ᠰᠢᠯᠢ ᠶᠢᠨ ᠬᠤᠳᠠ  ᠶᠢᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
     2 ᠳ᠋ᠤᠭᠠᠷ ᠰᠠᠷ᠎ᠠ ᠶᠢᠨ 26᠎ ᠤ ᠡᠳᠦᠷ᠂  ᠰᠢᠯᠢ ᠶᠢᠨ ᠬᠤᠳᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ 4 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠰᠢᠯᠢ ᠶᠢᠨ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ  ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ ᠣᠯᠣᠭᠰᠠᠨ ᠪᠦᠲᠦᠮᠵᠢᠲᠡᠢ ᠠᠷᠭ᠎ᠠ ᠬᠢᠳᠡᠯ ᠪᠣᠯᠣᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠰᠠᠶᠢᠲᠤᠷ ᠬᠡᠷᠡᠭᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ  ᠤᠶᠢᠯᠠᠭᠠᠵᠤ᠂ ᠤᠯᠤᠰ ᠲᠦᠷᠦ ᠶᠢᠨ ᠬᠢᠨᠠᠯᠲᠠ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨ ᠢ ᠪᠠᠷᠢᠮᠲᠠᠯᠠᠨ ︽ᠲᠦᠷᠪᠡᠨ ᠰᠤᠷᠲᠠᠯ︾ ᠎ ᠢ ᠵᠠᠯᠠᠷᠠᠭᠤᠯᠤᠨ ᠵᠠᠰᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠣᠯᠣᠨ ︽ᠤᠳᠠᠭᠠᠨ ᠪᠦᠳᠦᠭᠦᠯᠢᠭ ᠪᠠᠭᠤᠷᠠᠢ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ  ᠭᠡᠵᠡᠢ      ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠰᠤᠳᠤᠯᠤᠨ ᠲᠣᠬᠢᠷᠠᠭᠤᠯᠬᠤ ᠶᠢ ᠴᠢᠨᠠᠭᠰᠢᠳᠠ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ ᠶᠢᠨ ᠪᠠᠶᠢᠳᠠᠯ ᠤᠨ ᠳᠠᠰᠤᠷᠠᠯᠳᠠ ᠦᠭᠡᠢ ᠰᠠᠶᠢᠵᠢᠷᠠᠬᠤ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠨᠡᠷ᠎ᠡ ᠠᠯᠳᠠᠷᠰᠢᠵᠤ ᠣᠷᠣᠨ ᠳᠡᠪᠰᠢᠬᠦ ᠪᠠᠷ ᠴᠢᠷᠮᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠶᠠᠷ ᠬᠤᠷᠠᠯ︾ ᠎ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠵᠧᠦ ᠵᠢᠶᠠ ᠸᠧᠢ᠂ ᠯᠢᠶᠠᠩ ᠴᠢᠤᠸᠠᠨ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号