ᠮᠠᠨ ᠤ ᠠᠶᠢᠮᠠᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠠᠮᠵᠢᠯᠳᠠᠳᠠᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/2/29
ᠮᠠᠨ ᠤ ᠠᠶᠢᠮᠠᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠠᠮᠵᠢᠯᠳᠠᠳᠠᠢ ᠨᠠᠶᠢᠳᠠᠪᠤᠷᠢᠵᠢᠭᠤᠯᠪᠠ       2023 ᠤᠨ ᠤ 12 ᠰᠠᠷ᠎ᠠ ᠶᠢᠨ 19᠎ ᠤ ᠡᠳᠦᠷ᠂ ᠰᠦᠨᠢᠳ ᠵᠡᠭᠦᠨ ᠬᠤᠰᠢᠭᠤᠨ ᠤ ᠮᠠᠨᠳᠠᠯᠳᠦ ᠪᠠᠯᠭᠠᠰᠤᠨ ᠤ ᠪᠠᠶᠠᠨᠬᠠᠡᠭᠭᠠᠢ ᠭᠠᠴᠠᠭ᠎ᠠ ᠨᠢ ᠭᠠᠴᠠᠭᠠᠨ ᠤ ᠬᠠᠮᠳᠦ ᠶᠢᠨ ᠠᠵᠦ ᠠᠬᠤᠢ ᠶᠢᠨ ᠤᠷᠤᠯᠭ᠎ᠠ ᠠᠴᠠ ᠪᠠᠨ 3.72 ᠲᠦᠮᠡᠨ ᠲᠦᠭᠦᠷᠢᠭ ᠲᠤᠬᠢᠷᠠᠭᠤᠯᠤᠨ᠂ ᠭᠦᠮᠦᠨ ᠪᠦᠷᠢ ᠳᠤ 200 ᠲᠦᠭᠦᠷᠢᠭ ᠤᠨ ᠪᠠᠷᠢᠮᠵᠢᠶ᠎ᠠ ᠪᠠᠷ ᠭᠠᠴᠠᠭᠠᠨ ᠤ 186 ᠮᠠᠯᠴᠢᠨ ᠳᠤ ᠦᠨᠳᠦᠰᠦᠨ ᠠᠰᠠᠷᠠᠮᠵᠢ ᠶᠢᠨ ᠲᠠᠭᠠᠳᠬᠠᠯ ᠤᠨ ᠮᠦᠡᠭᠭᠦ ᠶᠢ ᠨᠢ ᠨᠦᠭᠦᠪᠦᠷᠢᠯᠡᠨ ᠦᠭᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠠᠩᠬ᠎ᠠ ᠤᠳᠠᠭ᠎ᠠ ᠪᠡᠶᠡᠯᠡᠭᠦᠯᠵᠠᠢ᠃      ︽ᠮᠠᠯᠴᠢᠳ ᠲᠤ ᠠᠪᠴᠤ ᠬᠡᠯᠡᠪᠡᠯ ᠡᠨᠡ ᠪᠣᠯ ᠨᠢᠭᠡ ᠵᠦᠢᠯ ᠤᠨ ᠰᠠᠶᠢᠨ ᠲᠥᠷᠥ ᠶᠢᠨ ᠪᠣᠳᠣᠯᠭ᠎ᠠ ᠮᠥᠨ᠂ ᠤᠨᠴᠠᠭᠠᠶᠢᠯᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠳᠦ ᠣᠨᠴᠠ ᠬᠦᠴᠢᠷᠳᠡᠯᠲᠠᠢ ᠭᠦᠮᠦᠰ ᠲᠤ ᠤᠯᠤᠰ ᠠᠴᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ ᠬᠠᠮᠲᠤ ᠶᠢᠨ ᠠᠵᠤ ᠠᠬᠤᠢ ᠠᠴᠠ ᠪᠠᠰᠠ ᠨᠢᠭᠡ ᠬᠤᠪᠢ ᠨᠥᠬᠦᠪᠦᠷᠢ ᠥᠭᠪᠡᠯ᠂ ᠬᠤᠵᠢᠮ ᠭᠦᠷᠳᠡᠭᠦ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠨᠡᠩ ᠥᠨᠳᠥᠷ ᠪᠣᠯᠣᠨ᠎ᠠ᠃ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠤ ᠳᠠᠷᠠᠭ᠎ᠠ᠂ ᠮᠠᠯᠴᠢᠳ ᠤᠨ ᠳᠠᠭᠠᠳᠬᠠᠯ ᠳᠤ ᠣᠷᠣᠯᠴᠠᠬᠤ ᠢᠳᠡᠪᠬᠢᠵᠢᠯ ᠮᠠᠰᠢ ᠥᠨᠳᠥᠷ ᠪᠠᠶᠢᠵᠤ᠂ ᠭᠠᠴᠠᠭᠠᠨ ᠤ ᠬᠠᠮᠲᠤ ᠶᠢᠨ ᠠᠵᠤ ᠠᠬᠤᠢ ᠨᠢ ᠭᠠᠴᠠᠭᠠᠨ ᠤ ᠮᠠᠯᠴᠢᠨ ᠨᠢᠭᠡᠪᠦᠷᠢ ᠳᠤ 200 ᠲᠥᠭᠦᠷᠢᠭ ᠤᠨ ᠨᠥᠬᠦᠪᠦᠷᠢ ᠥᠭᠪᠡ᠂ ᠣᠳᠣᠬᠠᠨ ᠳᠤ ᠭᠠᠴᠠᠭᠠᠨ ᠤ ᠮᠠᠯᠴᠢᠳ ᠴᠥᠮ ᠳᠠᠭᠠᠳᠬᠠᠯ ᠳᠤ ᠣᠷᠣᠯᠴᠠᠨ᠂ ᠨᠢᠭᠡᠨᠲᠡ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠭᠠᠴᠠᠭ᠎ᠠ ᠪᠤᠯᠤᠯ᠎ᠠ︾ ᠭᠡᠵᠦ ᠪᠠᠶᠠᠨᠬᠠᠩᠭᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ ᠡᠩᠬᠡᠪᠠᠲᠤ ᠲᠠᠨᠢᠯᠴᠠᠭᠤᠯᠪᠡ᠃      ᠨᠢᠳᠤᠨᠤᠨ ᠤ 3 ᠰᠠᠷ᠎ᠠ ᠠᠴᠠ ᠡᠬᠢᠯᠡᠨ᠂ ᠮᠠᠨ ᠤ ᠠᠶᠢᠮᠠᠭ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ ᠵᠡᠷᠭᠡ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠭᠠᠵᠠᠷ ᠣᠷᠣᠨ ᠢᠶᠠᠷ ᠲᠤᠷᠰᠢᠯᠲᠠ ᠶᠢᠨ ᠴᠡᠭ ᠪᠤᠯᠭᠠᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠲᠦᠷᠦᠭᠦᠯᠡᠨ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠤᠳᠤᠬᠠᠨ ᠪᠤᠯᠳᠠᠯ᠎ᠠ᠂ ᠮᠠᠨ ᠤ ᠠᠶᠢᠮᠠᠭ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠠᠮᠵᠢᠯᠲᠠᠲᠠᠢ ᠨᠠᠶᠢᠳᠠᠪᠤᠷᠢᠵᠢᠭᠤᠯᠵᠦ᠂ ᠲᠤᠷᠰᠢᠯᠲᠠ ᠶᠢᠨ ᠴᠡᠭ ᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠨᠢ 14.8 ᠲᠦᠮᠡᠨ ᠲᠥᠭᠦᠷᠢᠭ ᠤᠨ ᠨᠥᠬᠦᠪᠦᠷᠢ ᠮᠦᠡᠭᠭᠦ ᠭᠠᠷᠭᠠᠵᠦ᠂ 1096 ᠮᠠᠯᠴᠢᠨ ᠳᠤ ᠠᠰᠢᠭ ᠬᠦᠷᠲᠡᠭᠡᠵᠡᠢ᠃      ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠶᠠᠪᠤᠴᠠ ᠳᠤ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠣᠬᠢᠶᠠᠨ ᠪᠠᠶᠢᠭᠤᠯᠤᠯᠳᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ ᠵᠡᠷᠭᠡ 6 ᠰᠠᠯᠠᠭ᠎ᠠ ᠮᠥᠴᠢᠷ ᠤᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠢ ᠴᠠᠭ ᠲᠤᠬᠠᠢ ᠳᠤᠨᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠭᠡᠷᠡᠭᠵᠢᠭᠦᠯᠦᠨ ᠵᠢᠭᠠᠨ ᠵᠢᠯᠤᠭᠤᠳᠬᠤ ᠪᠠᠨ ᠴᠢᠩᠭᠠᠳᠬᠠᠪᠠ᠃ ᠲᠤᠷᠰᠢᠯᠲᠠ ᠶᠢᠨ ᠴᠡᠭ ᠤᠨ ᠭᠠᠴᠠᠭ᠎ᠠ ᠳᠤ ᠭᠦᠨᠵᠡᠭᠡᠶᠢᠷᠡᠵᠦ᠂ ᠭᠠᠴᠠᠭᠠᠨ ᠤ ᠱᠦᠵᠢ ᠲᠠᠢ ᠨᠢᠭᠤᠷᠲᠠᠨ ᠶᠠᠷᠢᠯᠴᠠᠵᠦ ᠰᠠᠨᠠᠯ ᠢᠶᠠᠨ ᠰᠤᠯᠢᠯᠴᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠨᠦᠭᠦᠪᠦᠷᠢ ᠤᠯᠭᠤᠬᠤ ᠠᠵᠢᠯ ᠤᠨ ᠪᠣᠯᠣᠮᠵᠢᠲᠤ ᠴᠢᠨᠠᠷ ᠲᠤ ᠴᠢᠭᠯᠡᠭᠦᠯᠦᠨ ᠭᠦᠨᠵᠡᠭᠡᠢ ᠶᠠᠷᠢᠯᠴᠠᠵᠤ᠂ ᠰᠠᠨᠠᠯ ᠰᠠᠨᠠᠭᠤᠯᠭ᠎ᠠ ᠬᠤᠷᠢᠶᠠᠪᠠ᠃ ᠵᠠᠢ ᠨᠢ ᠨᠡᠯᠢᠶᠡᠳ ᠣᠶᠢᠷ᠎ᠠ᠂ ᠵᠣᠬᠢᠴᠠᠭᠤᠯᠬᠤ ᠳᠤ ᠲᠥᠬᠦᠮ ᠰᠢᠯᠢ ᠶᠢᠨ ᠬᠤᠳᠠ ᠶᠢ ᠰᠣᠩᠭᠤᠨ ᠰᠦᠢᠳᠬᠡᠯ ᠲᠤᠰᠢᠶᠠᠬᠤ ᠲᠤᠷᠰᠢᠯᠳᠠ ᠶᠢᠨ ᠭᠠᠵᠠᠷ ᠣᠷᠣᠨ ᠪᠣᠯᠭᠠᠵᠤ᠂ ᠲᠤᠷᠰᠢᠯᠲᠠ ᠶᠢᠨ ᠴᠡᠭ ᠤᠨ ᠠᠵᠢᠯ ᠢ ᠴᠢᠷᠮᠠᠶᠢᠨ ᠠᠬᠢᠭᠤᠯᠵᠤ᠂ ᠤᠷᠤᠭᠰᠢᠲᠠᠢ ᠶᠠᠪᠤᠭᠳᠠᠬᠤ ᠶᠢ ᠪᠠᠳᠤᠯᠠᠪᠠ᠃      ᠣᠶᠢᠯᠠᠭᠠᠭᠰᠠᠨ ᠢᠶᠠᠷ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠠᠮᠲᠤ ᠶᠢᠨ ᠨᠥᠬᠦᠪᠦᠷᠢ  ᠤᠯᠭᠤᠬᠤ ᠠᠵᠢᠯ ᠤᠨ ᠬᠡᠪᠴᠢᠶ᠎ᠡ ᠶᠢ ᠢᠳᠡᠭ ᠢᠳᠡᠭ ᠢᠶᠠᠷ ᠥᠷᠭᠡᠳᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠡᠯᠡ ᠬᠤᠷᠠᠮᠳᠤᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠡᠯᠡ ᠬᠤᠷᠠᠮᠳᠤᠭᠤᠯᠬᠤ ︽ᠭᠤᠷᠪᠠᠳᠤᠭᠠᠷ ᠲᠤᠯᠬᠤ ᠴᠡᠭ︾ ᠎ ᠢ ᠴᠢᠷᠮᠠᠶᠢᠨ ᠪᠠᠬᠢᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠭᠦᠷᠳᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠦᠷᠦᠭᠳᠡᠯ᠂ ᠠᠮᠦᠷ ᠲᠦᠪᠰᠢᠨ ᠲᠦᠷᠦᠭᠳᠡᠯ ᠢ ᠦᠨᠡᠨ ᠭᠦ ᠨᠡᠮᠡᠭᠳᠡᠭᠦᠯᠵᠠᠢ᠃      ᠲᠤᠰ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠢᠷᠠᠭᠤᠬᠠᠨ︶
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号