᠤᠨᠢᠨ ᠤ ᠡᠭᠦᠯᠳᠡᠷ ᠪᠣᠶᠢᠵᠢᠭᠤᠯᠬᠤ ᠪᠠ | ᠡᠭᠦᠯᠳᠡᠷ ᠰᠠᠶᠢᠵᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ 10 ᠲᠦᠮᠡᠨ ᠳᠤᠯᠤᠭᠠᠢ ᠬᠤᠨᠢ ᠳᠤ ᠮᠦᠷᠳᠡᠬᠦ | ᠰᠢᠰᠲ᠋ᠧᠮ ᠣᠷᠣᠭᠤᠯᠬᠤ ᠶᠢ ᠪᠡᠶᠡᠯᠡᠭᠦᠯᠦᠨ᠎ᠡ᠃ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢᠨ ᠤ ᠦᠨ᠎ᠡ | ᠬᠠᠩᠰᠢ ᠶᠢᠨ ᠬᠠᠶᠠᠯᠴᠠᠭ᠎ᠠ ᠶᠢ ᠳᠡᠯᠭᠡᠷᠡᠭᠦᠯᠵᠦ᠂ ᠪᠡᠯᠴᠢᠭᠡᠷ ᠤᠨ ᠬᠤᠨᠢᠨ ᠤ ᠡᠷᠬᠡ ᠣᠯᠭᠤᠵᠤ ᠡᠳ᠋ᠰᠢᠭᠦᠯᠬᠦ ᠠᠵᠤ | ᠠᠬᠤᠶᠢᠯᠠᠯ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ᠂ ᠪᠡᠯᠴᠢᠭᠡᠷ ᠤᠨ ᠬᠤᠨᠢᠨ ᠤ ᠲᠠᠩ | ᠴᠣᠭᠴᠠ ᠶᠢᠨ ᠶᠡᠷᠦᠩᠬᠡᠶᠢᠯᠡᠭᠰᠡᠨ ᠥᠷᠲᠡᠭ ᠢ 8% ᠨᠡᠮᠡᠭᠳᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠪᠥᠭᠡᠳ | ᠦᠨᠳᠦᠷ ᠦᠨ᠎ᠡ ᠪᠦᠬᠦᠢ ᠦᠷ᠎ᠡ ᠠᠰᠢᠭ ᠢ ᠪᠡᠶᠡᠯᠡᠭᠦᠯᠦᠨ᠎ᠡ᠃ ᠡᠮᠦᠨ᠎ᠡ ᠬᠡᠰᠡᠭ ᠤᠨ ᠮᠠᠯᠵᠢᠬᠤ ᠣᠷᠣᠨ ᠳᠤ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ | ᠬᠡᠪᠴᠢᠶᠡᠵᠢᠭᠦᠯᠦᠭᠰᠡᠨ ᠬᠠᠰᠢᠶᠠᠯᠠᠨ ᠲᠡᠵᠢᠭᠡᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠮᠣᠳᠤᠨ ᠮᠠᠯᠵᠢᠯ ᠤᠨ ᠲᠠᠯᠠᠪᠠᠢ ᠶᠢᠨ ᠣᠲᠣ ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠤᠨ | ᠬᠦᠷᠢᠶᠡᠯᠡᠩ ᠢ ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ︽ᠵᠢᠵᠢᠭ ᠲᠠᠷᠠᠬᠠᠢ ᠡᠮᠬᠢ ᠵᠢᠷᠤᠮ ᠦᠭᠡᠢ︾ | ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠶᠢ ᠠᠬᠢᠭᠤᠯᠤᠨ᠂ | ᠪᠣᠷᠳᠣᠨ ᠲᠡᠵᠢᠭᠡᠬᠦ ᠬᠤᠨᠢ ᠶᠢ 35 ᠲᠦᠮᠡ ᠭᠠᠷᠭᠠᠬᠤ ᠪᠠᠷ ᠴᠢᠷᠮᠠᠶᠢᠵᠤ᠂ 11% ᠪᠠᠷ ᠨᠡᠮᠡᠭᠳᠡᠭᠦᠯᠦᠨ᠂ | ᠬᠡᠪᠴᠢᠶᠡᠵᠢᠭᠦᠯᠦᠨ ᠡᠷᠴᠢᠮᠵᠢᠭᠦᠯᠦᠭᠰᠡᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠮᠢᠬᠠᠨ ᠤ ᠦᠬᠡᠷ ᠤᠨ ᠠᠵᠤ | ᠦᠢᠯᠡᠰ ᠤᠨ ᠲᠦᠷᠭᠡᠨ ᠢᠶᠠᠷ ᠬᠥᠭᠵᠢᠬᠦ ᠶᠢ ᠠᠬᠢᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ 2 ᠥᠷᠲᠡᠭᠡ | ᠴᠢᠭ᠋ ᠢ ᠰᠢᠨ᠎ᠡ ᠪᠠᠷ ᠪᠠᠶᠢᠭᠤᠯᠵᠤ᠂ ᠡᠭᠦᠯᠳᠡᠷ ᠰᠠᠶᠢᠵᠢᠷᠠᠭᠤᠯᠤᠭᠰᠠᠨ ᠳᠤᠭ᠎ᠠ 6.9 ᠲᠦᠮᠨ ᠬᠦᠷᠭᠡᠵᠦ᠂ ᠥᠪᠡᠰᠦᠪᠡᠨ | ᠦᠷᠡᠵᠢᠭᠦᠯᠦᠭᠰᠡᠨ ᠰᠠᠶᠢᠨ ᠡᠭᠦᠯᠳᠡᠷ ᠤᠨ ᠡᠬᠡ ᠮᠠᠯ᠂ ᠡᠭᠦᠯᠳᠡᠷ ᠤᠨ ᠪᠤᠬ᠎ᠠ ᠶᠢ ᠲᠣᠰ ᠲᠣᠰ 3000᠂ 400 | ᠳᠤᠯᠤᠭᠠᠢ ᠰᠢᠨ᠎ᠡ ᠪᠠᠷ ᠨᠡᠮᠡᠭᠳᠡᠭᠦᠯᠦᠨ᠂ ᠭᠤᠤᠯᠳᠠᠯᠭᠠᠳᠤ ᠰᠦᠷᠦᠭ ᠢ 1 ᠰᠢᠨ᠎ᠡ ᠪᠠᠷ ᠨᠡᠮᠡᠭᠳᠡᠭᠦᠯᠵᠦ᠂ ᠮᠠᠯ ᠤᠨ | ᠳᠤᠭ᠎ᠠ ᠳᠤᠯᠤᠭᠠᠢ ᠶᠢ 12.7 ᠲᠦᠮᠨ ᠬᠦᠷᠭᠡᠨ᠎ᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠯᠬᠤᠴᠠ ᠪᠠᠨ ᠲᠦᠷᠭᠡᠳᠬᠡᠵᠦ᠂ ᠵᠥᠩ ᠺᠧ ᠴᠧᠨ ᠰᠢᠩ ᠣᠨᠴᠠ ᠲᠥᠷᠥᠯ ᠤᠨ ᠰᠦ᠂ ᠢᠯᠢ ᠣᠶᠤᠨᠴᠢ | ᠦᠢᠯᠡᠳᠪᠦᠷᠢ ᠶᠢᠨ ᠲᠠᠰ ᠳᠡᠪᠰᠢᠬᠦ᠂ ᠮᠦ ᠰᠢᠶᠠᠩ ᠶᠤᠸᠠᠨ ᠣᠨᠴᠠᠯᠢᠭᠲᠤ ᠰᠦᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠯᠢ ᠶᠢᠨ | ᠭᠤᠣᠯ ᠤᠨ ᠴᠠᠭᠠᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠢ 4 | ᠰᠢᠨ᠎ᠡ ᠪᠠᠷ ᠨᠡᠮᠡᠭᠳᠡᠭᠦᠯᠦᠨ᠂ ᠵᠢᠵᠢᠭ ᠦᠢᠯᠡᠳᠬᠡᠯ ᠤᠨ ᠭᠠᠵᠠᠷ ᠢ 10 ᠪᠣᠶᠢᠵᠢᠭᠤᠯᠤᠨ ᠲᠠᠰ ᠳᠡᠪᠰᠢᠭᠦᠯᠵᠦ᠂ | ᠰᠠᠭᠠᠯᠢ ᠶᠢᠨ ᠦᠨᠢᠶ᠎ᠡ ᠶᠢ 4.06 ᠲᠦᠮᠡᠨ ᠲᠣᠯᠣᠭᠠᠢ ᠲᠡᠵᠢᠭᠡᠵᠦ᠂ ᠵᠢᠯ ᠳᠤ 11 ᠲᠦᠮᠡᠨ ᠲᠣᠨ ᠰᠦ ᠰᠠᠭᠠᠵᠤ᠂ | ᠰᠦ ᠶᠢᠨ ᠦᠢᠯᠡᠰ ᠤᠨ ᠦᠢᠯᠡᠳᠬᠦᠨ ᠤ ᠥᠷᠲᠡᠭ ᠢ 2.5 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ | ᠴᠢᠷᠮᠠᠶᠢᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ | ᠵᠥᠩ ᠴᠧᠩ ᠰᠢᠨ ᠮᠦ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠶᠤᠸᠠᠨ ᠾᠦᠢ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ ᠵᠢᠴᠢ ᠪᠦᠬᠢᠷᠳᠤᠯ ᠦᠭᠡᠶᠢᠳᠡᠭᠦᠯᠦᠨ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠦᠨ᠂ | ᠳᠡᠭᠵᠢᠨ ᠬᠤᠷᠠᠭ᠎ᠠ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ᠂ ᠤᠷᠢᠳᠴᠢᠯᠠᠨ ᠪᠡᠯᠡᠳᠬᠡᠭᠰᠡᠨ ᠨᠣᠭᠤᠭ᠎ᠠ ᠶᠢᠨ | ᠠᠵᠤ ᠦᠢᠯᠡᠰ ᠤᠨ ᠬᠦᠷᠢᠶᠡᠯᠡᠩ ᠵᠡᠷᠭᠡ 5 ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠸᠧᠢ ᠶᠤᠸᠠᠨ ᠵᠡᠷᠭᠡ 3 ᠠᠵᠤ ᠠᠬᠤᠶᠢᠯᠠᠯ ᠤᠨ ᠲᠠᠰ ᠳᠡᠪᠰᠢᠨ ᠬᠦᠭᠵᠢᠬᠦ ᠶᠢ ᠳᠡᠮᠵᠢᠵᠦ᠂ ᠨᠠᠷᠢᠯᠢᠭ | ᠡᠳ᠋ᠰᠢᠭᠦᠯᠬᠦ ᠨᠣᠷᠮ᠎ᠠ ᠶᠢ 80% ᠳᠤ ᠬᠦᠷᠦᠭᠦᠯᠬᠦ ᠪᠠᠷ ᠴᠢᠷᠮᠠᠶᠢᠨ᠎ᠠ᠃ 3.24 ᠲᠦᠮᠡᠨ ᠮᠣ᠋ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 3.5 ᠲᠦᠮᠡᠨ ᠲᠣᠨ ᠳᠤ | ᠬᠦᠷᠭᠡᠬᠦ ᠶᠢ ᠪᠠᠲᠤᠯᠠᠨ᠎ᠠ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ᠎ᠡ᠃ ︽ᠬᠤᠪᠢ ᠶᠢᠨ ᠦᠢᠯᠡᠳᠪᠤᠷᠢ | ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠬᠤ︾᠂ ︽ᠠᠵᠤ ᠠᠬᠤᠶᠢᠯᠠᠯ ᠤᠨ ᠳᠡᠰ ᠳᠡᠪᠰᠢᠬᠦ ︾ ᠶᠢ | ᠶᠡᠬᠡᠪᠡᠷ ᠳᠡᠮᠵᠢᠵᠦ᠂ ᠬᠢᠵᠠᠭᠠᠷᠯᠠᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 2 | ᠰᠢᠨ᠎ᠡ ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ | ᠲᠤᠭ᠎ᠠ ᠶᠢ 3% ᠪᠠᠷ ᠨᠡᠮᠡᠭᠳᠡᠭᠦᠯᠦᠨ᠎ᠡ᠃ ᠨᠢᠭᠡ ᠪᠦᠯᠦᠭ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠬᠤᠢ | ᠪᠠᠶᠢᠳᠠᠯ ᠢ ᠪᠣᠶ ᠪᠣᠯᠭᠠᠵᠤ᠂ ᠨᠠᠭᠠᠳᠤᠮ ᠬᠦᠷᠢᠶᠡᠯᠡᠩ᠂ ᠭᠠᠯᠲᠤ ᠠᠭᠤᠯᠠ ᠪᠠᠭᠤᠳᠠᠯ ᠵᠡᠷᠭᠡ ᠲᠦᠷᠦᠯ ᠵᠦᠢᠯ ᠤᠨ | ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠂ ᠪᠡᠶᠢᠰᠡ ᠶᠢᠨ ᠰᠦᠮ᠎ᠡ ᠵᠡᠷᠭᠡ 6 ᠥᠨᠳᠥᠷ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠱᠧᠦ ᠹᠠᠩ ᠬᠦᠷᠢᠶᠡᠯᠡᠩ | ᠲᠣᠭᠤᠷᠢᠭ ᠤᠨ ︽ᠠᠵᠤ ᠦᠢᠯᠡᠳᠪᠦᠷᠢ ᠶᠢᠨ ᠵᠢᠭᠤᠯᠴᠢᠯᠠᠯ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ | ᠬᠥᠭᠵᠢᠭᠦᠯᠦᠨ᠂ ᠠᠯᠲᠠᠩᠬᠠᠨ ᠲᠠᠯ᠎ᠠ ᠨᠤᠲᠤᠭ ᠵᠡᠷᠭᠡ 4 ᠵᠢᠭᠤᠯᠴᠢᠯᠠᠨ ᠰᠡᠭᠦᠳᠡᠷᠯᠡᠬᠦ ᠭᠠᠵᠠᠷ ᠢ ᠤᠬᠠᠭᠤᠯᠤᠨ | ᠳᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠰᠣᠶᠣᠯ ᠪᠡᠶ᠎ᠡ ᠲᠠᠮᠢᠷ ᠵᠢᠭᠤᠯᠴᠢᠯᠠᠯ | ︾ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ | ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠢ ᠡᠷᠡᠮᠵᠢᠯᠡᠨ ᠡᠷᠭᠢᠯᠡᠵᠦ᠂ ᠣᠯᠠᠨ ᠡᠵᠡᠩᠨᠡᠯᠲᠡ ᠶᠢᠨ | ᠠᠷᠭ᠎ᠠ ᠮᠠᠶ᠋ᠢᠭ ᠢᠶᠠᠷ ᠨᠠᠭᠠᠳᠤᠮ ᠤᠨ ᠰᠢᠷᠢᠰ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠳᠠᠭᠤᠤ ᠬᠥᠭᠵᠢᠮ | ᠠᠮᠲᠠᠲᠤ ᠢᠳᠡᠭᠡᠨ᠂ ᠴᠠᠭᠠᠨ ᠢᠳᠡᠭᠡᠨ ᠤ ᠰᠣᠶᠣᠯ ᠵᠡᠷᠭᠡ ᠣᠨᠴᠠᠯᠢᠭᠲᠤ ᠠᠵᠢᠯᠯᠠᠭ᠎ᠠ ᠶᠢ ᠰᠢᠯᠵᠢᠭᠵᠢᠭᠦᠯᠦᠨ | ᠥᠷᠨᠢᠭᠦᠯᠦᠨ᠎ᠡ᠃ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤ ᠤᠯᠠᠷᠢᠯ ᠤᠨ ᠲᠠᠮᠢᠷ ᠤᠨ | ᠴᠤᠭᠯᠠᠭᠠᠨ︾ ᠢᠶᠠᠷ ᠠᠵᠠ ᠲᠣᠬᠢᠶᠠᠯ ᠪᠣᠯᠭᠠᠵᠤ᠂ ᠮᠥᠰᠥ ᠴᠠᠰᠤᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ | ᠭᠤᠣᠯ ᠱᠤᠭᠤᠮ ᠪᠣᠯᠭᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ | ᠦᠷᠭᠡᠳᠬᠡᠵᠦ᠂ ᠮᠥᠰᠥ ᠴᠠᠰᠤᠨ ᠤ ᠭᠤᠣᠯ ᠰᠡᠳᠦᠪᠲᠦ ᠵᠢᠭᠤᠯᠴᠢᠯᠠᠯ ᠤᠨ 2 ᠱᠤᠭᠤᠮ ᠢ ᠰᠢᠯᠢᠳᠡᠭᠵᠢᠭᠦᠯᠵᠦ᠂ | ᠮᠥᠰᠥᠨ ᠳᠡᠭᠡᠷᠡᠬᠢ ᠯᠤᠤᠲᠤ ᠣᠩᠭᠤᠴᠠ᠂ ᠠᠳᠣᠭᠤᠨ ᠰᠣᠶᠣᠯ ᠤᠨ ᠲᠦᠪ ᠤᠨ ᠮᠥᠰᠥ ᠴᠠᠰᠤᠨ ᠤ ᠨᠠᠶᠢᠷ ᠵᠡᠷᠭᠡ | ᠮᠥᠰᠥᠨ ᠳᠡᠭᠡᠷᠡᠬᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠡᠷᠬᠢᠯᠡᠵᠦ᠂ ᠮᠥᠰᠥ ᠴᠠᠰᠤᠨ ᠤ ᠵᠢᠭᠤᠯᠴᠢᠯᠠᠯ ᠤᠨ | ᠲᠡᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠰᠣᠶᠣᠯ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ | ᠭᠠᠶᠢᠬᠠᠭᠤᠯᠵᠦ᠂ ᠬᠤᠲᠠ ᠶᠢᠨ ᠵᠢᠭᠤᠯᠴᠢᠯᠠᠯ ᠤᠨ IP ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠠᠷᠠᠯᠵᠢᠶᠠᠴᠢᠨ | ᠤᠷᠢᠵᠤ ᠲᠠᠨᠢᠯᠴᠠᠭᠤᠯᠬᠤ ᠲᠤᠰᠬᠠᠢ ᠲᠠᠯᠠᠪᠤᠷ ᠤᠨ ᠬᠤᠷᠠᠯ ᠡᠷᠭᠢᠯᠡᠵᠦ᠂ ︽ᠰᠢᠯᠢ ᠶᠢᠨ ᠬᠤᠲᠠ ᠳᠤ ᠢᠷᠡᠵᠦ | ᠰᠦ ᠲᠠᠢ ᠴᠠᠢ ᠤᠤᠭᠤᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠢᠯᠢᠨ ᠰᠦ ᠲᠠᠢ ᠴᠠᠢ᠂ ᠰᠢᠯᠢᠨ | ᠮᠣᠩᠭᠤᠯ ᠬᠤᠭᠤᠯᠠ ᠵᠡᠷᠭᠡ ᠭᠠᠵᠠᠷ ᠣᠷᠣᠨ ᠤ ᠣᠨᠴᠠᠯᠢᠭ ᠢ ᠲᠠᠨᠢᠯᠴᠠᠭᠤᠯᠵᠣ᠂ ︽ᠰᠢᠯᠢ ᠶᠢᠨ ᠬᠤᠲᠠ ᠶᠢᠨ ᠡᠭᠦᠯᠡᠨ | ᠵᠢᠭᠤᠯᠴᠢᠯᠠᠯ︾ ᠲᠠᠪᠴᠠᠩ ᠢ ᠳᠡᠯᠭᠡᠷᠡᠭᠦᠯᠦᠨ᠂ ︽ᠰᠢᠯᠢ ᠶᠢᠨ ᠰᠠᠶᠢᠨ ᠪᠡᠯᠡᠭ︾ ᠰᠣᠶᠣᠯ ᠤᠨ ᠡᠭᠦᠳᠦᠯᠲᠡ ᠶᠢᠨ | ᠨᠠᠷᠠᠲᠤ ᠲᠥᠷᠥᠯ ᠲᠡᠮᠳᠡᠭᠲᠦ ᠪᠠᠷ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠦᠭᠵᠢᠭᠡᠨ᠎ᠡ᠃ ᠠᠷᠠᠯᠵᠢᠶ᠎ᠠ ᠶᠢᠨ | ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠴᠢᠩᠭᠠᠳᠬᠠᠵᠤ᠂ ᠲᠣᠮᠣ ᠬᠡᠯᠪᠡᠷᠢ ᠶᠢᠨ ᠬᠡᠲᠦ | ᠳᠡᠯᠭᠡᠭᠦᠷ 2 ᠶᠢ ᠨᠡᠮᠡᠭᠳᠡᠬᠦᠯᠵᠦ᠂ ᠬᠠᠮᠤᠭ ᠠᠩᠬ᠎ᠠ ᠰᠢᠯᠢ ᠶᠢᠨ ᠬᠤᠳᠠ ᠳᠤ ᠰᠠᠭᠤᠷᠢᠰᠢᠭᠰᠠᠨ 10 ᠳᠡᠯᠭᠡᠭᠦᠷ | ᠣᠷᠣᠭᠤᠯᠵᠣ᠂ ᠤᠯᠠᠮᠵᠢᠯᠠᠯᠲᠤ ᠵᠢᠵᠢᠭᠯᠡᠨ ᠬᠤᠳᠠᠯᠳᠤᠬᠤ ᠦᠢᠯᠡᠰ ᠢ ︽ᠰᠦᠯᠵᠢᠶᠡᠨ ᠳᠡᠭᠡᠷ᠎ᠡ + ᠪᠠᠷᠠᠭᠠᠨ ᠤ | ᠭᠦᠢᠯᠭᠡᠭᠡᠨ︾ ᠳᠠᠰᠢ ᠤᠷᠲᠤᠳᠬᠠᠬᠤ ᠶᠢ ᠵᠣᠷᠢᠭᠵᠢᠭᠤᠯᠤᠨ᠂ ︽ᠭᠤᠣᠯ ᠲᠣᠭᠤᠭᠠᠨ ᠭᠡᠷ + ᠢᠳᠡᠭᠡᠨ ᠤᠮᠳᠠᠭᠠᠨ | ᠲᠣᠬᠢᠷᠠᠭᠤᠯᠤᠨ ᠬᠦᠷᠭᠡᠬᠦ︾ ᠵᠠᠭᠪᠤᠷ ᠢ ᠬᠠᠶᠢᠨ ᠰᠦᠪᠡᠭᠴᠢᠯᠡᠵᠦ᠂ ᠬᠤᠷᠠᠯ ᠴᠤᠭᠯᠠᠭᠠᠨ ᠦᠵᠡᠰᠬᠦᠯᠡᠩ ᠤᠨ ᠠᠵᠤ | ᠠᠬᠤᠢ ᠶᠢᠨ ᠰᠢᠨ᠎ᠡ ᠨᠡᠮᠡᠭᠳᠡᠯ ᠴᠡᠭ ᠢ ᠢᠳᠡᠪᠬᠢᠲᠡᠢ ᠪᠠᠷ ᠪᠣᠶ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ | ᠪᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠠᠩ ᠣᠯᠠᠨ | ︽ᠰᠢᠯᠢᠨ ᠦᠢᠯᠡᠳᠬᠦᠨ︾ ᠢ ᠭᠠᠳᠠᠭᠰᠢ ᠭᠠᠷᠭᠠᠬᠤ ᠪᠠᠷ ᠴᠢᠷᠮᠠᠶᠢᠨ᠎ᠠ᠃ | ᠤᠳᠤ ᠦᠶ᠎ᠡ ᠶᠢᠨ ᠠᠳᠤᠭᠤᠨ ᠤ ᠦᠢᠯᠡᠰ ᠢ ᠠᠮᠢᠵᠢᠭᠤᠯᠤᠨᠠ᠃ ᠰᠢᠯᠢ ᠶᠢᠨ ᠭᠤᠣᠯ ᠠᠳᠤᠭᠤᠨ ᠤ ᠡᠭᠦᠯᠳᠡᠷ | ᠪᠣᠶᠢᠵᠢᠭᠤᠯᠬᠤ ᠰᠢᠨ᠎ᠡ ᠶᠢ ᠡᠭᠦᠳᠬᠦ ᠲᠥᠷᠥᠯ ᠵᠦᠢᠯ ᠢ ᠬᠡᠷᠡᠭᠵᠢᠭᠦᠯᠵᠦ᠂ ᠪᠠᠶᠠᠨᠰᠢᠯᠢ ᠤᠯᠤᠰ ᠤᠨ ᠳᠡᠰ ᠤᠨ | ᠠᠳᠤᠭᠤᠨ ᠤ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠢ ᠪᠠᠶᠢᠭᠤᠯᠵᠤ᠂ ᠡᠮᠦᠨ᠎ᠡ ᠲᠡᠭᠦᠷᠭᠡ ᠶᠢᠨ ᠵᠡᠭᠡᠯᠢ | ᠭᠤᠳᠤᠮᠵᠢ ᠶᠢᠨ ᠤᠯᠤᠰ ᠤᠨ ᠳᠡᠰ ᠤᠨ ᠣᠲᠣ ᠦᠶ᠎ᠡ ᠶᠢᠨ ᠠᠳᠤᠭᠤᠨ ᠤ ᠠᠵᠤ ᠦᠢᠯᠡᠰ ᠤᠨ ᠬᠦᠷᠢᠶᠡᠯᠡᠩ ᠢ | ᠴᠢᠷᠮᠠᠶᠢᠨ ᠪᠠᠶᠢᠭᠤᠯᠵᠤ᠂ ︽ᠰᠢᠯᠢ ᠶᠢᠨ ᠭᠤᠣᠯ ᠠᠳᠣᠭᠤ︾ ᠶᠢᠨ ᠭᠠᠵᠠᠷ ᠣᠷᠣᠨ ᠤ ᠣᠨᠴᠠᠯᠢᠭᠲᠤ ᠲᠠᠸᠠᠷ ᠤᠨ | ᠲᠡᠮᠳᠡᠭ ᠢ ᠡᠷᠡᠮᠡᠯᠵᠡᠨ᠎ᠡ᠃ ᠠᠳᠤᠭᠤᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ | ᠢᠳᠡᠪᠬᠢᠲᠡᠢ ᠪᠠᠷ ᠥᠷᠭᠡᠳᠬᠡᠵᠦ᠂ 2 ᠭᠤᠤᠯᠳᠠᠯᠭᠠᠳᠤ ᠰᠦᠷᠦᠭ ᠢ ᠰᠢᠨ᠎ᠡ ᠪᠠᠷ ᠨᠡᠮᠡᠭᠳᠡᠭᠦᠯᠦᠨ᠂ ᠵᠢᠯ ᠤᠨ ᠠᠳᠣᠭᠤᠨ | ᠤ ᠲᠤᠭ᠎ᠠ ᠶᠢ 3.3 ᠲᠦᠮᠨ ᠪᠣᠯᠭᠠᠬᠤ ᠪᠠᠷ ᠴᠢᠷᠮᠠᠶᠢᠵᠣ᠂ 10% ᠪᠠᠷ ᠨᠡᠮᠡᠭᠳᠡᠭᠦᠯᠤᠨ᠎ᠠ᠃ ᠴᠡᠭᠡ ᠡᠳ᠋ᠰᠢᠭᠦᠯᠬᠦ ᠠᠵᠤ | ᠠᠬᠤᠶᠢᠯᠠᠯ 3᠂ ᠵᠢᠵᠢᠭ ᠦᠢᠯᠡᠳᠬᠡᠯ ᠤᠨ ᠭᠠᠵᠠᠷ 10 ᠶᠢ ᠲᠡᠳᠬᠦᠨ ᠳᠡᠮᠵᠢᠵᠦ᠂ ᠰᠢᠯᠢ ᠶᠢᠨ ᠭᠤᠣᠯ ᠤᠨ ᠴᠡᠭᠡ ᠶᠢ | ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠠᠬᠢᠭᠤᠯᠵᠤ | ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠢᠷᠢ ᠳᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠤᠮᠳᠠᠳᠤ | ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ | ᠮᠣᠩᠭᠤᠯ ᠮᠣᠷᠢᠨ ᠤ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠵᠡᠷᠭᠡ ᠠᠵᠢᠯᠯᠠᠭ᠎ᠠ ᠶᠢ ᠳᠠᠭᠠᠭᠠᠨ | ᠡᠷᠭᠢᠯᠡᠵᠦ᠂ ᠮᠣᠷᠢ ᠤᠨᠤᠬᠤ ᠪᠣᠯᠪᠠᠰᠤᠷᠠᠯ ᠤᠨ ᠠᠵᠤ ᠦᠢᠯᠡᠰ ᠢ ᠪᠣᠶᠢᠵᠢᠭᠤᠯᠤᠨ᠂ ︽ᠮᠣᠩᠭᠤᠯ ᠮᠣᠷᠢ︾ ᠶᠢᠨ | ᠪᠣᠳᠠᠲᠤ ᠦᠵᠡᠭᠳᠡᠯᠲᠦ ᠵᠦᠴᠦᠭᠡ ᠶᠢᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ︽ᠮᠣᠷᠢᠨ ᠨᠢᠷᠣᠭᠤᠨ | ᠳᠡᠭᠡᠷᠡᠬᠢ︾ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠠᠳᠣᠭᠤᠨ ᠰᠣᠶᠣᠯ ᠤᠨ ᠵᠢᠭᠤᠯᠴᠢᠯᠠᠯ︾ ᠤᠨ ᠨᠠᠷᠠᠲᠤ | ᠲᠥᠷᠥᠯ ᠲᠡᠮᠳᠡᠭᠲᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ | ︵ᠭᠤᠷᠪᠠ︶ ᠨᠢᠭᠡᠳᠦᠯᠲᠡᠢ ᠳᠦᠯᠦᠪᠵᠢᠬᠦᠯᠤᠨ ᠬᠠᠮᠲᠤ ᠪᠠᠷ ᠤᠷᠤᠭᠰᠢᠯᠠᠵᠦ᠂ ᠴᠢᠳᠠᠪᠬᠢ ᠵᠡᠷᠭᠡ ᠳᠠᠰ ᠢ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | ᠠᠶᠢᠮᠠᠭ ᠤᠨ ᠲᠥᠪ ᠬᠤᠲᠠ ᠶᠢᠨ ᠲᠡᠷᠢᠭᠦᠨ ᠪᠠᠶᠢᠷᠢ ᠶᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠬᠤᠲᠠ ᠬᠥᠳᠡᠭᠡ ᠶᠢ | ᠠᠭᠤᠰᠤᠯᠴᠠᠭᠤᠯᠬᠤ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠰᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ | ᠬᠤᠳᠠ ᠶᠢᠨ ᠣᠷᠭᠠᠨᠢᠭ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠣᠨ᠎ᠠ᠃ ᠬᠢᠷᠢ ᠳᠦᠪᠰᠢᠨ ᠥᠨᠳᠥᠷ | ᠲᠥᠯᠦᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ︽ᠬᠤᠳᠠ ᠶᠢᠨ ᠪᠡᠶ᠎ᠡ ᠶᠢᠨ ᠪᠠᠶᠢᠴᠠᠭᠠᠯᠲᠠ︾ ᠪᠠ ᠤᠯᠤᠰ ᠤᠨ ᠥᠮᠴᠢᠯᠡᠯᠳᠤ ᠲᠠᠷᠢᠶᠠᠯᠠᠩ | ᠮᠠᠯᠵᠢᠯ ᠤᠨ ᠲᠠᠯᠠᠪᠠᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ᠂ ᠠᠶᠢᠯ ᠲᠣᠰᠬᠤᠨ ᠤ ᠲᠥᠯᠦᠪᠵᠢᠭᠦᠯᠭᠡ᠂ | ᠭᠤᠣᠯ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢ ᠰᠢᠨᠡᠳᠬᠡᠨ ᠥᠭᠡᠷᠡᠴᠢᠯᠡᠬᠦ | ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠵᠠᠭᠠᠭ ᠪᠠᠷᠢᠮᠵᠢᠶ᠎ᠠ ᠶᠢ ᠬᠠᠮᠵᠢᠯᠴᠠᠨ ᠬᠦᠢᠴᠡᠳᠭᠡᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠢᠯᠴᠢ | ᠬᠠᠩᠭᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 1.21 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠢᠯᠴᠢ ᠬᠠᠩᠭᠠᠬᠤ ᠬᠤᠭᠤᠯᠠᠢ ᠲᠣᠣᠷ ᠢ 80 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠦ᠂ 16 | ᠣᠶᠤᠨᠴᠢᠯᠠᠭᠰᠠᠨ ᠢᠯᠴᠢ ᠰᠣᠯᠢᠬᠤ ᠦᠷᠳᠡᠭᠡ ᠶᠢ ᠥᠭᠡᠷᠡᠴᠢᠯᠡᠨ ᠪᠠᠶᠢᠭᠤᠯᠵᠤ᠂ ᠱᠧᠨ ᠬᠤᠸᠠ ᠴᠠᠬᠢᠯᠭᠠᠨ | ᠦᠢᠯᠡᠳᠪᠦᠷᠢ ᠶᠢᠨ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠥᠭᠡᠷᠡᠴᠢᠯᠡᠯᠲᠡ ᠶᠢᠨ ᠲᠥᠷᠥᠯ ᠵᠦᠢᠯ | ᠬᠡᠷᠡᠭᠵᠢᠭᠦᠯᠬᠦ ᠶᠢ ᠠᠬᠢᠭᠤᠯᠤᠨ᠎ᠠ᠃ 54 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠨᠥᠬᠦᠴᠡᠯ ᠢ ᠲᠠᠰᠤᠷᠠᠯᠳᠠ | ᠦᠭᠡᠢ ᠰᠠᠶᠢᠵᠢᠷᠠᠭᠤᠯᠦᠨᠡ᠃ ᠰᠢᠩᠭᠡᠨᠵᠢᠮᠡᠯ ᠬᠡᠢ ᠶᠢ ᠲᠥᠪᠯᠡᠷᠡᠭᠦᠯᠦᠨ ᠰᠠᠪᠠᠯᠠᠬᠤ ᠦᠷᠳᠡᠭᠡ᠂ ᠪᠠᠶᠢᠭᠠᠯᠢ ᠶᠢᠨ | ᠰᠢᠲᠠᠮᠠᠬᠠᠢ ᠬᠡᠢ ᠶᠢᠨ ᠡᠭᠦᠳᠡᠨ ᠦᠷᠳᠡᠭᠡ ᠶᠢ ᠪᠠᠶᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠶᠢ 66 ᠺᠢᠯᠣᠮᠧᠲᠷ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ | ᠲᠦᠭᠡᠮᠡᠯᠵᠢᠭᠦᠯᠦᠯᠲᠡ ᠶᠢᠨ ᠨᠤᠷᠮ᠎ᠠ ᠶᠢ 60 % ᠳᠤ ᠬᠦᠷᠭᠡᠨ᠎ᠡ᠃ ᠪᠠᠶᠠᠨᠪᠤᠯᠠᠭ ᠤᠰᠤᠨ ᠰᠤᠷᠪᠤᠯᠵᠢ ᠶᠢᠨ | ᠭᠠᠵᠠᠷ ᠤᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠭᠤᠷᠪᠠᠨ | ᠤᠰᠤᠨ︾ ᠤ ᠬᠤᠭᠤᠯᠠᠢ ᠲᠣᠣᠷ ᠢ 40 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠨᠢᠭᠡ ᠪᠦᠯᠦᠭ | ᠲᠠᠰᠤᠷᠬᠠᠢ ᠵᠠᠮ ᠢ ᠨᠡᠪᠲᠡᠷᠡᠭᠦᠯᠬᠦ᠂ ᠵᠡᠭᠡᠯᠢ ᠶᠢᠨ ᠥᠨᠴᠥᠭ ᠢ ᠨᠣᠭᠤᠭᠠᠷᠠᠭᠤᠯᠬᠤ᠂ ᠬᠤᠭ ᠨᠣᠪᠰᠢ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ ᠶᠢ ᠥᠭᠡᠷᠡᠴᠢᠯᠡᠬᠦ ᠵᠡᠷᠭᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠦᠴᠦᠨ ᠢᠶᠠᠨ ᠲᠥᠪᠯᠡᠷᠡᠭᠦᠯᠦᠨ ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭᠳᠦ ᠬᠤᠲᠠ ᠶᠢᠨ ᠳᠠᠬᠢᠨ ᠬᠢᠨᠠᠯᠲᠠ ᠶᠢ | ᠬᠦᠢᠴᠡᠳᠭᠡᠨ᠎ᠡ᠃ | ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠣᠶᠤᠨᠴᠢᠯᠠᠭᠰᠠᠨ | ᠬᠠᠮᠢᠶᠠᠷᠤᠯᠲᠠ ᠪᠠᠷ ᠬᠠᠷᠠᠯᠲᠠ ᠪᠣᠯᠭᠠᠵᠤ᠂ ᠰᠢᠨ᠎ᠡ ᠬᠡᠯᠪᠡᠷᠢ ᠶᠢᠨ ᠤᠶᠤᠨᠴᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠤᠲᠠ ᠶᠢᠨ ᠶᠡᠭᠡ | ᠲᠠᠷᠢᠬᠢ︾ ᠶᠢᠨ ᠬᠡᠷᠡᠭᠯᠡᠭᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠶᠤᠨᠴᠢ ᠴᠠᠬᠢᠯᠭᠠᠨ | ᠱᠠᠲᠤ ᠶᠢᠨ ᠲᠠᠪᠴᠠᠩ ᠤᠨ ᠠᠵᠢᠯᠯᠠᠭᠠᠨ ᠢ ᠠᠬᠢᠭᠤᠯᠵᠤ᠂ ᠣᠶᠤᠨᠴᠢ ᠲᠡᠷᠭᠡᠨ ᠵᠣᠭᠰᠣᠭᠠᠯ ᠢ ᠡᠮᠬᠢ | ᠵᠢᠷᠤᠮ ᠲᠠᠢ ᠡᠬᠢᠯᠡᠨ ᠬᠡᠷᠡᠭᠵᠢᠬᠦᠯᠵᠦ᠂ ᠵᠠᠮ ᠬᠠᠷᠢᠯᠴᠠᠭᠠᠨ ᠬᠠᠮᠢᠶᠠᠷᠣᠯᠲᠠ ᠶᠢᠨ ᠵᠢᠯᠣᠭᠤᠳᠬᠤ ᠲᠠᠪᠴᠠᠩ ᠤᠨ | ᠪᠠᠶᠢᠭᠤᠯᠣᠯᠲᠠ ᠶᠢ ᠪᠡᠶᠡᠯᠡᠭᠦᠯᠵᠦ᠂ ︽ᠰᠢᠯᠢ ᠶᠢᠨ ᠺᠣᠳ᠋︾ ᠢ ᠨᠢᠭᠡ ᠺᠣᠳ᠋ ᠢᠶᠠᠷ ᠪᠦᠬᠦ ᠬᠤᠳᠠᠨ ᠳᠤ ᠨᠡᠪᠳᠡᠷᠡᠵᠦ | ᠪᠤᠯᠬᠤ ᠶᠢ ᠪᠡᠶᠡᠯᠡᠭᠦᠯᠦᠨ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠬᠤᠲᠠ ᠶᠢᠨ | ᠬᠠᠮᠢᠶᠠᠷᠤᠯᠲᠠ ᠶᠢᠨ ᠬᠦᠴᠦᠲᠡᠢ ᠭᠠᠷᠳᠠᠴᠠ ᠪᠣᠯᠭᠠᠨ᠎ᠠ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠡᠳᠦᠷ | ᠲᠤᠳᠤᠮ ᠤᠨ ᠠᠵᠢᠯ ᠳᠤ ᠠᠭᠤᠰᠤᠯᠴᠠᠭᠤᠯᠵᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠭᠤᠯᠬᠤ︾ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ | ᠴᠡᠭᠴᠡᠯᠡᠨ ᠵᠠᠰᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠳᠤᠷ᠎ᠠ ᠪᠠᠷ ᠢᠶᠠᠨ ᠲᠡᠷᠭᠡ ᠵᠣᠭᠰᠣᠭᠠᠵᠤ | ᠳᠤᠷ᠎ᠠ ᠪᠠᠷ ᠢᠶᠠᠨ ᠪᠠᠶᠢᠷᠢ ᠡᠵᠡᠯᠡᠬᠦ᠂ ᠱᠤᠤᠭᠢᠶ᠎ᠠ ᠳᠠᠭᠤᠨ ᠢᠶᠠᠷ ᠠᠷᠠᠳ ᠢ ᠦᠢᠮᠡᠭᠦᠯᠬᠦ ᠵᠡᠷᠭᠡ ᠠᠷᠬᠠᠭ ᠭᠡᠮ ᠢ ᠴᠢᠩᠭ᠎ᠠ | ᠴᠡᠭᠴᠡᠯᠡᠵᠤ᠂ ᠠᠷᠠᠳ ᠲᠤ ᠲᠦᠬᠦᠮ ᠦᠵᠡᠭᠦᠯᠬᠦ 12345 ᠤᠲᠠᠰᠤᠨ ᠤ ᠦᠢᠯᠡᠴᠢᠯᠡᠭᠡᠨ ᠤ ᠦᠢᠯᠡᠳᠦᠯ | ᠴᠢᠳᠠᠪᠤᠷᠢ ᠪᠠᠷ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠠᠯᠪᠠᠨ ᠠᠴᠠ | ᠪᠠᠶᠢᠭᠤᠯᠤᠭᠰᠠᠨ ᠨᠢ ᠠᠷᠠᠳ ᠠᠴᠠ ᠡᠷᠬᠢᠯᠡᠬᠦ ᠶᠢ ᠲᠠᠶᠢᠴᠢᠯᠠᠠᠬᠤ︾ ᠠᠳᠠᠯ ᠠᠬᠤᠢ ᠶᠢᠨ ᠦᠢᠯᠡᠴᠢᠯᠡᠭᠡᠨ ᠤ ᠵᠠᠭᠪᠤᠷ ᠢ | ᠬᠠᠶᠢᠨ ᠰᠦᠪᠡᠭᠴᠢᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ | ᠪᠠᠶᠢᠭᠤᠯᠤᠨ᠂ 5 ︽ᠬᠤᠪᠢᠰᠬᠠᠯᠴᠢ ᠠᠳᠠᠯ ᠠᠬᠤᠢ︾ ᠶᠢ ᠲᠤᠷᠰᠢᠨ ᠪᠠᠶᠢᠭᠤᠯᠤᠨ᠎ᠠ᠃ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠠᠵᠢᠯ ᠤᠨ ᠦᠷ᠎ᠡ ᠪᠦᠲᠦᠮᠵᠢ ᠶᠢ ᠰᠢᠯᠭᠠᠨ | ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠭᠤᠯᠤᠭᠰᠠᠨ ᠲᠣᠭᠤᠷᠢᠭ ᠤᠨ ᠮᠧᠬᠠᠨᠢᠭᠴᠢᠯᠠᠭᠰᠠᠨ | ᠴᠡᠪᠡᠷᠯᠡᠯᠲᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠶᠤᠨᠴᠢᠯᠠᠭᠰᠠᠨ ᠪᠥᠭᠡᠳ ᠣᠷᠣᠰᠢᠨ | ᠰᠠᠭᠤᠬᠤ ᠳᠤ ᠲᠣᠬᠢᠷᠠᠮᠵᠢᠲᠠᠢ ᠰᠢᠨ᠎ᠡ ᠬᠤᠲᠠ ᠶᠢᠨ ᠲᠣᠭᠤᠷᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ᠃ | ᠬᠤᠳᠠ ᠶᠢᠨ ᠳᠠᠭᠠᠭᠠᠴᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ 207 ᠤᠯᠤᠰ ᠤᠨ ᠵᠠᠮ ᠤᠨ ᠤᠰᠤᠨ | ᠴᠥᠭᠦᠷᠥᠮ ᠠᠴᠠ ᠡᠾᠦ᠋ᠸᠧ ᠽᠢ ᠯᠢᠶᠠᠩ ᠬᠦᠷᠬᠦ ᠬᠡᠰᠡᠭ᠂ 303 ᠤᠯᠤᠰ ᠤᠨ ᠵᠠᠮ ᠤᠨ ᠠᠴᠢᠠᠠᠭᠤᠯᠠ ᠠᠴᠠ | ᠰᠢᠯᠢ ᠶᠢᠨ ᠬᠤᠲᠠ ᠬᠦᠷᠬᠦ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ ᠭᠠᠯᠲᠤ ᠲᠡᠷᠭᠡᠨ | ᠥᠷᠲᠡᠭᠡᠨ ᠤ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠦᠨ᠂ ᠲᠠᠢ ᠽᠢ | ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ᠂ ᠭᠠᠯᠲᠤ ᠲᠡᠷᠭᠡᠨ ᠤ ᠥᠷᠲᠡᠭᠡᠨ ᠭᠡᠷ᠂ 331 ᠤᠯᠤᠰ ᠤᠨ | ᠵᠠᠮ ᠤᠨ ᠷᠠᠰᠢᠶᠠᠨᠪᠣᠯᠠᠭ ᠠᠴᠠ ᠪᠡᠯᠭᠦᠳᠡᠢ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ ᠦᠶᠡᠷ ᠢ ᠰᠡᠷᠭᠡᠶᠢᠯᠡᠬᠦ ᠵᠢᠴᠢ ᠭᠤᠣᠯ ᠤᠨ ᠲᠣᠬᠤᠢ ᠶᠢ ᠵᠠᠰᠠᠬᠤ 3 | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠤᠨ᠎ᠠ᠃ 135 ᠺᠢᠯᠣᠮᠧᠲᠷ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠲᠣᠣᠷ ᠲᠤ | ᠰᠢᠯᠵᠢᠭᠦᠯᠬᠦ ᠴᠠᠬᠢᠯᠭᠠᠨ᠂ 116 ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ᠂ 25.6 | ᠺᠢᠯᠣᠮᠧᠲᠷ ᠤᠨ ᠬᠤᠳᠠ ᠶᠢᠨ ᠴᠠᠬᠢᠯᠭᠠᠨ ᠲᠣᠣᠷ ᠲᠤ ᠴᠠᠬᠢᠯᠭᠠᠨ ᠬᠠᠩᠭᠠᠬᠤ ᠢᠨᠵᠧᠨᠧᠷᠢᠩ ᠢ ᠥᠨᠳᠥᠷ ᠪᠦᠲᠦᠮᠵᠢᠲᠡᠶ | ᠪᠡᠶᠡᠯᠡᠭᠦᠯᠵᠦ᠂ ᠴᠠᠬᠢᠯᠭᠠᠨ ᠬᠠᠩᠭᠠᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠡᠯ᠎ᠡ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ 1345 ᠲᠦᠮᠡᠨ ᠲᠥᠭᠦᠷᠢᠭ ᠨᠢᠭᠡᠳᠦᠯᠲᠡᠢ | ᠲᠦᠯᠦᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ 5 ᠲᠥᠷᠥᠯ ᠵᠦᠢᠯ ᠢ | ᠬᠡᠷᠡᠭᠵᠢᠭᠦᠯᠦᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠤᠷᠳᠤ | ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ | ᠶᠠᠳᠠᠭᠤᠷᠠᠬᠤ ᠪᠠᠶᠢᠳᠠᠯ ᠡᠬᠦᠰᠬᠦ ᠦᠭᠡᠢ ᠬᠢᠵᠠᠭᠠᠷ ᠱᠤᠭᠤᠮ ᠢ ᠪᠠᠲᠦ ᠰᠠᠬᠢᠨ᠎ᠠ᠃ ᠰᠢᠶᠠᠨ ᠤ ᠵᠠᠮ ᠤᠨ 512 | ᠱᠣᠭᠤᠮ ᠠᠴᠠ ᠵᠢᠯᠠᠭ᠎ᠠ ᠶᠢᠨ ᠡᠷᠭᠢ᠂ ᠬᠤᠸᠠ ᠨᠠᠭᠤᠷ ᠠᠴᠠ ᠪᠣᠷᠣ ᠬᠤᠵᠢᠷ ᠬᠦᠷᠬᠦ ᠵᠡᠷᠭᠡ 4 ᠵᠤᠷᠪᠤᠰ 95 | ᠺᠢᠯᠣᠮᠧᠲᠷ ᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠮᠠᠯᠵᠢᠬᠤ ᠣᠷᠣᠨ ᠤ ︽ | ᠵᠠᠮ ᠬᠠᠷᠢᠯᠴᠠᠭᠠᠨ ᠤ ᠲᠣᠣᠷ︾ ᠢ ᠨᠡᠪᠲᠡᠷᠡᠭᠦᠯᠦᠨ᠎ᠡ᠃ ᠴᠠᠬᠢᠯᠭᠠᠨ ᠤ ᠲᠣᠣᠷ ᠤᠨ ᠪᠦᠷᠬᠦᠴᠡ ᠶᠢᠨ ᠨᠣᠷᠮ᠎ᠠ ᠶᠢ ᠡᠮᠬᠢ | ᠵᠢᠷᠤᠮ ᠲᠠᠢ ᠳᠡᠭᠡᠭᠰᠢᠯᠡᠭᠦᠯᠵᠦ᠂ ᠮᠣᠳᠣᠨ ᠮᠠᠯᠵᠢᠯ ᠤᠨ ᠲᠠᠯᠠᠪᠠᠢ ᠶᠢᠨ 110 ᠺᠢᠯᠣᠸᠠᠲ᠂ ᠴᠣᠬᠬᠭᠤᠯᠠ ᠶᠢᠨ 35 | ᠺᠢᠯᠣᠸᠠᠲ ᠤᠨ ᠱᠤᠭᠤᠮ ᠤᠨ ᠲᠥᠷᠥᠯ ᠵᠦᠢᠯ ᠢ ᠪᠡᠶᠡᠯᠡᠭᠦᠯᠵᠦ᠂ ᠰᠢᠨ᠎ᠡ ᠪᠠᠷ 150 ᠡᠷᠦᠬᠡ ᠳᠤ ᠴᠠᠬᠢᠯᠭᠠᠨ | ᠨᠡᠪᠲᠡᠷᠡᠭᠦᠯᠦᠨ᠎ᠡ᠃ ᠮᠡᠳᠡᠭᠡ ᠬᠤᠯᠪᠣᠭᠠᠨ ᠤ ᠳᠤᠬᠢᠶ᠎ᠠ ᠪᠠᠶᠢᠬᠤ ᠦᠭᠡᠢ ᠴᠡᠭ ᠢ ᠠᠷᠢᠯᠭᠠᠵᠤ᠂ 157 ᠮᠡᠳᠡᠭᠡ | ᠬᠤᠯᠪᠣᠭᠠᠨ ᠤ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠪᠡᠯᠡ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠪᠠᠰᠤ ᠵᠣᠬᠢᠬᠤ ᠦᠷ᠎ᠡ ᠠᠰᠢᠭ ᠢᠶᠠᠨ ᠦᠷᠭᠦᠯᠵᠢᠯᠡᠨ | ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ | ᠦᠷ᠎ᠡ ᠪᠦᠲᠦᠭᠡᠯ ᠢ ᠪᠠᠬᠢᠵᠢᠭᠦᠯᠵᠦ᠂ ᠰᠢᠨ᠎ᠡ ᠪᠠᠷ 150 ᠵᠣᠷᠯᠣᠩ ᠢ ᠪᠠᠶᠢᠭᠤᠯᠵᠤ᠂ 355 ᠠᠰᠠᠭᠤᠳᠠᠯ ᠲᠠᠢ | ᠵᠣᠷᠯᠣᠩ ᠢ ᠴᠡᠭᠴᠡᠯᠡᠨ ᠵᠠᠰᠠᠵᠤ᠂ 7 ᠵᠦᠢᠯ ᠤᠨ ᠨᠡᠶᠢᠭᠡᠮᠴᠢᠯᠡᠭᠰᠡᠨ ᠥᠨᠳᠥᠷ ᠳᠠᠪᠲᠠᠮᠵᠢᠲᠤ ᠦᠢᠯᠡᠴᠢᠯᠡᠭᠡ ᠶᠢ | ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠵᠢᠱᠢᠶ᠎ᠡ | ᠦᠵᠡᠭᠦᠯᠬᠦ 2 ᠭᠠᠴᠠᠭ᠎ᠠ ᠶᠢ ᠡᠭᠦᠳᠦᠨ ᠪᠠᠶᠢᠭᠤᠯᠵᠤ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠨᠡᠮᠡᠭᠳᠡᠯ | 5% ᠬᠦᠷᠬᠦ ᠶᠢ ᠪᠡᠶᠡᠯᠡᠭᠦᠯᠦᠨ᠂ ᠣᠲᠣ ᠦᠶ᠎ᠡ ᠶᠢᠨ ᠵᠣᠯ ᠵᠢᠷᠭᠠᠯᠲᠤ ᠰᠢᠨ᠎ᠡ ᠮᠠᠯᠵᠢᠬᠤ ᠣᠷᠣᠨ ᠢ ᠪᠥᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | ︵ᠳᠥᠷᠪᠡ︶ ᠠᠷᠪᠢᠲᠠᠢ ᠡᠷᠴᠢᠮᠯᠢᠭ᠂ ᠨᠣᠭᠤᠭᠠᠷᠠᠭᠤᠯᠤᠯᠲᠠ ᠶᠢ ᠬᠠᠮᠠᠭᠠᠯᠠᠨ ᠨᠡᠮᠡᠭᠳᠡᠭᠦᠯᠬᠦ ᠶᠢ ᠪᠠᠷᠢᠮᠲᠠᠯᠠᠵᠤ᠂ | ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠬᠦᠴᠦᠯᠡᠨ ᠪᠠᠲᠤᠳᠬᠠᠨ᠎ᠠ᠃ ᠬᠦᠬᠡ ᠠᠭᠤᠯᠠ ᠬᠦᠬᠡᠮᠳᠦᠭ | ᠣᠰᠣ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠬᠦᠷᠢᠶ᠎ᠡ ᠪᠦᠬᠦ ᠲᠠᠯ᠎ᠠ ᠪᠠᠷ ᠴᠢᠩᠭᠠᠳᠬᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ | ᠬᠦᠴᠦᠨ ᠢᠶᠠᠷ ᠢᠶᠠᠨ ᠪᠠᠬᠢᠵᠢᠭᠦᠯᠦᠨ᠎ᠡ᠃ | ᠠᠮᠢ ᠠᠬᠤᠢ ᠶᠢᠨ ᠣᠷᠴᠢᠨ ᠳᠤᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠡᠷᠡᠰ ᠬᠢᠵᠦ᠂ ᠨᠤᠲᠤᠭ ᠪᠡᠯᠴᠢᠭᠡᠷ ᠤᠨ | ᠬᠠᠮᠠᠭᠠᠯᠠᠯᠲᠠ ᠬᠥᠭᠵᠢᠯᠲᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠬᠤᠶᠠᠳᠤᠭᠠᠷ ᠬᠤᠭᠤᠴᠠᠭ᠎ᠠ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ | ᠲᠥᠷᠥᠯ ᠵᠦᠢᠯ ᠢ ᠬᠡᠷᠡᠭᠵᠢᠭᠦᠯᠦᠨ᠂ 8 ᠲᠦᠮᠡᠨ ᠮᠦ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ | ᠮᠣᠳᠣᠨ ᠮᠠᠯᠵᠢᠯ ᠤᠨ ᠲᠠᠯᠠᠪᠠᠶ ᠶᠢᠨ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠤᠨ | ᠲᠤᠷᠰᠢᠯᠲᠠ ᠶᠢᠨ ᠴᠢᠭ ᠢ ᠪᠠᠶᠢᠭᠤᠯᠤᠨ᠎ᠠ᠃ ᠱᠠᠩᠨᠠᠯ ᠨᠥᠬᠦᠪᠦᠷᠢ ᠣᠯᠭᠤᠬᠤ ᠶᠢ ᠪᠡᠯᠴᠢᠭᠡᠷᠯᠠᠭᠦᠯᠬᠦ ᠶᠢ ᠵᠣᠭᠰᠣᠭᠠᠬᠤ | ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠳᠦᠷᠢᠮ ᠢ ᠭᠦᠢᠴᠡᠳᠬᠡᠬᠦ | ᠯᠦᠭᠡ ᠬᠤᠯᠪᠣᠭᠳᠠᠭᠤᠯᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠮᠣᠳᠣᠨ ᠮᠠᠯᠵᠢᠯ ᠤᠨ ᠲᠠᠯᠠᠪᠠᠶ ᠶᠢᠨ 6.2 | ᠲᠦᠮᠡᠨ ᠮᠦ ᠶᠢᠨ ᠪᠠᠶᠢᠭᠠᠯᠢ ᠶᠢᠨ ᠬᠠᠳᠤᠯᠠᠩ ᠤᠨ ᠪᠡᠯᠴᠢᠭᠡᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ︔ ᠪᠦᠬᠦᠯᠢ ᠬᠤᠨᠤᠭ ᠤᠨ ᠬᠤᠯᠢᠮᠠᠭ ᠳᠡᠵᠢᠭᠡᠯ ᠡᠳ᠋ᠰᠢᠭᠦᠯᠬᠦ ᠠᠵᠤ | ᠦᠢᠯᠡᠰ ᠤᠨ ᠬᠥᠭᠵᠢᠯᠲᠡ ᠶᠢ ᠳᠡᠮᠵᠢᠵᠦ᠂ ᠡᠪᠡᠰᠦᠨ ᠤ ᠲᠦᠪ ᠤᠨ ᠮᠠᠯ ᠪᠡᠯᠴᠢᠭᠡᠷ ᠢ ᠨᠢᠭᠡ ᠴᠣᠭᠴᠠᠵᠢᠭᠤᠯᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠪᠡᠯᠴᠢᠭᠡᠷᠯᠡᠭᠦᠯᠬᠦ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ 3000 ᠮᠦ | ᠠᠭᠤᠷᠬᠠᠢ ᠶᠢᠨ ᠤᠷᠤᠨ ᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠵᠦ᠂ ᠢᠯᠠᠯᠲᠠ ᠪᠠᠷᠠᠭᠤᠨ ᠬᠤᠶᠠᠳᠤᠭᠠᠷ | ᠠᠭᠤᠷᠬᠠᠢ ᠵᠡᠷᠭᠡ 4 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ | ᠠᠭᠤᠷᠬᠠᠢ ᠶᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠵᠤ᠂ ᠪᠣᠬᠢᠷᠲᠤᠯ ᠦᠭᠡᠢ ᠪᠠᠶᠢᠬᠤ ᠶᠢ | ᠠᠮᠢ ᠠᠬᠤᠢ ᠶᠢᠨ ᠣᠷᠴᠢᠨ ᠲᠣᠭᠤᠷᠢᠨ ᠤ ᠬᠠᠮᠤᠭ ᠤᠨ ᠭᠤᠶᠣ ᠪᠠᠶᠢᠭᠠᠯᠢᠯᠢᠭ ᠥᠩᠭᠡ ᠪᠣᠯᠭᠠᠬᠤ ᠪᠠᠷ ᠴᠢᠷᠮᠠᠶᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ︽ᠨᠢᠭᠡ ᠦᠨᠡᠮᠯᠡᠯ ᠤᠨ ᠬᠡᠯᠪᠡᠷᠢ︾ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠪᠣᠬᠢᠷᠲᠤᠯ ᠢ ᠰᠡᠷᠭᠡᠶᠢᠯᠡᠨ ᠵᠠᠰᠠᠬᠤ ᠦᠢᠯᠡᠳᠦᠯ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠭᠠᠷ ᠤᠨ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠰᠢᠯᠢᠳᠡᠭ ᠨᠣᠷᠮ᠎ᠠ ᠶᠢ 94% ᠠᠴᠠ ᠳᠡᠭᠡᠭᠰᠢ | ᠬᠦᠷᠭᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠭᠠᠭᠴᠠ ᠮᠣᠳᠣ᠂ ᠴᠠᠶᠢᠳᠠᠮ ᠤᠨ ᠤᠰᠤᠨ ᠰᠤᠷᠪᠤᠯᠵᠢ ᠶᠢᠨ ᠭᠠᠵᠠᠷ ᠤᠨ ᠣᠨ ᠤ ᠦᠨᠡᠯᠡᠨ ᠵᠢᠱᠢᠯᠲᠡ ᠶᠢ | ᠪᠡᠶᠡᠯᠡᠭᠦᠯᠵᠦ᠂ ᠵᠢᠭᠠᠰᠣᠲᠠᠢ ᠶᠢᠨ ᠪᠠᠭ᠎ᠠ ᠰᠠᠪᠠ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠰᠢᠯᠢ ᠶᠢᠨ | ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ Ⅳ ᠲᠥᠷᠥᠯ ᠳᠤ ᠲᠣᠭᠲᠠᠪᠤᠷᠢᠵᠢᠭᠤᠯᠤᠨ᠎ᠠ᠃ ᠬᠥᠷᠥᠰᠥ | ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠬᠥᠳᠡᠯᠦᠩᠭᠦᠢ ᠪᠠᠷ ᠬᠢᠨᠠᠨ | ᠬᠠᠮᠢᠶᠠᠷᠴᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠪᠠᠭᠠᠰᠤᠨ | ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 87%᠂ 90% ᠳᠤ ᠬᠦᠷᠭᠡᠬᠦ ᠪᠠᠷ ᠴᠢᠷᠮᠠᠶᠢᠵᠤ᠂ | ᠦᠵᠡᠰᠬᠦᠯᠡᠩᠲᠦ ᠰᠠᠶᠢᠬᠠᠨ ᠰᠢᠯᠢ ᠶᠢᠨ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠦᠷ᠎ᠡ ᠪᠦᠲᠦᠭᠡᠯ ᠢ ᠪᠥᠬᠦ | ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠠᠷᠪᠢᠲᠠᠢ ᠡᠷᠴᠢᠮᠯᠢᠭ ᠪᠣᠬᠢᠷᠲᠤᠯ ᠦᠭᠡᠢ ᠲᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠲᠠᠪᠤ ᠶᠢ ᠳᠤᠶᠢᠯᠪᠤᠷᠢᠳᠡᠢ ᠪᠠᠶᠢᠴᠠᠭᠠᠬᠤ ᠠᠵᠢᠯᠯᠠᠭ᠎ᠠ︾ ᠶᠢᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 732 ᠮᠦ | ᠭᠠᠵᠠᠷ ᠰᠢᠷᠣᠢ᠂ 32 ᠮᠦ ᠰᠣᠯᠠ ᠪᠠᠶᠢᠭ᠎ᠠ ᠭᠠᠵᠠᠷ ᠰᠢᠷᠣᠢ ᠶᠢ ᠠᠰᠢᠭᠯᠠᠨ᠎ᠠ᠃ ᠪᠣᠬᠢᠷᠲᠤᠯ ᠦᠭᠡᠢ ᠲᠣᠣᠷ᠎ᠠ | ᠨᠡᠭᠦᠷᠡᠰᠦᠲᠥ᠋ᠷᠥᠭᠴᠢᠲᠦ ᠣᠷᠴᠢᠯᠲᠠ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠮᠢᠩ ᠶᠠᠩ᠂ ᠳᠤᠮᠳᠠᠳᠤ | ᠤᠯᠤᠰ ᠤᠨ ᠴᠢᠯᠠᠭᠤᠨ ᠲᠣᠰᠣ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠪᠣᠬᠢᠷᠲᠤᠯ ᠦᠭᠡᠢ | ᠴᠠᠬᠢᠯᠭᠠᠨ ᠢ ᠣᠷᠣᠯᠠᠭᠤᠯᠬᠤ ᠶᠢ ᠲᠦᠷᠭᠡᠳᠬᠡᠨ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ᠂ ᠬᠡᠷᠡᠭᠯᠡᠬᠦ | ᠭᠠᠵᠠᠷ᠂ ᠬᠡᠷᠡᠭᠯᠡᠬᠦ ᠤᠰᠤ ᠶᠢ ᠦᠷᠭᠦᠯᠵᠢᠯᠡᠨ ᠪᠠᠭᠠᠰᠬᠠᠨ᠎ᠠ᠃ ᠬᠠᠤᠯᠢ ᠪᠤᠰᠤ ᠪᠠᠷ ᠤᠰᠤ ᠲᠠᠲᠠᠬᠤ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠮᠠᠯᠳᠠᠭᠰᠠᠨ ᠤᠰᠤᠨ ᠬᠤᠳᠳᠤᠭ ᠢ ᠪᠠᠶᠢᠴᠠᠭᠠᠨ | ᠴᠡᠭᠴᠡᠯᠡᠬᠦ ᠶᠢ ᠦᠷᠭᠦᠯᠵᠢᠯᠡᠨ ᠥᠷᠨᠢᠭᠦᠯᠵᠦ᠂ ᠠᠭᠤᠷᠬᠠᠢ ᠶᠢᠨ ᠠᠵᠤ ᠠᠬᠤᠶᠢᠯᠠᠯ ᠤᠨ ᠨᠣᠭᠤᠭᠠᠷᠠᠭᠤᠯᠤᠯᠲᠠ | ᠳᠤᠭᠤᠰᠤ ᠳᠠᠷᠤᠬᠤ ᠳᠤ ᠲᠠᠬᠢᠨ ᠴᠡᠪᠡᠷᠰᠢᠭᠦᠯᠦᠭᠰᠡᠨ ᠤᠰᠤ ᠬᠡᠷᠡᠭᠯᠡᠬᠦ ᠶᠢ ᠠᠬᠢᠭᠤᠯᠤᠨ᠂ ᠰᠠᠭᠤᠭᠠᠯᠢ ᠠᠷᠠᠳ ᠤᠨ | ᠣᠶᠤᠨᠴᠢ ᠤᠰᠤᠨ ᠤ ᠬᠡᠮᠵᠢᠭᠦᠷ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠡᠪᠡᠷᠰᠢᠭᠦᠯᠦᠭᠰᠡᠨ | ᠤᠰᠤᠨ ᠤ ᠬᠤᠭᠤᠯᠠᠢ ᠶᠢᠨ ᠲᠣᠣᠷ ᠢ 7.6 ᠺᠢᠯᠣᠮᠧᠲᠷ ᠰᠢᠨ᠎ᠡ ᠪᠠᠷ ᠪᠠᠶᠢᠭᠤᠯᠵᠤ᠂ ᠳᠠᠬᠢᠠ ᠴᠡᠪᠡᠷᠰᠢᠭᠦᠯᠦᠭᠰᠡᠨ | ᠤᠰᠤ ᠶᠢ ᠬᠡᠷᠡᠭᠯᠡᠬᠦ ᠨᠣᠷᠮ᠎ᠠ ᠶᠢ 60% ᠳᠤ ᠬᠦᠷᠭᠡᠨ᠎ᠡ᠃ 16 ᠠᠷᠪᠢᠯᠠᠨ ᠭᠠᠮᠨᠠᠬᠤ ᠬᠡᠯᠪᠡᠷᠢ ᠶᠢᠨ ᠨᠢᠭᠡᠴᠡ ᠶᠢ | ᠡᠭᠦᠳᠦᠨ ᠪᠠᠶᠢᠭᠤᠯᠵᠤ᠂ ᠰᠢᠨ᠎ᠡ ᠡᠨᠧᠷᠭᠢ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢ ᠶᠢᠨ ᠵᠢᠩ ᠢ | 68% ᠪᠣᠯᠲᠠᠯ᠎ᠠ ᠳᠡᠭᠡᠭᠰᠢᠯᠡᠭᠦᠯᠵᠦ᠂ ᠪᠣᠬᠢᠷᠲᠤᠯ ᠦᠭᠡᠢ ᠲᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠴᠢᠨᠠᠷ | ᠴᠢᠨᠰᠠᠭ᠎ᠠ ᠦᠷ᠎ᠡ ᠠᠰᠢᠭ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠤᠨ᠎ᠠ᠃ | ︵ᠲᠠᠪᠤ︶ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠨᠠᠩ | ᠣᠯᠠᠨ ᠡᠬᠢ ᠪᠠᠶᠠᠯᠢᠭ ᠤᠨ ᠬᠦᠴᠦᠨ ᠵᠦᠢᠯ ᠢ ᠬᠦᠴᠦᠯᠡᠨ ᠨᠢᠭᠲᠠᠷᠠᠭᠤᠯᠤᠨ᠎ᠠ᠃ ᠢᠮᠠᠭᠲᠠ ᠨᠡᠭᠡᠭᠡᠯᠲᠡ ᠬᠢᠬᠦ ᠪᠠᠷ | ᠬᠥᠭᠵᠢᠯᠲᠡ ᠶᠢ ᠡᠷᠢᠯᠬᠢᠯᠡᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠪᠠᠷ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ | ᠬᠤᠷᠠᠮᠳᠤᠭᠤᠯᠤᠨᠡ᠃ | ᠰᠢᠨᠵᠢᠯᠡᠭᠡ ᠮᠡᠷᠭᠡᠵᠢᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ ︽ᠰᠢᠨᠵᠢᠯᠡᠭᠡ ᠮᠡᠷᠭᠡᠵᠢᠯ ᠢᠶᠠᠷ | ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠨᠵᠢᠯᠡᠭᠡ | ᠮᠡᠷᠭᠡᠵᠢᠯ ᠤᠨ ᠣᠷᠣᠭᠤᠯᠤᠯᠲᠠ ᠶᠢᠨ ᠬᠠᠲᠠᠭᠤ ᠴᠢᠨᠠᠷᠳᠡᠢ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠶᠢᠨ | ᠱᠠᠲᠤᠨ ᠤ ᠪᠡᠯᠡ ᠣᠷᠣᠭᠤᠯᠤᠯᠲᠠ ᠶᠢ 400 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠵᠤ᠂ ᠳᠡᠭᠡᠳᠦ ᠱᠠᠲᠤᠨ ᠤ | ᠪᠡᠯᠡ ᠶᠢ 1000 ᠲᠦᠮᠡᠨ ᠲᠥᠭᠦᠷᠢᠭ ᠠᠴᠠ ᠳᠡᠭᠡᠭᠰᠢ ᠴᠢᠷᠮᠠᠶᠢᠨ ᠣᠯᠣᠨ᠎ᠠ᠃ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠪᠠᠨ ᠭᠦᠢᠴᠡᠳ ᠪᠠᠳᠠᠷᠠᠭᠤᠯᠬᠤ ᠶᠢ ᠳᠡᠮᠵᠢᠵᠦ᠂ ︽ᠵᠠᠷᠯᠠᠨ | ᠨᠡᠶᠢᠲᠡᠯᠡᠵᠦ ᠬᠤᠰᠢᠭᠤᠴᠢᠯᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠰᠤᠳᠤᠯᠭᠠᠨ ᠤ | ᠡᠭᠦᠷᠭᠡ ᠶᠢᠨ ᠰᠡᠳᠦᠪ ᠢ ᠳᠠᠭᠠᠭᠠᠨ ᠠᠪᠬᠤ ᠶᠢ ᠵᠣᠷᠢᠭᠵᠢᠭᠤᠯᠤᠨ᠂ 3 ᠵᠦᠢᠯ ᠤᠨ ᠰᠢᠨᠵᠢᠯᠡᠭᠡ ᠮᠡᠷᠭᠡᠵᠢᠯ ᠤᠨ | ᠲᠥᠷᠥᠯ ᠵᠦᠢᠯ ᠢ ᠭᠡᠷᠡᠭᠵᠢᠬᠦᠯᠬᠦ ᠪᠠᠷ ᠴᠢᠷᠮᠠᠶᠢᠵᠦ᠂ 10 ᠵᠦᠢᠯ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ | ᠳᠡᠩᠰᠡᠯᠡᠨ ᠲᠡᠮᠳᠡᠭᠯᠡᠬᠦ ᠶᠢ ᠪᠡᠶᠡᠯᠡᠭᠦᠯᠵᠦ᠂ ᠠᠶᠢᠮᠠᠭ ᠤᠨ ᠱᠠᠲᠤᠨ ᠠᠴᠠ ᠳᠡᠭᠡᠭᠰᠢᠬᠢ 5 ᠵᠦᠢᠯ ᠤᠨ ᠰᠢᠨᠵᠢᠯᠡᠭᠡ | ᠮᠡᠷᠭᠡᠵᠢᠯ ᠤᠨ ᠲᠥᠷᠥᠯ ᠵᠦᠢᠯ ᠢ ᠮᠡᠳᠡᠭᠦᠯᠦᠨ᠎ᠡ᠃ ᠴᠢᠳᠠᠪᠤᠷᠢᠲᠠᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ | ᠰᠠᠨᠠᠯ ᠢ ᠨᠡᠶᠢᠲᠡᠯᠡᠵᠦ᠂ ᠴᠢᠳᠠᠪᠤᠷᠢᠲᠠᠨ ᠤ ᠳᠤᠭᠠᠴᠢᠯᠠᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ︽ᠬᠤᠨ ᠭᠠᠯᠠᠭᠤ ᠮᠠᠶ᠋ᠢᠭ ᠤᠨ ᠴᠢᠳᠠᠪᠤᠷᠢᠲᠠᠨ︾ ᠢ ᠪᠤᠴᠠᠭᠠᠨ ᠠᠪᠴᠢᠷᠠᠬᠤ ᠲᠥᠯᠥᠪᠯᠡᠭᠡ ᠶᠢ | ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠢ 30 ᠨᠡᠷᠡᠰ ᠰᠢᠯᠢᠨ ᠰᠣᠩᠭᠤᠨ᠎ᠠ᠃ 2 | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 10 ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ | ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠰᠢᠨᠵᠢᠯᠡᠭᠡ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠪᠠᠳᠠᠷᠠᠭᠤᠯᠣᠨ᠎ᠠ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠡᠭᠡᠯᠲᠡ ᠶᠢᠨ ᠤᠷᠤᠨ ᠤ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠬᠢᠯᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ ᠬᠤᠲᠠ ᠶᠢᠨ ᠬᠠᠷᠢᠶᠠᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠭᠦᠨ ᠳᠠᠪᠬᠤᠷᠭ᠎ᠠ ᠳᠤ ᠭᠦᠨᠵᠡᠭᠡᠶᠢᠷᠡᠵᠦ᠂ | ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢ ᠲᠣᠰ ᠲᠣᠰ 9%᠂ 28% ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ 10 % ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠶᠢᠯᠢ ᠶᠢᠨ ᠰᠦᠢᠳᠬᠡᠯ ᠢ 18 | ᠳ᠋ᠦᠩᠰᠢᠭᠤᠷ ᠲᠥᠭᠦᠷᠢᠭ ᠪᠠᠭᠤᠷᠠᠭᠤᠯᠤᠨ ᠪᠤᠴᠠᠭᠠᠨ ᠬᠤᠶᠢᠰᠢᠯᠠᠭᠤᠯᠵᠦ᠂ ᠵᠢᠵᠢᠭ ᠪᠢᠴᠢᠯ ᠵᠠᠬ᠎ᠠ ᠳᠡᠯᠭᠡᠭᠦᠷ ᠤᠨ | ᠭᠤᠣᠯ ᠴᠣᠭᠴᠠ ᠶᠢ 46 ᠳ᠋ᠦᠩᠰᠢᠭᠤᠷ ᠲᠥᠭᠦᠷᠢᠭ ᠢᠶᠠᠷ ᠳᠡᠮᠵᠢᠵᠦ᠂ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠦᠨᠡᠨᠴᠢ | ᠢᠲᠡᠭᠡᠮᠵᠢᠲᠠᠢ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠬᠤ ᠠᠮᠠᠯᠠᠯᠲᠠ ᠶᠢᠨ ᠵᠦᠢᠯᠡᠰ ᠢ ᠢᠳᠡᠪᠬᠢᠲᠡᠢ ᠪᠡᠶᠡᠯᠡᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ ᠵᠥᠪ | ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ 4.0 ᠲᠥᠰᠥᠯ ᠢ ᠨᠠᠶᠢᠳᠠᠪᠤᠷᠢᠵᠢᠭᠤᠯᠵᠤ᠂ ︽ᠠᠯᠠᠭᠠᠨ ᠳᠡᠭᠡᠷ᠎ᠡ ᠪᠠᠨ | ᠬᠦᠢᠴᠡᠳᠭᠡᠬᠦ︾᠂ ︽ᠬᠤᠷᠤᠭᠤᠨ ᠦᠵᠦᠭᠦᠷ ᠲᠤ ᠬᠦᠢᠴᠡᠳᠭᠡᠬᠦ︾ ᠶᠢ ᠬᠡᠷᠡᠭᠵᠢᠭᠦᠯᠦᠨ᠂ ︽ᠰᠢᠯᠢ ᠶᠢᠨ ᠬᠠᠯᠠᠮᠵᠢ | ᠦᠢᠯᠡᠴᠢᠯᠡᠭᠡ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠢᠴᠢᠯ ᠫᠷᠣᠭ᠍ᠷᠠᠮ ᠢ ᠳᠡᠯᠭᠡᠷᠡᠭᠦᠯᠵᠦ᠂ ᠡᠯᠧᠺᠲᠷᠣᠨ | ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠪᠣᠳᠠᠲᠠᠢ ᠭᠦᠢᠴᠡᠳᠭᠡᠬᠦ | ᠨᠣᠷᠮ᠎ᠠ ᠶᠢ 80% ᠬᠦᠷᠭᠡᠨ᠎ᠡ᠃ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠶᠢᠨ ︽ᠠᠷᠪᠠᠨ ᠪᠠᠶᠢᠬᠤ︾ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ 40 | ᠵᠦᠢᠯ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠨᠳᠥᠷ ᠳᠠᠪᠲᠠᠮᠵᠢᠲᠤ ᠬᠡᠷᠡᠭ ᠢ ᠦᠨᠳᠦᠰᠦᠨ | ᠱᠠᠲᠤᠨ ᠳᠤ ᠪᠠᠭᠤᠯᠭᠠᠵᠦ᠂ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠨᠡᠶᠢᠳᠡᠮ ᠭᠦᠢᠴᠡᠳᠬᠡᠬᠦ ᠵᠦᠢᠯ᠂ | ᠠᠶᠢᠮᠠᠭ ᠤᠨ ᠳᠣᠲᠣᠭᠠᠳᠤ ᠳᠤ ᠨᠡᠶᠢᠳᠡᠮ ᠭᠦᠢᠴᠡᠳᠬᠡᠬᠦ ᠵᠦᠢᠯ ᠢ ᠲᠣᠰ ᠲᠣᠰ 184 ᠵᠦᠢᠯ᠂ 25 ᠵᠦᠢᠯ ᠳᠤ | ᠬᠦᠷᠭᠡᠵᠦ᠂ ᠣᠯᠠᠨ ᠲᠦᠮᠡᠨ ᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ | ᠠᠭᠤᠯᠵᠠᠭᠤᠯᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ᠂ ᠣᠷᠣᠨ ᠪᠦᠰᠡ ᠠᠯᠤᠰᠯᠠᠨ ᠠᠷᠠᠯᠵᠢᠶᠠᠯᠠᠬᠤ ᠶᠢ | ᠢᠳᠡᠪᠬᠢᠳᠡᠢ ᠠᠬᠢᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠶᠠᠷᠢ ᠲᠢᠩᠬᠢᠮ ᠪᠠ ᠦᠨᠳᠦᠰᠦᠨ | ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠴᠥᠮ ᠴᠠᠭ ᠢ ᠤᠷᠲᠤᠳᠬᠠᠨ | ᠦᠢᠯᠡᠴᠢᠯᠡᠬᠦ ᠶᠢ ᠪᠡᠶᠡᠯᠡᠭᠦᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠠᠵᠤ ᠠᠬᠤᠶᠢᠯᠠᠯ ᠤᠨ ᠪᠡᠯᠡ ᠬᠤᠷᠠᠮᠳᠣᠭᠤᠯᠬᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | | ᠭᠠᠳᠠᠭᠰᠢ ᠨᠡᠭᠡᠭᠡᠯᠳᠡ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠢᠨ ᠲᠣᠭᠤᠷᠢᠨ ᠤ | ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ | ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠷᠢᠶᠡᠨ ᠬᠤᠲᠠ᠂ | ᠵᠡᠭᠦᠨ ᠬᠠᠲᠠᠪᠴᠢ ᠪᠣᠭᠤᠮᠲᠠ ᠶᠢᠨ ᠠᠵᠤ ᠠᠬᠤᠢ ᠲᠠᠢ ᠭᠦᠨᠵᠡᠭᠡᠢ ᠨᠡᠪᠲᠡᠷᠡᠯᠴᠡᠵᠦ᠂ ᠭᠠᠳᠠᠭᠠᠳᠤ ᠣᠷᠣᠭᠤᠯᠤᠯᠲᠠ ᠶᠢᠨ | ᠦᠵᠡᠰᠬᠦᠯᠡᠩ ᠤᠨ ᠴᠤᠭᠯᠠᠭᠠᠨ᠂ ᠬᠤᠶᠠᠷ ᠵᠥᠪᠳᠡᠯᠴᠡᠭᠡᠷ ᠤᠨ ᠴᠤᠭᠯᠠᠭᠠᠨ ᠵᠡᠷᠭᠡ ᠣᠯᠠᠨ ᠤᠯᠤᠰ ᠤᠨ | ᠦᠵᠡᠰᠬᠦᠯᠡᠩ ᠤᠨ ᠴᠤᠭᠯᠠᠭᠠᠨ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠰᠢᠯᠢ ᠶᠢᠨ ᠬᠤᠲᠠ ᠶᠢᠨ ᠰᠢᠨ᠎ᠡ | ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠬᠤᠩ ᠶᠤᠸᠠᠨ ᠠᠢ ᠸᠧᠢ ᠺᠧ ᠬᠥᠯᠳᠡᠭᠡᠭᠰᠡᠨ | ᠳᠦᠮᠦᠰᠤᠨ ᠢᠳᠡᠭᠡᠨ ᠤ ᠭᠠᠷᠤᠯᠲᠠ ᠶᠢ ᠥᠷᠭᠡᠳᠬᠡᠬᠦ ᠵᠡᠷᠭᠡ ᠨᠠᠩ ᠣᠯᠠᠨ ᠭᠠᠳᠠᠭᠠᠳᠤ ᠪᠡᠯᠡ ᠶᠢᠨ ᠲᠥᠷᠥᠯ | ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠶᠢᠨ ᠳ᠋ᠢᠩ ᠰᠧᠨ᠂ ᠸᠧᠢ ᠺᠧ | ᠲᠧ ᠠᠷᠠᠯᠵᠢᠶ᠎ᠠ ᠬᠤᠳᠠᠯᠳᠤᠭ᠎ᠠ ᠶᠢᠨ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ | ᠳᠤᠮᠤ ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠵᠡᠷᠭᠡ ᠳᠠᠪᠠᠭᠤᠯᠢᠭ | ᠦᠢᠯᠡᠳᠬᠦᠨ ᠢ ᠣᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠬᠤ ᠪᠠᠷ ᠴᠢᠷᠮᠠᠶᠢᠵᠤ᠂ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢ 5% | ᠨᠡᠮᠡᠭᠳᠡᠭᠦᠯᠬᠦ ᠪᠠᠷ ᠴᠢᠷᠮᠠᠶᠢᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠳᠡᠭᠳᠡᠷ ᠲᠤ ᠭᠠᠷᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | ︵ᠵᠢᠷᠭᠤᠭ᠎ᠠ︶ ᠬᠥᠮᠥᠨ ᠢᠶᠠᠷ ᠦᠨᠳᠦᠰᠦ ᠪᠣᠯᠭᠠᠵᠦ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠠᠷᠠᠳ | ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨ ᠤ | ︽ᠰᠡᠳᠬᠢᠯ ᠳᠠᠯᠪᠢᠳᠠᠭ ᠶᠠᠪᠤᠳᠠᠯ︾ ᠪᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠪᠦᠬᠦ ᠬᠦᠴᠦᠨ ᠢᠶᠠᠷ ᠢᠶᠠᠨ ᠨᠡᠮᠡᠭᠳᠡᠭᠦᠯᠤᠨ᠎ᠠ᠃ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠢᠮᠠᠭᠲᠠ ᠠᠵᠢᠯ ᠣᠯᠭᠤᠯᠲᠠ ᠶᠢ | ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠨᠢᠭᠤᠷᠯᠠᠯ ᠳᠤ ᠠᠵᠢᠯ ᠣᠯᠭᠤᠬᠤ ᠶᠢ ᠠᠬᠢᠭᠤᠯᠤᠨ᠂ | ᠲᠠᠷᠠᠬᠠᠢ ᠪᠤᠲᠠᠷᠬᠠᠢ ᠠᠵᠢᠯ ᠬᠥᠳᠡᠯᠮᠦᠷᠢ ᠬᠢᠭᠰᠡᠳ ᠲᠤ ᠰᠦᠯᠵᠢᠶᠡᠨ ᠳᠡᠭᠡᠷ᠎ᠡ ᠠᠵᠢᠯ ᠣᠯᠭᠤᠬᠤ ᠬᠡᠲᠦ ᠳᠡᠯᠭᠡᠭᠦᠷ | ᠪᠠᠶᠢᠭᠤᠯᠤᠨ ᠥᠭᠴᠦ᠂ ᠠᠳᠠᠯ ᠦᠢᠯᠡᠰ ᠴᠣᠭᠴᠠᠯᠠᠬᠤ ᠵᠢᠭᠡᠯᠡᠯᠭᠡ 1000 ᠲᠦᠮᠡᠨ ᠲᠥᠭᠦᠷᠢᠭ᠂ ᠨᠥᠬᠦᠪᠦᠷᠢ ᠶᠢᠨ | ᠴᠢᠨᠠᠷᠲᠠᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 900 ᠬᠥᠮᠥᠨ ᠤᠳᠠᠭ᠎ᠠ ᠨᠠᠶᠢᠳᠠᠪᠤᠷᠢᠵᠢᠭᠤᠯᠤᠨ᠎ᠠ᠃ ᠴᠠᠯᠢᠩ | ᠥᠷᠢᠲᠦᠭᠰᠡᠨ ᠬᠡᠷᠡᠭ ᠢ ︽ᠬᠥᠳᠡᠯᠦᠩᠭᠦᠢ ᠪᠠᠷ ᠦᠭᠡᠶᠢᠰᠬᠡᠬᠦ︾ ᠶᠢ ᠡᠷᠡᠰ ᠪᠠᠲᠤᠯᠠᠵᠤ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠨ᠎ᠠ᠃ ᠲᠤᠰᠬᠠᠢ ᠠᠵᠢᠯᠲᠠᠨ ᠡᠯᠰᠡᠬᠦ | ᠴᠤᠭᠯᠠᠭᠠᠨ ᠢ 7 ᠲᠠᠯᠠᠪᠤᠷ ᠥᠷᠨᠢᠭᠦᠯᠵᠦ᠂ 1.9 ᠲᠦᠮᠡᠨ ᠠᠵᠢᠯ ᠤᠨ ᠪᠠᠶᠢᠷᠢ ᠡᠯᠰᠡᠵᠦ᠂ ᠬᠤᠲᠠ ᠪᠠᠯᠭᠠᠰᠤᠨ ᠤ | 2000 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3. | 5% ᠠᠴᠠ ᠳᠣᠷᠣᠭᠰᠢ ᠬᠢᠵᠠᠭᠠᠷᠯᠠᠵᠤ᠂ ᠠᠵᠢᠯ ᠣᠯᠭᠤᠯᠲᠠ ᠶᠢᠨ ᠬᠠᠨᠲᠣᠰᠢ ᠶᠢᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠪᠠᠶᠠᠨᠴᠠᠭᠠᠨ ᠬᠡᠦᠬᠡᠳ ᠤᠨ | ᠴᠡᠴᠡᠷᠯᠢᠭ ᠢ ᠥᠷᠭᠡᠳᠬᠡᠨ ᠪᠠᠶᠢᠭᠤᠯᠬᠤ ᠪᠠ 7 ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢᠨ | ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠲᠠᠪᠤᠳᠤᠭᠠᠷ ᠳᠤᠮᠳᠠᠳᠤ ᠰᠤᠷᠭᠠᠭᠤᠯᠢ᠂ ᠠᠷᠪᠠᠨ ᠲᠠᠪᠤᠳᠤᠭᠠᠷ ᠪᠠᠭ᠎ᠠ ᠰᠤᠷᠭᠠᠭᠤᠯᠢ᠂ ᠡᠵᠢ | ᠨᠠᠭᠤᠷ ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠡᠯ᠎ᠡ | ᠰᠤᠷᠤᠯᠭ᠎ᠠ ᠶᠢᠨ ᠱᠠᠲᠤᠨ ᠤ ᠰᠣᠷᠣᠭᠴᠢ ᠶᠢᠨ ᠤᠷᠤᠨ ᠲᠤᠭ᠎ᠠ ᠶᠢ 4200 ᠰᠢᠨ᠎ᠡ ᠪᠠᠷ ᠨᠡᠮᠡᠭᠳᠡᠭᠦᠯᠤᠨ᠎ᠠ᠃ | ᠵᠢᠷᠭᠤᠳᠤᠭᠠᠷ ᠳᠤᠮᠳᠠᠳᠤ ᠰᠤᠷᠭᠠᠭᠤᠯᠢ ᠬᠢᠭᠡᠳ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ︽ᠨᠡᠷᠡᠳᠦ ᠰᠤᠷᠭᠠᠭᠤᠯᠢ᠂ ᠨᠡᠷᠡᠳᠦ ᠰᠤᠷᠭᠠᠭᠤᠯᠢ ᠶᠢᠨ ᠵᠠᠬᠢᠷᠤᠯ᠂ ᠨᠡᠷᠡᠳᠦ ᠪᠠᠭᠰᠢ︾ ᠶᠢᠨ ᠢᠨᠵᠧᠨᠧᠷᠢᠩ ᠤᠨ | ᠪᠠᠶᠢᠭᠤᠯᠤᠯᠲᠠ ᠶᠢ ᠠᠬᠢᠭᠤᠯᠵᠤ᠂ 300 ᠨᠡᠷᠡᠰ ᠪᠠᠭᠰᠢ ᠶᠢ ᠰᠢᠨ᠎ᠡ ᠪᠠᠷ ᠡᠯᠰᠡᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠤᠤᠯ ᠤᠨ ᠦᠨᠳᠦᠰᠦᠲᠡᠨ ᠤ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠬᠦᠯᠦᠨ᠎ᠡ᠃ ︽ᠰᠤᠷᠤᠭᠴᠢ ᠶᠢ ᠬᠠᠮᠠᠭᠠᠯᠠᠨ ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠢ | ᠪᠠᠳᠤᠯᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠲᠣᠭᠠᠴᠢᠯᠠᠭᠰᠠᠨ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠲᠠᠪᠴᠠᠩ ᠤᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠡᠷᠡᠭᠦᠯ ᠡᠩᠬᠡ ᠰᠢᠯᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ︽ᠨᠢᠭᠡ ᠬᠤᠷᠢᠶ᠎ᠠ ᠨᠢᠭᠡ ᠰᠠᠯᠠᠭ᠎ᠠ︾ ᠶᠢᠨ ᠣᠨᠴᠠᠯᠢᠭᠲᠤ | ᠵᠠᠭᠪᠤᠷ ᠢ ᠬᠠᠶᠢᠨ ᠰᠦᠪᠡᠭᠴᠢᠯᠡᠵᠦ᠂ ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠶᠢ ᠠᠬᠢᠭᠤᠯᠵᠤ᠂ | ᠬᠢᠲᠠᠳ ᠮᠣᠩᠭᠤᠯ ᠡᠮᠨᠡᠯᠭᠡ ᠶᠢ ᠲᠠᠰ ᠳᠡᠪᠰᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠢ 10 | ᠣᠷᠴᠢᠮ ᠡᠯᠰᠡᠨ᠎ᠡ᠃ ᠡᠬᠡ ᠨᠢᠯᠬᠠᠰ ᠤᠨ ᠡᠷᠡᠭᠦᠯᠵᠢᠯ ᠤᠨ ᠲᠥᠪ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠠᠶᠢᠮᠠᠭ ᠤᠨ ᠳᠣᠲᠣᠷᠠᠬᠢ ᠲᠤᠰᠬᠠᠢ ᠮᠡᠷᠭᠡᠵᠢᠯᠲᠡᠳ ᠤᠨ ᠲᠣᠭᠲᠠᠮᠠᠯ ᠬᠤᠭᠤᠴᠠᠭ᠎ᠠ ᠲᠠᠢ ᠬᠦᠷᠴᠦ ᠡᠪᠡᠳᠴᠢᠨ ᠦᠵᠡᠬᠦ᠂ | ᠠᠵᠢᠯ ᠤᠨ ᠠᠮᠠᠷᠠᠯᠲᠠ ᠪᠠᠨ ᠠᠪᠤᠭᠰᠠᠨ ᠨᠠᠷᠠᠲᠤ ᠡᠮᠴᠢ ᠶᠢᠨ ᠡᠮᠨᠡᠯᠭᠡ ᠳᠤ ᠰᠠᠭᠤᠵᠤ ᠠᠰᠠᠭᠤᠨ ᠣᠨᠣᠰᠢᠯᠠᠬᠤ ᠶᠢ | ᠪᠡᠶᠡᠯᠡᠭᠦᠯᠦᠨ᠎ᠡ᠃ ᠬᠠᠯᠳᠠᠪᠤᠷᠢᠲᠤ ᠲᠠᠭᠰᠢᠭᠤᠷ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠴᠢᠨᠠᠷᠲᠠᠢ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠰᠢᠮᠠᠲᠠᠭᠠᠢ | ᠴᠢᠨᠠᠷᠲᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠰᠢᠨ᠎ᠡ ᠴᠠᠭ | ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠳᠤ ᠬᠢᠷᠢ ᠳᠡᠩᠴᠡᠬᠦ ᠶᠢ ᠪᠠᠲᠤᠯᠠᠨ᠎ᠠ᠃ | ᠰᠣᠶᠣᠯ ᠪᠡᠶ᠎ᠡ ᠶᠢᠨ ᠲᠠᠮᠢᠷ ᠤᠨ ᠠᠷᠠᠳ ᠲᠤ ᠠᠰᠢᠭ ᠬᠦᠷᠲᠡᠭᠡᠬᠦ ᠠᠭᠤᠯᠤᠭᠳᠠᠬᠤᠨ ᠢ ᠪᠠᠶᠠᠯᠢᠭᠵᠢᠭᠤᠯᠣᠨ᠎ᠠ᠃ ᠪᠥᠬᠦ | ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢ | ᠴᠢᠨᠠᠷ ᠰᠠᠶᠢᠲᠠᠢ ᠡᠷᠬᠢᠯᠡᠨ᠎ᠡ᠃ ︽ᠰᠢᠯᠢ ᠶᠢᠨ ᠭᠤᠣᠯ ᠤᠨ ᠵᠣᠨ︾᠂ ᠤᠯᠠᠭᠠᠨᠮᠥ᠋ᠴᠢᠷ ᠤᠨ ᠠᠷᠠᠳ ᠲᠤ ᠠᠰᠢᠭ | ᠬᠦᠷᠲᠡᠭᠡᠬᠦ ᠰᠢᠷᠢᠰ ᠲᠣᠭᠯᠠᠯᠲᠠ ᠶᠢ 100 ᠳᠠᠯᠠᠪᠠᠢ ᠤᠳᠠᠭ᠎ᠠ ᠡᠷᠭᠢᠯᠡᠨ᠎ᠡ᠃ ᠨᠡᠶᠢᠭᠡᠮ ᠤᠨ ᠬᠦᠴᠦᠨ ᠢ ᠣᠷᠣᠭᠤᠯᠤᠨ | ᠠᠪᠴᠢᠷᠠᠵᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠣᠮ ᠤᠨ ᠰᠠᠩ᠂ ᠪᠠᠭᠠᠴᠤᠳ ᠤᠨ ᠣᠷᠳᠣᠨ᠂ ᠰᠢᠨᠵᠢᠯᠡᠭᠡ | ᠮᠡᠷᠭᠡᠵᠢᠯ ᠤᠨ ᠣᠷᠳᠣᠨ ᠢ ᠲᠥᠯᠥᠪᠵᠢᠭᠦᠯᠦᠨ ᠪᠠᠶᠢᠭᠤᠯᠵᠤ᠂ ᠨᠢᠭᠡ ᠪᠦᠯᠦᠭ ᠵᠡᠭᠡᠯᠢ ᠲᠣᠭᠤᠷᠢᠭ ᠤᠨ ᠭᠤᠣᠯ | ᠰᠡᠳᠦᠪᠲᠦ ᠨᠣᠮ ᠤᠨ ᠰᠠᠩ᠂ ᠳᠠᠪᠲᠠᠯᠭ᠎ᠠ ᠶᠢᠨ ᠭᠡᠷ ᠢ ᠪᠠᠶᠢᠭᠤᠯᠤᠨ᠎ᠠ᠃ ᠠᠷᠠᠳ ᠨᠡᠶᠢᠲᠡ ᠶᠢᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠣᠶᠣᠯ ᠪᠡᠶ᠎ᠡ ᠶᠢᠨ ᠲᠠᠮᠢᠷ ᠢᠶᠠᠷ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠶᠢ ᠡᠷᠬᠢᠯᠡᠵᠦ᠂ ᠤᠯᠠᠨ ᠲᠦᠮᠡᠨ ᠤ ᠤᠷᠤᠯᠳᠤᠭᠠᠨ ᠤ ᠠᠵᠢᠯᠯᠠᠭ᠎ᠠ ᠶᠢ ᠲᠠᠰᠣᠷᠠᠯᠲᠠ ᠦᠭᠡᠢ | ᠪᠠᠶᠠᠯᠢᠭᠵᠢᠭᠤᠯᠣᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠳᠬ᠎ᠠ ᠤᠷᠠᠯᠢᠭ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠨᠡᠩ ᠤᠯᠠᠨ ᠰᠣᠳᠣᠨ ᠪᠦᠲᠦᠭᠡᠯ ᠢ | ᠵᠣᠬᠢᠶᠠᠨ ᠪᠦᠲᠦᠭᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠡᠮ ᠡᠮᠨᠡᠯᠭᠡ ᠶᠢᠨ | ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ | ᠮᠥᠩᠭᠦᠨ ᠤ ᠠᠮᠤᠷ ᠲᠦᠪᠰᠢᠨ ᠢ ᠪᠠᠳᠤᠯᠠᠨ᠎ᠠ᠃ ᠬᠡᠪᠴᠢᠶᠡᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ 3000 ᠬᠥᠮᠥᠨ ᠢ | ᠰᠢᠨ᠎ᠡ ᠪᠠᠷ ᠨᠡᠮᠡᠭᠳᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠳᠥᠷᠪᠡᠨ ᠵᠦᠢᠯ ᠤᠨ | ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠲᠤ | ᠨᠥᠬᠦᠷᠰᠡᠭ ᠬᠡᠯᠪᠡᠷᠢ ᠶᠢᠨ 2 ᠨᠡᠶᠢᠭᠡᠮ ᠲᠣᠭᠤᠷᠢᠭ ᠢ ᠪᠠᠶᠢᠭᠤᠯᠵᠤ᠂ 300 ᠣᠨᠴᠠ ᠬᠦᠴᠢᠷᠳᠡᠯᠲᠡᠢ | ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ | ᠨᠡᠶᠢᠭᠡᠮ ᠤᠨ ᠬᠦᠴᠦᠨ ᠤ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠥᠵᠢᠭᠦᠯᠬᠦ ᠦᠢᠯᠡᠴᠢᠯᠡᠭᠡ ᠪᠠᠨ ᠥᠷᠭᠡᠳᠬᠡᠬᠦ ᠶᠢ | ᠳᠡᠮᠵᠢᠵᠦ᠂ ᠨᠠᠩ ᠰᠢᠯᠢᠳᠡᠭ ᠠᠰᠠᠷᠠᠨ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠵᠡᠮᠳᠡᠭ | ᠬᠥᠮᠥᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠵᠦ᠂ | ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ 110 ᠡᠷᠦᠬᠡ ᠳᠤ ᠰᠠᠭᠠᠳ ᠦᠭᠡᠢ ᠨᠡᠪᠳᠡᠷᠡᠬᠦ | ᠥᠭᠡᠷᠡᠴᠢᠯᠡᠯᠲᠡ ᠬᠢᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠷᠣᠰᠢᠭᠤᠯᠭ᠎ᠠ ᠶᠢᠨ ᠦᠢᠯᠡᠴᠢᠯᠡᠭᠡ | ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠤᠨ ᠬᠡᠷᠡᠭᠯᠡᠵᠦ᠂ ᠬᠤᠷᠢᠮ ᠨᠠᠶᠢᠷ ᠤᠨ ᠠᠭᠤᠳᠠᠮ ᠲᠠᠯᠠᠪᠠᠶ ᠶᠢ | ᠪᠠᠶᠢᠭᠤᠯᠤᠨ᠂ ᠣᠯᠠᠨ ᠲᠦᠮᠡᠨ ᠳᠤ ᠨᠠᠩ ᠨᠠᠶᠢᠳᠠᠪᠤᠷᠢᠲᠠᠢ ᠨᠠᠩ ᠳᠤᠯᠠᠭᠠᠨ ᠨᠡᠶᠢᠭᠡᠮ ᠤᠨ ᠪᠠᠲᠤᠯᠠᠭ᠎ᠠ ᠶᠢ ᠪᠥᠬᠦ | ᠬᠦᠴᠦᠨ ᠢᠶᠠᠷ ᠢᠶᠠᠨ ᠬᠠᠩᠭᠠᠨ᠎ᠠ᠃ | ᠲᠥᠯᠥᠭᠡᠯᠡᠭᠴᠢᠳ ᠠ᠋᠂ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠢᠮᠠᠭᠲᠠ ᠠᠷᠠᠳ ᠤᠨ | ᠠᠮᠢᠳᠤᠷᠠᠯ ᠤᠨ ᠵᠣᠯ ᠵᠢᠷᠭᠠᠯ ᠢᠶᠠᠷ ᠬᠥᠭᠵᠢᠯᠲᠡ ᠶᠢᠨ ᠦᠨᠳᠦᠰᠦᠨ ᠬᠠᠷᠠᠯᠲᠠ ᠪᠠᠨ ᠪᠣᠯᠭᠠᠭᠰᠠᠭᠠᠷ ᠢᠷᠡᠪᠡ᠃ ᠠᠳᠡ᠂ | ᠪᠦᠬᠦ ᠬᠤᠳᠠ ᠶᠢᠨ ᠠᠷᠠᠳ ᠲᠦᠮᠡᠨ ᠳᠤ ᠲᠤᠰ ᠤᠳᠠᠭ᠎ᠠ ᠶᠢᠨ ᠬᠤᠷᠠᠯ ᠢᠶᠠᠷ ᠪᠠᠲᠤᠯᠠᠭᠰᠠᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠳᠡ ᠯᠠᠪᠳᠠᠭᠤᠨ ᠢᠶᠠᠷ ᠠᠬᠢᠭᠤᠯᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ | ᠰᠠᠶᠢᠲᠤᠷ ᠬᠢᠨ᠎ᠠ ᠭᠡᠵᠦ ᠲᠥᠪ ᠴᠢᠩᠭ᠎ᠠ ᠪᠠᠷ ᠠᠮᠠᠯᠳᠠᠶᠠ᠃ | ︵ᠳᠣᠯᠤᠭ᠎ᠠ︶ ᠠᠮᠤᠷ ᠲᠦᠪᠰᠢᠨ ᠢᠶᠠᠷ ᠬᠥᠭᠵᠢᠭᠦᠯᠵᠦ ᠂ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠷᠢᠮᠲᠠᠯᠠᠵᠤ᠂ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠴᠢᠩᠭᠠᠷᠠᠭᠤᠯᠤᠨ᠎ᠠ᠃ ᠢᠮᠠᠭᠲᠠ ᠠᠶᠤᠯ ᠲᠦᠭᠰᠢᠭᠦᠷᠢ ᠶᠢ | ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠠᠮᠤᠷ ᠲᠣᠭᠲᠠᠭᠤᠨ ᠢ ᠬᠠᠮᠠᠭᠠᠯᠠᠬᠤ ᠶᠢ ᠲᠡᠷᠢᠭᠦᠨ ᠴᠢᠬᠤᠯᠠ | ᠶᠠᠪᠤᠳᠠᠯ ᠪᠣᠯᠭᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠬᠠᠤ ᠪᠠᠷ | ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ | ᠬᠠᠤᠯᠢ ᠶᠣᠰᠣᠭᠠᠷ ᠵᠠᠰᠠᠬᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ | ᠬᠠᠮᠵᠢᠯᠴᠠᠨ ᠰᠠᠶᠢᠲᠤᠷ ᠬᠢᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢᠨ ᠬᠤᠭᠤᠴᠠᠭ᠎ᠠ ᠳᠦᠬᠦᠷᠦᠭᠰᠡᠨ ᠤ ᠳᠠᠷᠠᠭᠠᠬᠢ ᠳᠠᠬᠢᠨ ᠰᠢᠯᠭᠠᠨ ᠪᠠᠶᠢᠴᠠᠭᠠᠬᠤ ᠶᠢ | ᠠᠮᠵᠢᠯᠲᠠᠲᠠᠢ ᠦᠩᠭᠡᠷᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ︽ᠴᠢᠮᠡᠭᠡ᠂ ᠵᠢᠯᠣᠭᠤᠳᠤᠯᠭ᠎ᠠ᠂ ᠦᠢᠯᠡᠴᠢᠯᠡᠭᠡ᠂ ᠶᠠᠷᠢᠶ᠎ᠠ ᠬᠡᠯᠡᠯᠴᠡᠭᠡᠨ︾ ᠢ | ᠨᠢᠭᠡ ᠴᠣᠭᠴᠠᠵᠢᠭᠤᠯᠤᠭᠰᠠᠨ ᠪᠣᠳᠠᠲᠤ ᠪᠠᠶᠢᠯᠳᠤᠭᠠᠨᠴᠢᠯᠠᠭᠰᠠᠨ ᠰᠢᠰᠲ᠋ᠧᠮᠵᠢ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠱᠠᠯᠢᠭ ᠵᠠᠪᠬᠠᠢ ᠵᠣᠭᠤᠰ ᠮᠦᠷᠦᠶᠢᠴᠡᠬᠦ ᠬᠤᠣᠷᠲᠤ ᠡᠳ᠋ ᠫᠠᠨᠽᠠᠯᠠᠬᠤ᠂ ᠴᠠᠬᠢᠯᠭᠠᠨ ᠬᠤᠯᠪᠣᠭ᠎ᠠ | ᠰᠦᠯᠵᠢᠶ᠎ᠡ ᠪᠠᠷ ᠮᠡᠬᠡᠯᠡᠬᠦ᠂ ᠨᠠᠰᠤᠨ ᠳᠤ ᠥᠯᠥ ᠭᠦᠷᠦᠭᠰᠡᠳ ᠲᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠠᠮᠤᠭᠤᠯᠠᠩ ᠰᠢᠯᠢ ᠶᠢᠨ ᠬᠤᠲᠠ︾ | ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠢ ᠠᠬᠢᠭᠤᠯᠤᠨ᠂ ︽ᠭᠡᠷ ᠲᠤᠨᠢ ᠬᠦᠷᠭᠡᠬᠦ︾ ᠦᠢᠯᠡᠴᠢᠯᠡᠭᠡ ᠶᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡ᠂ ᠭᠡᠷ | ᠭᠠᠵᠠᠷ ᠤᠨ ᠬᠥᠷᠥᠩᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠲᠡᠢ ᠪᠥᠭᠡᠳ ᠪᠦᠲᠦᠮᠵᠢᠲᠡᠶ ᠪᠠᠷ | ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠶᠢᠨ | ᠬᠤᠷᠢᠭ᠎ᠠ ᠱᠤᠭᠤᠮ ᠢ ᠡᠷᠡᠰ ᠰᠠᠬᠢᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ | ᠬᠠᠮᠠᠭᠠᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠭᠤᠷᠪᠠᠳᠠᠭᠢ ᠡᠲᠡᠭᠡᠳ ᠤᠨ ᠠᠶᠤᠯ ᠦᠭᠡᠢ ᠦᠢᠯᠡᠳᠪᠦᠷᠢᠯᠡᠯ ᠤᠨ ᠦᠨᠡᠯᠡᠨ ᠵᠢᠱᠢᠵᠦ ᠬᠢᠨᠠᠯᠲᠠ | ᠲᠠᠯᠪᠢᠬᠤ ᠶᠢ ᠬᠡᠷᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠲᠥᠪ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠨᠥᠭᠡᠴᠡᠯᠡᠬᠦ ᠬᠥᠮᠥᠷᠭᠡ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠬᠡᠷᠡᠭ ᠤᠨ | ᠲᠦᠭᠰᠢᠭᠦᠷᠢ ᠶᠢ ᠪᠦᠬᠦ ᠬᠦᠴᠦ ᠪᠠᠷ ᠢᠶᠠᠨ ᠰᠡᠷᠭᠡᠶᠢᠯᠡᠨ᠎ᠡ᠃ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠢ ᠴᠡᠭᠴᠡᠯᠡᠨ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ | ᠬᠦᠨᠳᠦ ᠶᠡᠭᠡ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠠᠨᠴᠠᠭᠠᠨ᠂ ᠪᠠᠶᠠᠨᠰᠢᠯᠢ᠂ | ᠡᠷᠳᠡᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠵᠢᠷᠤᠮᠵᠢᠭᠤᠯᠤᠨ ᠥᠭᠡᠷᠡᠴᠢᠯᠡᠬᠦ ᠶᠢ | ᠪᠡᠶᠡᠯᠡᠭᠦᠯᠵᠦ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ︽ᠢᠨᠲ᠋ᠧᠷ ᠰᠦᠯᠵᠢᠶ᠎ᠡ | + ᠢᠯᠡ ᠲᠣᠭᠤᠭᠠᠨ ᠭᠡᠷ︾ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠪᠥᠬᠦ ᠬᠦᠴᠦᠨ ᠢᠶᠠᠷ ᠢᠶᠠᠨ ᠡᠭᠦᠳᠦᠨ | ᠪᠠᠶᠢᠭᠤᠯᠤᠨ᠎ᠠ᠃ ᠡᠯ᠎ᠡ ᠵᠦᠢᠯ ᠤᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠷᠢᠶᠡᠯᠡᠩ ᠤᠨ ᠳᠡᠯᠭᠡᠨ ᠦᠵᠡᠭᠦᠯᠦᠯᠭᠡ ᠶᠢ ᠪᠡᠶᠡᠯᠡᠭᠦᠯᠵᠦ᠂ | ᠪᠥᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠢ | ᠦᠩᠭᠡᠷᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠭᠡ ᠶᠢᠨ ᠴᠡᠷᠢᠭ ᠤᠨ | ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠷᠠᠳ ᠤᠨ ᠠᠭᠤᠰᠤᠯᠴᠠᠭ᠎ᠠ ᠶᠢ ᠬᠦᠨᠵᠡᠭᠡᠶᠢᠷᠡᠬᠦᠯᠦᠨ᠎ᠡ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠠᠩ | ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠭᠠᠳᠠᠭᠠᠳᠤ ᠶᠠᠪᠤᠳᠠᠯ᠂ ᠬᠠᠷᠢᠶᠠᠲᠤ ᠨᠠᠷ ᠤᠨ ᠶᠠᠪᠤᠳᠠᠯ᠂ | ᠰᠣᠨᠢᠨ ᠮᠡᠳᠡᠭᠡ᠂ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠵᠡᠮᠳᠡᠭᠴᠦᠳ ᠪᠠ ᠬᠤᠶᠢᠴᠢ ᠦᠶ᠎ᠡ ᠶᠢᠨ | ᠬᠢᠨ ᠢᠶᠠᠨ ᠬᠠᠯᠠᠮᠵᠢᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠣᠯᠲᠠ | ︵ᠨᠢᠭᠡ︶ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠢᠮᠠᠭᠲᠠ ᠨᠢᠭᠡᠳᠦᠭᠡᠷ ᠵᠥᠪᠯᠡᠬᠦ ᠵᠦᠢᠯ ᠢᠶᠠᠨ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ | ᠬᠥᠮᠦᠵᠢᠯ ᠢ ᠰᠣᠷᠣᠯᠴᠠᠨ ᠲᠣᠣᠱᠠᠯᠠᠭᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠥᠨ᠎ᠡ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠶᠣᠰᠣᠭᠠᠷ ᠬᠤᠳᠠ ᠶᠢ ᠵᠠᠰᠠᠬᠤ ᠶᠢ | ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠦᠬᠦ ᠶᠠᠪᠤᠴᠠ ᠳᠤ ᠲᠣᠣᠱᠯᠠᠭᠤᠯᠬᠤ ᠶᠢ | ᠠᠬᠢᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ | ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠲᠣᠷᠠᠳᠣᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ | ᠨᠡᠶᠢᠭᠡᠮ ᠤᠨ ᠡᠯ᠎ᠡ ᠡᠳᠡᠭᠡᠳ ᠤᠨ ᠬᠢᠨᠠᠯᠲᠠ ᠶᠢ ᠬᠦᠯᠢᠶᠡᠨ᠎ᠠ᠃ ᠦᠨᠡᠨᠴᠢ ᠢᠲᠡᠭᠡᠮᠵᠢᠳᠠᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠢ ᠦᠨᠡᠨᠴᠢ ᠢᠲᠡᠭᠡᠮᠵᠢ ᠲᠠᠢ ᠪᠠᠶᠢᠬᠤ ᠶᠢᠨ ᠨᠡᠶᠢᠲᠡᠯᠢᠭ | ᠵᠢᠱᠢᠶ᠎ᠡ ᠪᠣᠯᠭᠠᠨ᠎ᠠ᠃ | ︵ᠭᠤᠷᠪᠠ︶ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ | ᠳᠡᠯᠭᠡᠷᠡᠭᠦᠯᠵᠦ᠂ ᠲᠠᠩᠰᠠ ᠴᠠᠶᠢᠷᠠᠭᠤᠯᠬᠤ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ | ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠶᠡᠭᠡ ᠪᠠᠷ | ᠵᠠᠯᠠᠷᠠᠭᠤᠯᠵᠤ᠂ ︽ᠤᠳᠠᠭᠠᠨ ᠪᠦᠳᠦᠭᠦᠯᠢᠭ ᠬᠤᠭᠤᠰᠤᠨ︾ ᠤ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠡ᠃ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ | ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ︽ᠬᠠᠰᠢᠷ ᠭᠠᠷ︾ ᠢ ᠨᠡᠩ ᠤᠯᠠᠨ | ᠬᠥᠮᠥᠵᠢᠭᠦᠯᠵᠦ᠂ ᠠᠵᠢᠯ ᠬᠢᠵᠦ ᠦᠢᠯᠡᠰ ᠪᠣᠰᠬᠠᠬᠤ ᠵᠢᠩᠬᠢᠨᠢ ᠴᠢᠳᠠᠪᠤᠷᠢ ᠪᠠ ᠴᠤᠭ ᠰᠦᠯᠳᠡ ᠶᠢ ᠲᠠᠰᠤᠷᠠᠯᠳᠡ | ᠦᠭᠡᠢ ᠴᠢᠩᠭᠠᠳᠬᠠᠨ᠎ᠠ᠃ | ︵ᠳᠥᠷᠪᠡ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠠᠷᠠᠳ ᠤᠯᠠᠨ ᠢ ᠢᠮᠠᠭᠲᠠ ᠰᠡᠳᠬᠢᠯ | ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠶᠢ | ᠦᠢᠯᠡᠳᠦᠯᠭᠡᠵᠢᠭᠦᠯᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠪᠠᠳᠠᠷᠠᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ | ᠪᠠᠶᠢᠬᠤ ᠡᠰᠡᠬᠦ ᠪᠠᠷ ᠡᠯ᠎ᠡ ᠵᠦᠢᠯ ᠤᠨ ᠠᠵᠢᠯ ᠢᠶᠠᠨ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠪᠣᠯᠭᠠᠨ᠎ᠠ᠃ ᠰᠢᠨ᠎ᠡ | ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ︽ᠰᠢᠨ᠎ᠡ ᠳᠦᠷᠢ ᠲᠥᠷᠬᠦ ᠶᠢᠨ | ᠢᠨᠵᠧᠨᠧᠷᠢᠩ︾ ᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠵᠤ᠂ ᠨᠢᠯᠬᠠᠰ ᠲᠤ ᠬᠠᠷᠠᠭᠠᠯᠵᠠᠯ ᠲᠠᠢ᠂ | ᠰᠤᠷᠤᠯᠴᠠᠬᠤ ᠳᠤ ᠬᠦᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ | ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠢ ᠳᠤ ᠲᠡᠳᠬᠦᠮᠵᠢ ᠲᠠᠢ ᠪᠠᠶᠢᠬᠤ ᠶᠢ ᠪᠦᠬᠦ | ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ︽ᠦᠢᠯᠡᠴᠢᠯᠡᠭᠡᠨ ᠤ ᠵᠢᠭᠠᠯᠲᠠ ᠲᠤᠭ᠎ᠠ︾ ᠪᠠᠷ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠨ᠎ᠠ᠃ | ︵ᠲᠠᠪᠤ︶ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠢᠮᠠᠭᠲᠠ ᠶᠣᠰᠣ ᠳᠦᠷᠢᠮ ᠪᠠ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ | ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠦᠷᠢᠮ ᠢᠶᠠᠷ ᠡᠷᠬᠡ ᠶᠢ ᠡᠷᠡᠰ ᠬᠠᠮᠢᠶᠠᠷᠴᠤ᠂ | ᠬᠥᠮᠥᠨ ᠢ ᠡᠷᠡᠰ ᠬᠠᠮᠢᠶᠠᠷᠤᠨ᠎ᠠ᠃ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠠᠵᠢᠯᠯᠠᠭ᠎ᠠ ᠶᠢ ᠬᠠᠤᠯᠢ | ᠶᠣᠰᠣᠭᠠᠷ ᠵᠠᠯᠬᠠᠭᠠᠨ ᠰᠢᠳᠭᠡᠵᠦ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ | ᠰᠡᠷᠭᠡᠶᠢᠯᠡᠨ ᠠᠷᠢᠯᠭᠠᠨ᠎ᠠ᠃ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠨ ᠦᠷ᠎ᠡ ᠠᠰᠢᠭ ᠢᠶᠠᠨ | ᠳᠡᠭᠡᠭᠰᠢᠯᠡᠬᠦᠯᠬᠦ ᠠᠵᠢᠯ ᠢ ᠰᠠᠶᠢᠲᠤᠷ ᠬᠢᠵᠦ᠂ ᠦᠪᠡᠷ ᠤᠨ ᠪᠡᠶ᠎ᠡ ᠪᠠᠷ ᠢᠶᠠᠨ ᠳᠠᠭᠠᠭᠤᠯᠤᠨ ᠠᠷᠪᠢᠯᠠᠨ ᠭᠠᠮᠨᠠᠵᠦ᠂ ᠨᠡᠩ | ᠤᠯᠠᠨ ᠡᠷᠬᠢᠮ ᠨᠠᠨᠳᠢᠨ ᠡᠳ᠋ ᠤᠨ ᠬᠦᠴᠦᠨ ᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ | ᠪᠠᠴᠢᠮ ᠬᠡᠷᠡᠭᠴᠡᠭᠡ ᠳᠤ ᠬᠡᠷᠡᠭᠯᠡᠨ᠎ᠡ᠃ | ᠲᠥᠯᠥᠭᠡᠯᠡᠭᠴᠢᠳ ᠠ᠋᠂ ︽ᠰᠢᠨ᠎ᠡ ᠵᠠᠮ ᠢ ᠨᠡᠭᠡᠭᠡᠬᠦ︾ ᠡᠭᠦᠷᠭᠡ ᠬᠠᠷᠢᠭᠤᠴᠠᠯᠭ᠎ᠠ ᠮᠠᠰᠢ ᠬᠦᠨᠳᠦ᠂ ︽ᠳᠤᠮᠳᠠ | ᠳᠦᠪᠰᠢᠨ ᠳᠤ ᠣᠷᠣᠬᠤ︾ ᠬᠠᠷᠠᠯᠲᠠ ᠤᠷᠮ᠎ᠠ ᠵᠣᠷᠢᠭ ᠢ ᠬᠥᠪᠴᠢᠯᠡᠨ᠎ᠡ︕ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠲᠠᠷᠠᠨ ᠪᠦᠯᠬᠦᠮᠳᠡᠵᠦ᠂ ᠵᠠᠮ ᠨᠡᠭᠡᠭᠡᠨ᠂ ᠡᠷᠡᠮᠡᠬᠡᠶᠢᠯᠡᠨ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠰᠢᠯᠢ ᠶᠢᠨ ᠬᠤᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | ᠨᠡᠷ᠎ᠡ ᠦᠭᠡᠰ ᠤᠨ ᠲᠠᠶᠢᠯᠪᠣᠷᠢ | 1. ᠬᠤᠶᠠᠷ ᠶᠡᠭᠡ ᠶᠠᠪᠤᠳᠠᠯ᠄ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠠᠯᠳᠡ ᠶᠢ ᠪᠦᠲᠦᠭᠡᠨ ᠪᠠᠶᠢᠭᠤᠯᠬᠤ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠬᠤᠶᠠᠷ | ᠶᠡᠭᠡ ᠶᠠᠪᠤᠳᠠᠯ ᠪᠤᠯᠤᠨ᠎ᠠ᠃ | 2. ᠰᠢᠨ᠎ᠡ ᠵᠠᠮ ᠢ ᠨᠡᠭᠡᠭᠡᠬᠦ᠂ ᠳᠤᠮᠳᠠ ᠳᠦᠪᠰᠢᠨ ᠳᠤ ᠣᠷᠣᠬᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠵᠢᠷᠭᠤᠳᠤᠭᠠᠷ ᠣᠳᠠᠭᠠᠨ ᠤ ᠪᠦᠬᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠢ ᠨᠡᠭᠡᠭᠡᠵᠦ᠂ ᠥᠪᠥᠷ ᠮᠣᠩᠭᠤᠯ ᠤᠨ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠦᠬᠦ ᠤᠯᠤᠰ ᠤᠨ ᠲᠣᠮᠳᠠ ᠲᠦᠪᠰᠢᠨ ᠳᠤ ᠣᠷᠣᠭᠤᠯᠬᠤ ᠶᠢ ᠠᠬᠢᠭᠤᠯᠬᠤ ᠭᠡᠵᠦ ᠳᠤᠷᠠᠳᠪᠠ᠃ | 3. ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ᠄ ︽ᠭᠤᠷᠪᠠᠨ ᠤᠮᠠᠷᠠᠲᠤ︾ | ᠶᠢᠨ ᠢᠨᠵᠧᠨᠧᠷᠢᠩ ᠤᠨ ᠪᠠᠬᠢᠯᠡᠯᠲᠡ ᠰᠢᠪᠳᠣᠯᠬᠤ ᠳᠠᠶᠢᠯᠠᠯᠳᠤᠭᠠᠨ ᠤ ᠭᠤᠷᠪᠠᠨ ᠶᠡᠭᠡ ᠲᠥᠯᠦᠭᠡᠯᠡᠬᠦ ᠴᠢᠨᠠᠷᠲᠠᠢ | ᠳᠠᠶᠢᠯᠠᠯᠳᠤᠭᠠᠨ ᠤ ᠨᠢᠭᠡ ᠪᠣᠯᠣᠨ᠎ᠠ᠃ | 4. ︽ᠭᠤᠷᠪᠠ ᠶᠢ ᠡᠶᠡᠳᠡᠭᠦᠯᠬᠦ ᠳᠥᠷᠪᠡ ᠶᠢ ᠰᠡᠷᠭᠡᠶᠢᠯᠡᠬᠦ ᠬᠤᠶᠠᠷ ᠢ ᠬᠤᠯᠪᠤᠭᠠᠯᠠᠬᠤ︾᠄ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠪᠤᠯᠤᠨ᠎ᠠ᠂ ︽ᠭᠤᠷᠪᠠ ᠶᠢ ᠡᠶᠡᠳᠡᠭᠦᠯᠬᠦ︾ ᠭᠡᠳᠡᠭ ᠨᠢ | ᠴᠠᠭᠳᠠᠭᠠᠨ ᠤ ᠲᠤᠬᠠᠢ ᠶᠢᠨ ᠲᠠᠯᠠᠪᠤᠷ ᠲᠤ ᠡᠶᠡᠳᠡᠭᠦᠯᠬᠦ᠂ ᠴᠠᠭᠳᠠᠭᠠᠨ ᠤ ᠶᠠᠪᠤᠳᠠᠯ ᠤᠨ ᠭᠠᠵᠠᠷ ᠣᠶᠢᠷ᠎ᠠ ᠬᠠᠪᠢ ᠳᠤᠨᠢ | ᠡᠶᠡᠳᠡᠭᠦᠯᠬᠦ᠂ ᠬᠠᠷᠠᠭᠠᠨ ᠳᠠᠪᠲᠠᠮᠵᠢ ᠪᠠᠷ ᠠᠯᠤᠰ ᠠᠴᠠ ᠡᠶᠡᠳᠡᠭᠦᠯᠬᠦ ᠠᠵᠢᠯ ᠢ ᠵᠢᠭᠠᠵᠤ ᠪᠣᠶ᠃ ︽ᠳᠥᠷᠪᠡ ᠶᠢ | ᠰᠡᠷᠭᠡᠶᠢᠯᠡᠬᠦ︾ ᠭᠡᠳᠡᠭ ᠨᠢ ᠰᠣᠭᠤᠴᠢᠨ ᠪᠠᠶᠢᠴᠠᠭᠠᠵᠣ ᠤᠷᠢᠳᠴᠢᠯᠠᠨ ᠰᠡᠷᠭᠡᠶᠢᠯᠡᠬᠦ᠂ ᠬᠦᠴᠦᠨ ᠢ ᠬᠠᠮᠳᠣᠳᠬᠠᠨ | ᠡᠶᠡᠳᠡᠭᠦᠯᠬᠦ᠂ ᠵᠥᠷᠢᠴᠡᠯ ᠢ ᠱᠠᠲᠤ ᠬᠤᠪᠢᠶᠠᠨ ᠰᠢᠢᠳᠪᠦᠷᠢᠯᠡᠬᠦ᠂ ᠯᠠᠪᠳᠠᠭᠤᠨ ᠪᠠᠲᠤᠲᠠᠢ ᠪᠠᠷ ᠮᠥᠷᠳᠡᠨ | ᠰᠤᠷᠪᠤᠯᠵᠢᠯᠠᠬᠤ ᠶᠢ ᠵᠢᠭᠠᠵᠦ ᠪᠤᠢ᠃ ︽ᠬᠤᠶᠠᠷ ᠢ ᠬᠤᠯᠪᠤᠭᠠᠯᠠᠬᠤ︾ ᠭᠡᠳᠡᠭ ᠨᠢ ᠨᠡᠶᠢᠭᠡᠮ ᠤᠨ ᠡᠶᠡᠳᠡᠭᠦᠯᠬᠦ | ᠬᠦᠴᠦᠨ ᠢ ᠬᠤᠯᠪᠤᠭᠠᠯᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠤᠯᠪᠤᠭᠠᠯᠠᠬᠤ ᠶᠢ ᠵᠢᠭᠠᠵᠤ | ᠪᠤᠢ᠃ | 5. ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠹᠦᠵᠢᠶᠠᠨ ᠤ | ᠨᠢᠩᠳᠧ ᠳᠤ ᠠᠵᠢᠯᠯᠠᠵᠤ ᠪᠠᠶᠢᠬᠤ ᠳᠠᠭᠠᠨ ᠶᠡᠭᠡ ᠪᠠᠷ ᠰᠠᠨᠠᠭᠠᠴᠢᠯᠠᠭᠰᠠᠨ ᠠᠵᠢᠯ ᠤᠨ ᠠᠷᠭ᠎ᠠ᠂ ᠠᠵᠢᠯ ᠤᠨ ᠳᠦᠷᠢᠮ | ᠪᠣᠯᠣᠨ᠎ᠠ᠂ ᠳᠠᠷᠤᠢ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠣᠬᠠᠭᠤᠯᠬᠤ ᠶᠢ ᠦᠨᠳᠦᠰᠦᠨ | ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠬᠢᠬᠦ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ | ᠰᠣᠷᠪᠤᠯᠵᠢᠯᠠᠯ ᠬᠦᠯᠢᠶᠡᠨ ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠢ ᠶᠢᠨ ᠲᠠᠯᠠᠪᠤᠷ ᠲᠤ | ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠪᠤᠯᠤᠨ᠎ᠠ᠃ | 6. ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢᠨ ᠤ ᠦᠨ᠎ᠡ ᠬᠠᠶᠠᠯᠴᠠᠬᠤ᠄ 2023 ᠣᠨ ᠤ 6 ᠳ᠋ᠤᠭᠠᠷ | ᠰᠠᠷ᠎ᠠ ᠶᠢᠨ 28 ᠤ ᠡᠳᠦᠷ ᠡᠷᠬᠢᠯᠡᠭᠰᠡᠨ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢ︾ ᠶᠢ | ᠲᠠᠨᠢᠯᠴᠠᠭᠤᠯᠬᠤ ᠦᠨ᠎ᠡ ᠬᠠᠶᠠᠯᠴᠠᠨ ᠦᠷᠢᠰᠦᠯᠳᠦᠬᠦ ᠬᠤᠷᠠᠯ ᠳᠤ᠂ ᠠᠷᠠᠯᠵᠢᠶᠠᠯᠠᠭᠰᠠᠨ ᠪᠦᠬᠦᠯᠢ ᠬᠤᠨᠢᠨ ᠤ ᠲᠠᠩ | ᠦᠨ᠎ᠡ ᠨᠢ ᠣᠶᠢᠷ᠎ᠠ ᠶᠢᠨ 5 ᠵᠢᠯ ᠤᠨ ᠲᠤᠷᠰᠢᠬᠢ ᠪᠥᠬᠦ ᠠᠶᠢᠮᠠᠭ ᠤᠨ ᠬᠤᠨᠢᠨ ᠮᠢᠬᠠᠨ ᠤ ᠵᠠᠬ᠎ᠠ ᠳᠡᠯᠭᠡᠭᠦᠷ ᠤᠨ | ᠬᠠᠮᠤᠭ ᠤᠨ ᠥᠨᠳᠥᠷ ᠦᠨ᠎ᠡ ᠶᠢ ᠡᠭᠦᠳᠴᠦ᠂ ︽ᠰᠢᠯᠢ ᠶᠢᠨ ᠭᠤᠣᠯ ᠤᠨ ᠬᠤᠨᠢᠨ︾ ᠤ ᠨᠠᠷᠠᠲᠤ ᠳᠡᠮᠳᠡᠭ ᠤᠨ | ᠦᠷ᠎ᠡ ᠠᠰᠢᠭ ᠪᠠ ᠠᠯᠳᠠᠷᠰᠢᠯ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃ | 7. ᠬᠤᠲᠠ ᠶᠢᠨ ᠶᠡᠭᠡ ᠲᠠᠷᠢᠬᠢ᠄ ᠬᠦᠮᠦᠨ ᠤ ᠬᠦᠴᠦᠨ ︵ᠬᠢᠮᠡᠯ︶ ᠤ ᠣᠶᠤᠨ ᠣᠬᠠᠭᠠᠨ᠂ ᠲᠣᠮᠣ ᠳ᠋ᠠᠶᠢᠲ᠋ᠠ᠂ | ᠡᠭᠦᠯᠡᠨ ᠪᠣᠳᠣᠯᠲᠠ ᠵᠡᠷᠭᠡ ᠮᠡᠷᠭᠡᠵᠢᠯ ᠢ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ ᠪᠠ ᠦᠢᠯᠡᠴᠢᠯᠡᠭᠡ ᠵᠡᠷᠭᠡ ᠲᠠᠯ᠎ᠠ ᠳᠤ ᠬᠡᠷᠡᠭᠯᠡᠵᠦ᠂ ᠰᠡᠷᠡᠵᠦ ᠮᠡᠳᠡᠬᠦ᠂ ᠵᠠᠳᠠᠯᠬᠤ᠂ ᠰᠢᠢᠳᠪᠦᠷᠢᠲᠦ | ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠵᠡᠷᠭᠡ ᠳᠥᠷᠪᠡᠨ ᠭᠤᠭᠴᠤᠭ᠎ᠠ ᠪᠠᠷ ᠳᠠᠮᠵᠢᠭᠤᠯᠤᠨ᠂ ᠬᠤᠲᠠ ᠶᠢᠨ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠬᠦᠯᠬᠦ᠃ | 8. ᠨᠢᠭᠡ ᠭᠤᠣᠯ ᠰᠢᠵᠢᠮ᠂ ᠵᠢᠷᠭᠤᠭᠠᠨ ᠢᠨᠵᠧᠨᠧᠷᠢᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠳᠦ ᠴᠤᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ | ᠂ ᠪᠥᠬᠦ ᠣᠷᠣᠨ ᠤ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠲᠤᠯᠭᠠᠭᠤᠷᠢᠯᠠᠬᠤ ᠴᠢᠨᠠᠷᠲᠠᠢ᠂ ᠲᠠᠭᠠᠭᠤᠯᠬᠤ ᠴᠢᠨᠠᠷᠲᠠᠢ᠂ ᠬᠥᠰᠢᠭᠦᠷᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠤ ᠬᠦᠴᠦᠨ ᠢᠶᠠᠷ ᠴᠠᠬᠢᠯᠭᠠᠨ | ᠭᠠᠷᠭᠠᠬᠤ᠂ ᠬᠡᠷᠡᠯ ᠢᠶᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠯᠠᠭᠤᠨ | ᠳᠤᠯᠠᠭᠠᠨ ᠢᠨᠵᠧᠨᠧᠷᠢᠩ᠂ ᠦᠨᠡᠨᠴᠢ ᠢᠳᠡᠭᠡᠮᠵᠢᠲᠠᠢ ᠪᠦᠲᠦᠭᠡᠨ ᠪᠠᠶᠢᠭᠤᠯᠬᠤ ᠢᠨᠵᠧᠨᠧᠷᠢᠩ᠂ ᠰᠢᠨᠵᠢᠯᠡᠭᠡ | ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ | ᠪᠠᠶᠢᠭᠤᠯᠬᠤ ᠢᠨᠵᠧᠨᠧᠷᠢᠩ ᠃ | 9. ᠨᠠᠰᠤᠵᠢᠯ ᠤᠨ ᠦᠢᠯᠡᠴᠢᠯᠡᠭᠡᠨ ᠤ ︽ᠳᠥᠷᠪᠡᠨ ᠵᠦᠢᠯ ᠤᠨ ᠢᠨᠵᠧᠨᠧᠷᠢᠩ︾᠄ ᠭᠡᠷ ᠲᠡᠭᠡᠨ ᠰᠠᠭᠤᠵᠤ ᠪᠠᠶᠢᠭ᠎ᠠ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ | ᠨᠠᠰᠤᠵᠢᠯ ᠤᠨ ᠦᠢᠯᠡᠴᠢᠯᠡᠭᠡᠨ ᠢ ᠲᠠᠰ ᠳᠡᠪᠰᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ | ᠰᠠᠭᠤᠷᠢ ᠶᠢ ᠴᠢᠩᠭᠠᠳᠬᠠᠬᠤ ᠢᠨᠵᠧᠨᠧᠷᠢᠩ᠃ | 10. ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠶᠢᠨ ︽ᠠᠷᠪᠠᠨ ᠪᠠᠶᠢᠬᠤ︾ ᠪᠠᠶᠢᠭᠤᠯᠤᠯᠲᠠ᠄ | ᠲᠡᠮᠳᠡᠭ ᠫᠠᠶᠢᠰᠠ ᠲᠠᠢ ᠪᠠᠶᠢᠬᠤ᠂ ᠲᠤᠰᠬᠠᠢ ᠲᠠᠯᠠᠪᠤᠷ ᠲᠠᠢ ᠪᠠᠶᠢᠬᠤ᠂ ᠶᠡᠷᠦᠩᠬᠡᠶᠢᠯᠡᠭᠰᠡᠨ ᠴᠣᠩᠬᠤᠪᠴᠢ ᠲᠠᠢ ᠪᠠᠶᠢᠬᠤ᠂ | ᠲᠤᠰᠬᠠᠢ ᠲᠤᠰᠢᠶᠠᠯᠲᠤ ᠠᠵᠢᠯᠲᠠᠨ ᠲᠠᠢ ᠪᠠᠶᠢᠬᠤ᠂ ᠠᠯᠪᠠᠨ ᠠᠵᠢᠯ ᠤᠨ ᠲᠥᠬᠦᠭᠡᠷᠦᠮᠵᠢ ᠲᠠᠢ ᠪᠠᠶᠢᠬᠤ᠂ ᠠᠵᠢᠯ | ᠶᠠᠪᠤᠳᠠᠯ ᠭᠦᠢᠴᠡᠳᠬᠡᠬᠦ ᠣᠳᠣᠷᠢᠳᠣᠮᠵᠢ ᠲᠠᠢ ᠪᠠᠶᠢᠬᠤ᠂ ᠤᠴᠢᠷ ᠶᠠᠪᠤᠳᠠᠯ ᠤᠨ ᠨᠠᠷᠢᠨ ᠲᠠᠩᠰᠠ ᠲᠠᠢ ᠪᠠᠶᠢᠬᠤ᠂ | ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠪᠠᠶᠢᠬᠤ᠂ ᠳᠦᠷᠢᠮ ᠤᠨ ᠲᠣᠭᠲᠠᠴᠠ ᠲᠠᠢ ᠪᠠᠶᠢᠬᠤ᠂ ᠠᠵᠢᠯ ᠤᠨ ᠡᠬᠡ | ᠲᠠᠩᠰᠠ ᠲᠠᠢ ᠪᠠᠶᠢᠬᠤ ᠶᠢ ᠵᠢᠭᠠᠨ᠎ᠠ᠃ |