ᠰᠢᠯᠢ ᠶᠢᠨ ᠬᠤᠳᠠ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/2/29
     ᠰᠢᠯᠢ ᠶᠢᠨ ᠬᠤᠳᠠ᠂ ᠴᠠᠭᠠᠨ ᠰᠠᠷ᠎ᠠ ᠶᠢᠨ ᠠᠮᠠᠷᠠᠯᠳᠠ ᠶᠢᠨ ᠲᠠᠷᠠᠭᠠᠬᠢ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ  ᠬᠢᠵᠦ᠂  ᠠᠵᠥ ᠠᠬᠤᠶᠢᠯᠠᠯ  ᠤᠨ ᠠᠶᠤᠯᠭᠦᠢ ᠤᠶᠢᠯᠡᠳᠪᠤᠷᠢᠯᠠᠯ   ᠳᠤ ᠥᠨᠡᠨᠬᠦ ᠪᠠᠳᠤᠯᠠᠭ᠎ᠠ ᠬᠠᠩᠭᠠᠬᠤ ᠪᠠᠷ ᠴᠢᠷᠮᠠᠶᠢᠬᠰᠠᠨ ᠪᠠᠶᠢᠨ᠎ᠠ᠃      ᠤᠶᠢᠷ᠎ᠠ ᠳᠤ᠂ ᠰᠢᠯᠢ ᠶᠢᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠪᠴᠢᠶᠠᠨ  ᠤ ᠬᠠᠤᠯᠢ ᠬᠡᠷᠡᠭᠵᠢᠭᠦᠯᠬᠦ ᠠᠵᠢᠯᠲᠠᠨ᠂ ᠥᠪᠥᠷ ᠮᠣᠩᠭᠤᠯ ᠤᠨ ᠠᠢ ᠸᠧᠢ ᠺᠧ     ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠢᠳᠡᠭᠡᠨ ᠤ ᠠᠶᠤᠯᠭᠦᠢ ᠦᠢᠯᠡᠳᠪᠦᠷᠢᠯᠡᠯ ᠳᠤ ᠪᠠᠶᠢᠴᠠᠭᠠᠯᠲᠠ ᠬᠢᠵᠠᠢ᠃  ᠬᠠᠤᠯᠢ ᠭᠡᠷᠡᠭᠵᠢᠭᠦᠯᠥᠭᠴᠢ ᠠᠴᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠮᠠᠲ᠋ᠧᠷᠢᠶᠠᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠢᠴᠢ ᠢᠳᠡᠭᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ ᠢ ᠵᠢᠯᠣᠭᠤᠳᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠳᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ  ᠪᠤᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠠᠶᠢᠨ᠎ᠠ᠃      ᠴᠠᠭᠠᠨ ᠰᠠᠷ᠎ᠠ ᠶᠢᠨ ᠠᠮᠠᠷᠠᠯᠳᠠ ᠶᠢᠨ ᠲᠠᠷᠠᠭ᠎ᠠ᠂ ᠰᠢᠯᠢ ᠶᠢᠨ ᠬᠤᠳᠠ ᠶᠢᠨ ᠤᠯᠠᠩᠬᠢ ᠠᠵᠥ ᠠᠬᠤᠶᠢᠯᠠᠯ ᠠᠵᠢᠯ ᠥᠢᠯᠡᠳᠪᠤᠷᠢᠯᠠᠯ ᠢᠶᠠᠨ ᠰᠡᠷᠭᠦᠭᠡᠨ᠂  ᠲᠤᠭᠳᠠᠭᠰᠡᠨ ᠵᠠᠬᠢᠶᠠᠯᠠᠭ᠎ᠠ ᠶᠢ  ᠪᠡᠶᠡᠯᠡᠭᠦᠯᠭᠦ ᠪᠠᠷ ᠴᠢᠷᠮᠠᠶᠢᠵᠥ ᠪᠠᠶᠢᠨ᠎ᠠ᠃  ᠰᠢᠯᠢ ᠶᠢᠨ ᠬᠤᠳᠠ ᠬᠦᠴᠦᠨ ᠢᠶᠠᠨ ᠲᠥᠪᠯᠡᠷᠡᠭᠦᠯᠦᠨ ᠠᠵᠤ ᠠᠬᠤᠶᠢᠯᠠᠯ  ᠢ  ᠵᠢᠯᠤᠭᠤᠳᠤᠨ᠂ ᠠᠵᠢᠯ  ᠦᠢᠯᠡᠳᠪᠦᠷᠢᠯᠡᠯ ᠢᠶᠠᠨ ᠰᠡᠷᠭᠦᠭᠡᠬᠦ ︽ᠠᠶᠤᠯᠭᠦᠢ ᠦᠢᠯᠡᠳᠪᠦᠷᠢᠯᠡᠯ ᠤᠨ ᠠᠩᠬᠠᠨ ᠤ ᠬᠢᠴᠢᠶᠡᠯ︾  ᠢ ᠨᠠᠷᠢᠨ ᠬᠢᠨᠠᠮᠠᠭᠠᠢ  ᠥᠷᠨᠢᠭᠦᠯᠵᠥ᠂  ᠡᠯ᠎ᠡ ᠡᠭᠦᠷᠭᠡ  ᠴᠢᠳᠠᠪᠬᠢᠳᠤ  ᠰᠠᠯᠠᠭ᠎ᠠ ᠮᠥᠴᠢᠷ ᠤᠨ ᠤᠳᠤᠷᠢᠳᠤᠯᠭ᠎ᠠ ᠨᠠᠷ ᠠᠵᠤ ᠠᠬᠤᠶᠢᠯᠠᠯ ᠳᠤ ᠭᠦᠨᠵᠡᠭᠡᠶᠢᠷᠡᠨ  ᠠᠶᠤᠯᠭᠦᠢ ᠤᠶᠢᠯᠡᠳᠪᠤᠷᠢᠯᠠᠯ ᠤᠨ ᠪᠠᠶᠢᠴᠠᠭᠠᠯᠲᠠ ᠬᠢᠵᠥ᠂ ᠠᠵᠤ ᠠᠬᠤᠶᠢᠯᠠᠯ ᠢ    ᠱᠠᠭᠠᠷᠳᠠᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂  ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠣᠨ ᠠᠵᠢᠯᠯᠠᠬᠤ ᠳᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠠᠵᠢᠯ ᠡᠬᠢᠯᠡᠭᠦᠯᠬᠦ ᠶᠢ ᠪᠠᠳᠤᠯᠠᠬᠰᠠᠨ ᠪᠠᠶᠢᠨ᠎ᠠ᠃      ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号