︽ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠠ ᠶᠢᠨ ᠪᠠᠷᠠᠭᠠᠨ ᠤ ᠪᠠᠶᠠᠷ︾ ᠤᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ  ᠦᠷᠨᠢᠬᠦᠯᠪᠡ
ᠨᠡᠶᠢᠲᠡᠯᠡᠭᠰᠡᠨ ᠴᠠᠭ᠄
2024/2/3
     2 ᠰᠠᠷ᠎ᠠ ᠶᠢᠨ 2 ᠤᠨ ᠡᠳᠦᠷ᠂  ᠰᠢᠯᠢ ᠶᠢᠨ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠭᠤᠣᠯᠯᠠᠨ ᠡᠷᠭᠢᠯᠡᠭᠰᠡᠨ ᠰᠢᠯᠢ ᠶᠢᠨ ᠬᠤᠳᠠ ᠶᠢᠨ ︽ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠠ‌‍ᠶᠢᠨ ᠪᠠᠷᠠᠭᠠᠨ ᠤ ᠪᠠᠶᠠᠷ︾ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠦᠭᠰᠠᠨ ᠪᠠᠶᠢᠨ᠎ᠠ  ᠃      ᠰᠢᠯᠢ ᠶᠢᠨ ᠬᠤᠳᠠ ᠶᠢᠨ ᠮᠢᠨ ᠱᠧᠩ ᠬᠤᠳᠠᠯᠳᠤᠭᠠᠨ ᠤ ᠲᠥᠪ ᠲᠠᠬᠢ ᠠᠵᠢᠯᠯᠠᠭ᠎ᠠ ᠶᠢᠨ ᠠᠬᠤᠢ ᠲᠠᠯᠠᠪᠠᠢ ᠳᠤ ᠬᠥᠮᠥᠨ ᠬᠠᠷ᠎ᠠ ᠤᠯᠠᠨ ᠴᠤᠭᠯᠠᠷᠠᠵᠤ  ᠂ ᠰᠢᠨ᠎ᠠ‌ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ ᠬᠦᠷ  ᠬᠦᠭᠵᠢᠶᠠᠨ ᠢᠶᠠᠷ ᠲᠦᠬᠦᠷᠡᠩ ᠪᠠᠶᠢᠵᠤ᠂ ᠰᠢᠨ᠎ᠠ ᠶᠢᠨ ᠪᠠᠷᠠᠭ᠎ᠠ ᠨᠤᠭᠤᠳ  ᠵᠢᠭᠳᠡᠷᠡᠨ ᠵᠢᠭᠰᠠᠭᠠᠭᠳᠠᠵᠤ᠂ ᠪᠣᠳᠠᠰ ᠤᠨ ᠪᠤᠰᠤ ᠰᠣᠶᠣᠯ ᠤᠨ ᠥᠪ ᠤᠨ  ᠪᠠᠷᠠᠭ᠎ᠠ ᠬᠦᠮᠦᠰ ᠤᠨ ᠨᠢᠳᠤᠨ ᠳᠤ ᠲᠤᠳᠤᠷᠠᠵᠤ ᠪᠠᠶᠢᠯ᠎ᠠ᠃ ︽ᠴᠠᠭᠠᠨ ᠢᠳᠡᠭᠡ᠂ ᠱᠠᠭ᠎ᠠ᠂ ᠠᠷᠠᠰᠤᠨ ᠰᠡᠶᠢᠯᠦᠮᠡᠯ᠂ ᠮᠣᠷᠢᠨ ᠬᠤᠭᠤᠷ︾ ᠵᠡᠷᠭᠡ 50 ᠭᠠᠷᠤᠢ ᠵᠦᠢᠯ ᠤᠨ  ᠪᠤᠳᠠᠰ ᠨᠢ ᠤᠯᠠᠮᠵᠢᠯᠠᠯᠲᠤ ᠰᠣᠶᠣᠯ ᠢ ᠤᠳᠤ ᠦᠶ᠎ᠡ ᠶᠢᠨ ᠠᠮᠢᠳᠤᠷᠠᠯ ᠲᠠᠢ ᠣᠷᠭᠠᠨᠢᠭ ᠢᠶᠠᠷ ᠠᠭᠤᠰᠤᠯᠴᠠᠭᠤᠯᠬᠤ ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠬᠤᠳᠠ ᠶᠢᠨ ᠠᠷᠠᠳ ᠤᠯᠠᠨ ᠤ ᠰᠠᠶᠢᠨ ᠦᠨᠡᠯᠡᠯᠲᠡ ᠪᠠ ᠲᠠᠭᠠᠰᠢᠶᠠᠯ ᠢ ᠣᠯᠵᠤ᠂ ᠡᠬᠦᠨ ᠤ ᠬᠠᠮᠳᠤ ᠶᠠᠪᠤᠭᠳᠠᠭᠰᠠᠨ ︽ᠪᠠᠶᠠᠷ ᠪᠠᠶᠠᠰᠤᠯ ᠢ ᠬᠦᠷᠭᠡᠵᠤ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠨᠢ ᠭᠤᠶᠢᠳᠠ ᠰᠠᠶᠢᠬᠠᠨ ᠶᠠᠪᠤᠭᠳᠠᠵᠤ᠂ ᠦᠷᠭᠡᠨ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ︔ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠷᠠᠨ ᠪᠢᠴᠢᠯᠭᠡᠲᠡᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠢᠨ᠎ᠡ ᠵᠢᠯ ᠤᠨ ᠴᠢᠩ ᠰᠡᠳᠬᠢᠯ ᠤᠨ ᠵᠥᠩᠨᠡᠯ ᠢᠶᠠᠨ ᠪᠢᠷ ᠤᠨ ᠦᠵᠦᠭᠦᠷ ᠲᠤ ᠳᠡᠪᠰᠢᠭᠦᠯᠵᠦ᠂ ᠰᠠᠶᠢᠨ ᠰᠠᠶᠢᠬᠠᠨ ᠬᠦᠰᠡᠯ ᠡᠷᠡᠮᠡᠯᠵᠡᠯ ᠢ  ᠴᠠᠭᠠᠨ ᠰᠠᠷ᠎ᠠ  ᠶᠢᠨ ᠬᠤᠣᠰ ᠤᠶᠠᠩᠭ᠎ᠠ ᠳᠤ ᠢᠯᠡᠷᠡᠬᠦᠯᠵᠤ ᠪᠠᠶᠢᠯ᠎ᠠ᠃ ᠠᠬᠤᠢ ᠲᠠᠯᠡᠪᠡᠢ ᠳᠤ ᠪᠠᠰᠠ ᠰᠢᠯᠢ ᠶᠢᠨ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠭᠠᠯ ᠰᠠᠷᠭᠡᠶᠢᠯᠠᠨ  ᠤᠨᠳᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ  ᠲᠠᠢ ᠬᠤᠯᠪᠤᠭᠠᠯᠠᠨ ᠮᠡᠬᠡᠯᠡᠯ ᠢ ᠡᠰᠡᠷᠭᠦᠴᠡᠬᠦ᠂ ᠭᠠᠯ ᠤᠨᠲᠠᠷᠠᠭᠠᠬᠤ ᠠᠮᠤᠷ ᠲᠦᠪᠰᠢᠨ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠲᠦᠷᠦ ᠶᠢᠨ ᠪᠣᠳᠣᠯᠭ᠎ᠠ ᠬᠠᠤᠯᠢ ᠳᠦᠷᠢᠮ ᠢ ᠤᠬᠠᠭᠤᠯᠤᠨ ᠠᠵᠢᠯᠯᠭ᠎ᠠ ᠶᠢ ᠤᠯᠠᠮ ᠬᠦᠷ ᠬᠦᠭᠵᠢᠶᠠᠨ ᠲᠠᠢ ᠪᠤᠯᠭᠠᠭᠰᠠᠨ ᠪᠠᠶᠢᠨ᠎ᠠ᠃      ᠰᠢᠯᠢ ᠶᠢᠨ ᠬᠤᠳᠠ ᠶᠢᠨ ᠰᠣᠶᠣᠯ ᠤᠨ ᠣᠷᠳᠣᠨ ᠤ ᠳᠠᠷᠤᠭ᠎ᠠ  ᠰᠡᠷᠡᠡᠭᠡᠷᠡᠯ᠄ ᠥᠨᠥᠳᠥᠷ ᠰᠢᠯᠢ ᠶᠢᠨ ᠬᠤᠳᠠ ᠶᠢᠨ ᠰᠣᠶᠣᠯ ᠤᠨ ᠣᠷᠳᠣᠨ ᠤ ᠪᠣᠳᠠᠰ ᠤᠨ ᠪᠤᠰᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢ ᠪᠦᠬᠦᠨ ᠢ ᠲᠡᠯᠭᠡᠨ ᠦᠵᠡᠬᠦᠯᠵᠤ  ᠂ ᠤᠮᠠᠷᠠᠲᠤ ᠬᠢᠯᠢ ᠶᠢᠨ ᠭᠠᠷ ᠤᠷᠠᠯᠠᠯ ᠤᠨ ᠪᠦᠲᠦᠭᠡᠯ᠂ ᠤᠯᠠᠮᠵᠢᠯᠠᠯᠲᠤ ᠢᠳᠡᠭᠡᠨ ᠤᠮᠳᠠᠭᠠᠨ ᠤ ᠰᠣᠳᠣᠨ ᠪᠦᠲᠦᠭᠡᠯ ᠵᠡᠷᠭᠡ ᠶᠢ ᠳᠥᠷᠪᠡᠨ ᠵᠦᠭ ᠤᠨ ᠵᠣᠴᠢᠳ ᠲᠤ  ᠰᠤᠨᠢᠷᠬᠨ ᠡᠳ᠋ᠯᠡᠬᠦᠯᠵᠠᠢ᠃      ᠬᠤᠳᠠ ᠶᠢᠨ ᠠᠷᠠᠳ ᠭᠤᠤ ᠰᠢᠤᠸᠠᠢ ᠮᠧᠢ᠄ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠣᠯᠣᠨ ᠥᠩᠭᠡᠷᠡᠭᠰᠡᠨ ᠳᠤ ᠳᠡᠮᠡᠢ ᠣᠶᠢᠯᠠᠭᠠᠬᠤ ᠦᠭᠡᠢ ᠪᠠᠶᠢᠭᠰᠠᠨ ᠮᠠᠰᠢ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢ ᠣᠯᠵᠤ ᠦᠵᠡᠭᠰᠡᠨ ᠪᠥᠭᠡᠳ ᠮᠠᠰᠢ ᠤᠯᠠᠨ  ᠰᠢᠨ᠎ᠠ ᠶᠢᠨ ᠪᠠᠷᠠᠭ᠎ᠠ ᠶᠢ ᠪᠠᠶᠠᠷ ᠬᠦᠷ ᠲᠠᠢ ᠪᠠᠷ ᠬᠤᠳᠠᠯᠳᠤᠨ ᠠᠪᠴᠤ᠂ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠦᠩᠭᠡᠷᠡᠬᠦᠯᠬᠦ ᠪᠤᠯᠤᠨ᠎ᠠ᠃      ᠲᠤᠰ ᠤᠳᠠᠭᠠᠨ ᠤ ᠰᠢᠷᠢᠰ ᠠᠵᠢᠯᠯᠠᠭ᠎ᠠ ᠶᠢᠨ ᠠᠭᠤᠯᠭ᠎ᠠ ᠨᠢ ᠡᠯᠪᠡᠭ  ᠂  ᠲᠦᠷᠦᠯ ᠵᠤᠶᠢᠯ ᠤᠯᠠᠨ ᠪᠠᠶᠢᠵᠤ᠂ ᠰᠢᠯᠢ ᠶᠢᠨ ᠬᠤᠳᠠ ᠶᠢᠨ ᠥᠪᠡᠷᠮᠢᠴᠡ ᠭᠠᠵᠠᠷ ᠣᠷᠣᠨ ᠤ ᠣᠨᠴᠠᠯᠢᠭ ᠪᠠ ᠭᠦᠨ ᠵᠤᠵᠠᠭᠠᠨ ᠦᠨᠳᠦᠰᠦᠲᠡᠨ ᠤ ᠰᠣᠶᠣᠯ ᠢ ᠳᠡᠯᠭᠡᠨ ᠦᠵᠡᠭᠦᠯᠵᠦ᠂ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠬᠤ ᠶᠢᠨ ᠬᠠᠮᠲᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠲᠠᠰᠤᠷᠠᠯᠲᠠ ᠦᠭᠡᠢ ᠭᠡᠷᠡᠯᠳᠦᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠪᠠᠬᠢᠵᠢᠭᠦᠯᠵᠦ᠂ ᠪᠣᠯᠪᠠᠰᠤᠨ ᠤ ᠦᠢᠯᠡᠳᠦᠯᠭᠡ ᠳᠤᠮᠳᠠ ᠨᠡᠩ ᠢᠯᠡ ᠲᠣᠳᠣ ᠲᠥᠷᠥᠭᠳᠡᠯ ᠲᠠᠢ ᠪᠥᠭᠡᠳ ᠪᠦᠲᠦᠮᠵᠢᠲᠡᠢ ᠪᠤᠯᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号