ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ  ᠬᠤᠷᠢᠶ᠎ᠠ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/28
     2 ᠳ᠋ᠤᠭᠠᠷ ᠰᠠᠷ᠎ᠠ ᠶᠢᠨ 27᠎ ᠤ ᠡᠳᠦᠷ᠂ ᠰᠢᠯᠢ ᠶᠢᠨ ᠭᠤᠤᠯ ᠠᠶᠢᠮᠠᠭ ᠤᠨ ᠳᠡᠳ᠋  ᠳᠠᠷᠤᠭ᠎ᠠ᠂  ᠰᠢᠯᠢ ᠶᠢᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠨ ᠵᠧᠨ ᠵᠢᠶᠠᠩ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ  ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ  ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠴᠢᠩᠭᠠᠷᠠᠭᠤᠯᠵᠤ᠂ ᠪᠦᠬᠦ ᠵᠢᠯ ᠤᠨ ᠠᠵᠢᠯ ᠤᠨ ᠲᠣᠭᠲᠠᠭᠤᠨ ᠢᠶᠠᠷ ᠡᠬᠢᠯᠡᠵᠦ᠂  ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂  ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠡᠢ᠃      ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠪᠣᠯᠣᠨ ᠯᠢ ᠴᠢᠶᠠᠩ ᠶᠡᠷᠦᠩᠬᠡᠢ ᠰᠠᠶᠢᠳ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠠ ᠳᠠᠷᠤᠭᠳᠠᠮᠠᠯ ᠬᠡᠷᠡᠭ ᠢ  ᠰᠢᠢᠳᠪᠤᠷᠢᠯᠡᠬᠦ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠡᠯ᠎ᠡ ᠲᠦᠷᠦᠯ ᠤᠨ ᠰᠣᠷᠪᠤᠯᠵᠢᠯᠠᠭ᠎ᠠ ᠳᠤ ᠬᠤᠯᠪᠣᠭᠳᠠᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠵᠦ᠂ ᠪᠦᠬᠦ ᠤᠯᠤᠰ ᠤᠨ︽ᠬᠤᠶᠠᠷ ᠬᠤᠷᠠᠯ︾ ᠎ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃        ᠬᠤᠷᠠᠯ ᠎ ᠠᠴᠠ ᠴᠢᠬᠤᠯᠠᠴᠢᠯᠠᠭᠰᠠᠨ ᠨᠢ᠂ 2024 ᠣᠨ ᠤ ᠪᠦᠬᠦ ᠣᠷᠣᠨ᠂ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ ᠰᠢᠯᠢ ᠶᠢᠨ ᠬᠤᠳᠠ ᠶᠢᠨ ︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠎ ᠶᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠦᠨᠡᠨᠬᠦ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ  ᠭᠡᠵᠡᠢ᠃      ᠬᠤᠷᠠᠯ ᠎ ᠳᠤ᠂  ᠰᠢᠯᠢ ᠶᠢᠨ ᠬᠤᠳᠠ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠰᠲ᠋ᠧᠮ ᠲᠠᠢ ᠵᠠᠰᠠᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠵᠠᠢ᠃        ᠵᠧᠦ ᠵᠢᠶᠠ ᠸᠧᠢ᠂ ᠯᠢᠶᠠᠩ ᠴᠢᠤᠸᠠᠨ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号