ᠪᠠᠭᠠᠴᠤᠳ ᠬᠡᠦᠬᠡᠳ ᠤᠨ ᠰᠢᠮ᠎ᠡ ᠲᠡᠵᠢᠭᠡᠯ ᠬᠢᠭᠡᠳ ᠢᠳᠡᠭᠡᠨ
ᠨᠡᠶᠢᠲᠡᠯᠡᠭᠰᠡᠨ ᠴᠠᠭ᠄
2024/2/29
    ᠪᠠᠭᠠᠴᠤᠳ ᠬᠡᠦᠬᠡᠳ ᠦᠰᠦᠨ ᠪᠤᠶᠢᠵᠢᠯᠲᠠ ᠶᠢᠨ ᠬᠤᠭᠤᠴᠠᠭᠠᠨ ᠳᠠᠭᠠᠨ ᠪᠠᠶᠢᠵᠣ᠂ ᠢᠳᠡᠭᠡᠨ ᠤᠮᠳᠠᠭᠠᠨ ᠤ ᠣᠯᠠᠨ ᠶᠠᠩᠵᠣ ᠲᠠᠢ ᠪᠠᠶᠢᠬᠤ ᠶᠢ ᠠᠩᠬᠠᠷᠴᠣ᠂ ᠰᠢᠮ᠎ᠡ ᠲᠡᠵᠢᠭᠡᠯ ᠤᠨ ᠰᠢᠩᠭᠡᠭᠡᠯᠳᠡ ᠤᠨ ᠲᠡᠩᠴᠡᠭᠦᠷᠢ ᠶᠢ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠪᠠᠰᠠ ᠺᠠᠯᠼ ᠪᠠ ᠴᠠᠶᠢᠷ ᠤᠨ ᠰᠢᠩᠭᠡᠭᠡᠯᠳᠡ ᠶᠢ ᠣᠨᠴᠠ ᠠᠩᠬᠠᠷᠬᠤ ᠬᠡᠷᠡᠭᠲᠡᠶ ᠃ ᠵᠢᠵᠢᠭ ᠰᠡᠮ ᠬᠤᠷᠣᠬᠠᠶ᠂ ᠰᠢᠬᠢᠷᠯᠢᠭ ᠬᠠᠪᠢᠷᠭ᠎ᠠ᠂ ᠶᠠᠰᠤᠨ ᠤ ᠱᠥᠯᠥ᠂ ᠮᠥᠯᠢ ᠬᠢᠰᠤᠭ᠎ᠠ ᠵᠡᠷᠭᠡ ᠢ ᠢᠯᠡᠭᠦᠬᠡᠨ ᠢᠳᠡᠬᠦ ᠬᠡᠷᠡᠭᠲᠡᠶ᠂ ᠥᠷᠯᠥᠭᠡ ᠶᠢᠨ ᠬᠤᠭᠤᠯᠠ ᠨᠢ ᠭᠤᠣᠯ ᠢᠳᠡᠭᠡᠨ ᠠᠴᠠ ᠭᠠᠳᠠᠨ᠎ᠠ᠂ ᠦᠨᠢᠶᠡᠨ ᠰᠦ ᠪᠤᠶᠤ ᠪᠤᠷᠴᠠᠭ ᠤᠨ ᠡᠭᠡᠳᠡᠩ ᠤᠤᠭᠤᠬᠤ ᠶᠢ ᠪᠠᠷᠢᠮᠲᠠᠯᠠᠬᠤ ᠬᠡᠷᠡᠭᠲᠡᠶ᠃      ᠪᠠᠭᠠᠴᠤᠳ ᠬᠡᠦᠬᠡᠳ ᠤᠨ ᠡᠳᠦᠷ ᠤᠨ ᠭᠤᠷᠪᠠᠨ ᠴᠠᠭ ᠤᠨ ᠬᠤᠭᠤᠯᠠ ᠶᠢᠨ ᠰᠢᠮ᠎ᠡ ᠲᠡᠵᠢᠭᠡᠯ ᠵᠣᠬᠢᠰᠲᠠᠶ  ᠲᠣᠬᠢᠷᠠᠭᠤᠯᠬᠤ ᠬᠡᠷᠡᠭᠲᠡᠶ᠄ ᠥᠷᠯᠥᠭᠡ ᠶᠢᠨ ᠬᠤᠭᠤᠯᠠᠨ ᠳᠤ ᠢᠯᠴᠢ ᠶᠡᠬᠡᠲᠡᠶ ᠢᠳᠡᠭᠡᠨ ᠢ ᠰᠣᠩᠭᠤᠵᠤ  ᠂ ᠬᠦᠷᠦᠯᠴᠡᠬᠦ᠋ᠢᠴᠡ ᠢᠯᠴᠢ ᠶᠢᠨ ᠡᠨᠧᠷᠭᠢ ᠢᠶᠠᠷ ᠦᠳᠡ ᠶᠢᠨ ᠡᠮᠦᠨᠡᠬᠢ ᠬᠥᠳᠡᠯᠭᠡᠭᠡᠨ ᠢ ᠪᠠᠳᠣᠯᠠᠨ᠎ᠠ᠂ ᠵᠢᠱᠢᠶᠡᠯᠡᠪᠡᠯ᠂ ᠦᠨᠢᠶᠡᠨ ᠰᠦ᠂ ᠥᠨᠳᠡᠭᠡ᠂ ᠵᠢᠮᠢᠰ ᠤᠨ ᠡᠭᠡᠳᠡᠩ᠂ ᠮᠠᠨᠲᠠᠤ᠂ ᠪᠤᠷᠴᠡᠬᠳᠦ ᠪᠣᠣᠪᠤ᠂ ᠲᠠᠯᠬ᠎ᠠ᠂ ᠮᠢᠬᠠᠨ ᠤ ᠵᠦᠢᠯ ᠤᠨ ᠢᠳᠡᠭᠡᠨ ᠵᠡᠷᠭᠡ᠃ ᠦᠳᠡ ᠶᠢᠨ ᠬᠤᠭᠤᠯᠠ ᠨᠢ ᠦᠳᠡ ᠶᠢᠨ ᠡᠮᠦᠨ᠎ᠡ ᠡᠨᠧᠷᠭᠢ ᠶᠢᠨ ᠬᠤᠷᠣᠭᠳᠠᠯ ᠢ ᠨᠥᠬᠦᠪᠥᠷᠢᠯᠡᠬᠦ ᠬᠡᠷᠡᠭᠲᠡᠶ ᠮᠥᠷᠲᠡᠭᠡᠨ ᠪᠠᠰᠠ ᠦᠳᠡ ᠶᠢᠨ ᠬᠤᠶᠢᠨ᠎ᠠ ᠶᠢᠨ  ᠵᠠᠷᠣᠴᠠᠭᠤᠯᠬᠤ ᠨᠥᠭᠡᠴᠡ ᠡᠨᠧᠷᠭᠢ ᠬᠤᠷᠠᠮᠳᠣᠭᠤᠯᠬᠤ ᠬᠡᠷᠡᠭᠳᠡᠢ ᠠᠴᠠ᠂ ᠦᠳᠡ ᠶᠢᠨ ᠬᠤᠭᠤᠯᠠᠨ ᠤ ᠢᠳᠡᠭᠡᠨ ᠨᠢ ᠡᠯᠪᠡᠭ ᠪᠠᠶᠠᠯᠢᠭ ᠤᠭᠤᠷᠠᠭ ᠪᠣᠯᠤᠨ ᠥᠭᠡᠬᠦ ᠠᠭᠤᠯᠣᠭᠳᠠᠭᠰᠠᠨ ᠪᠠᠶᠢᠬᠤ ᠬᠡᠷᠡᠭᠲᠡᠶ᠃《ᠣᠷᠣᠶ ᠶᠢᠨ ᠬᠤᠭᠤᠯᠠ ᠪᠠᠭ᠎ᠠ ᠢᠳᠡᠬᠦ 》ᠭᠡᠳᠡᠭ ᠨᠢ ᠨᠠᠰᠤᠨ ᠳᠤ ᠬᠦᠷᠦᠭᠰᠡᠳ ᠲᠤ ᠠᠪᠴᠤ ᠬᠡᠯᠡᠭᠰᠡᠨ ᠦᠭᠡ ᠪᠣᠯᠣᠨ᠎ᠠ᠂ ᠭᠡᠪᠡᠴᠦ ᠬᠡᠦᠬᠡᠳ ᠣᠷᠣᠢ ᠳᠠᠭᠠᠨ ᠵᠣᠬᠢᠬᠤ ᠬᠡᠮᠵᠢᠶᠡᠨ ᠤ ᠰᠠᠶᠢᠨ ᠬᠤᠭᠤᠯᠠ ᠢᠳᠡᠬᠦ ᠶᠢ ᠪᠠᠳᠣᠯᠠᠬᠤ ᠬᠡᠷᠡᠭᠳᠡᠢ᠃ ᠬᠦᠷᠦᠯᠴᠡᠭᠦᠶᠢᠴᠡ ᠢᠯᠴᠢ ᠶᠢᠨ ᠬᠡᠮᠵᠢᠶ᠎ᠡ ᠪᠠ ᠵᠣᠬᠢᠬᠤ ᠬᠡᠮᠵᠢᠶᠡᠨ ᠤ ᠤᠭᠤᠷᠠᠭ᠂ ᠦᠭᠡᠬᠦ ᠶᠢ ᠭᠦᠢᠴᠡᠳ ᠪᠠᠲᠤᠯᠠᠬᠤ ᠬᠡᠷᠡᠭᠲᠡᠶ᠂ ᠣᠷᠣᠶ ᠶᠢᠨ ᠬᠤᠭᠤᠯᠠ ᠢᠶᠠᠨ ᠬᠡᠳᠦ ᠣᠷᠣᠢ ᠢᠳᠡᠬᠦ ᠶᠢ ᠴᠡᠭᠡᠷᠯᠡᠵᠦ᠂ ᠰᠢᠩᠭᠡᠭᠡᠯᠲᠡ ᠮᠠᠭᠤᠳᠠᠬᠤ ᠠᠴᠠ ᠪᠣᠯᠵᠣ ᠨᠣᠶᠢᠷ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号