ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ ᠤᠯᠠᠨ ᠲᠦᠮᠠᠨ ᠤ ᠮᠠᠨᠳᠤ ᠡᠪᠤᠯᠵᠢᠬᠦ ᠶᠢ ᠦᠨᠠᠨᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/2/5
     ᠡᠪᠦᠯ ᠤᠨ ᠤᠯᠠᠷᠢᠯ ᠪᠣᠯ ᠴᠠᠬᠢᠯᠭᠠᠨ ᠬᠡᠷᠡᠭᠯᠡᠬᠦ ᠣᠷᠭᠢᠯ ᠤᠨ ᠬᠤᠭᠤᠴᠠᠭ᠎ᠠ ᠪᠣᠯᠣᠨ᠎ᠠ᠂ ᠴᠠᠬᠢᠯᠭᠠᠨ ᠬᠦᠴᠦᠨ ᠤ ᠠᠵᠤ ᠠᠬᠤᠶᠢᠯᠠᠯ  ᠤᠨ ᠠᠮᠤᠷ ᠲᠦᠪᠰᠢᠨ ᠲᠣᠭᠲᠠᠭᠤᠨ ᠢᠶᠠᠷ  ᠠᠵᠢᠯᠯᠠᠨ ᠭᠡᠪ ᠤᠨ  ᠬᠠᠩᠭᠠᠯᠭ᠎ᠠ ᠶᠢ ᠪᠠᠳᠤᠯᠠᠵᠤ  ᠪᠥᠬᠦ ᠬᠤᠲᠠ ᠶᠢᠨ ᠰᠠᠭᠤᠭᠠᠯᠢ ᠠᠷᠠᠳ ᠤᠨ ᠠᠮᠤᠷ ᠠᠮᠤᠭᠤᠯᠠᠩ ᠥᠯᠵᠡᠢ ᠪᠡᠯᠭᠡ ᠲᠠᠢ  ᠪᠠᠶᠠᠷ ᠬᠥᠷ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ  ᠰᠢᠯᠢ ᠶᠢᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠠᠵᠢᠯᠯᠠᠭᠠᠨ ᠤ ᠣᠨᠴᠠᠯᠢᠭ ᠲᠠᠢ ᠪᠠᠨ ᠤᠶᠠᠯᠳᠤᠭᠤᠯᠤᠨ ᠲᠤᠰᠬᠠᠢ ᠪᠠᠶᠢᠴᠠᠭᠠᠯᠲᠠ ᠶᠢᠨ ᠲᠥᠰᠥᠯ ᠲᠣᠭᠲᠠᠭᠠᠵᠤ᠂ ᠪᠥᠬᠦ ᠬᠤᠲᠠ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠳᠤ ᠶᠡᠭᠡ ᠵᠢᠭᠰᠠᠭᠠᠨ ᠪᠠᠶᠢᠴᠠᠭᠠᠵᠤ ᠶᠡᠭᠡ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ  ᠦᠷᠨᠢᠬᠦᠯᠦᠭᠰᠠᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠯᠢ ᠶᠢᠨ ᠭᠤᠣᠯ ᠤᠨ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠯᠢ ᠶᠢᠨ ᠬᠤᠳᠠ ᠶᠢᠨ ᠠᠭᠤᠷᠬᠠᠢ ᠶᠢᠨ ᠦᠢᠯᠡᠰ ᠤᠨ ᠺᠣᠮᠫᠠᠨᠢ ᠪᠠᠷ ᠬᠦᠷᠴᠦ᠂ ᠨᠡᠭᠦᠷᠡᠰᠦ ᠳᠠᠮᠵᠢᠭᠤᠯᠬᠤ ᠬᠥᠭᠦᠷᠭᠡ᠂ ᠲᠣᠰᠣᠨ ᠬᠥᠮᠥᠷᠭᠡ᠂ ᠤᠰᠤᠲᠥ᠋ᠷᠥᠭᠴᠢ ᠥᠷᠲᠡᠭᠡ᠂  ᠠᠭᠤᠷ ᠤᠨ ᠮᠠᠰᠢᠨ᠂ ᠦᠢᠯᠡᠳᠪᠦᠷᠢ ᠶᠢᠨ ᠭᠡᠷ᠂ ᠠᠵᠢᠯᠲᠠᠨ ᠤ ᠪᠠᠶᠢᠷᠢ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠪᠤᠯᠤᠨ ᠴᠢᠬᠤᠯᠠ ᠦᠢᠯᠡᠳᠪᠦᠷᠢᠯᠡᠯ ᠤᠨ ᠭᠤᠭᠴᠤᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ᠃ ᠪᠠᠰᠨ ᠭᠠᠯ ᠰᠠᠷᠭᠡᠶᠢᠯᠠᠨ ᠤᠨᠲᠠᠷᠠᠭᠠᠬᠤ ᠬᠠᠷᠢᠭᠤᠴᠠᠯᠭᠠᠲᠠᠨ ᠤ ᠪᠠᠶᠢᠭᠤᠯᠤᠯᠲᠠ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠵᠠᠮ ᠱᠤᠭᠤᠮ ᠤᠨ ᠭᠡᠷᠡᠯᠲᠦᠭᠦᠯᠭᠡ ᠪᠠ ᠳᠦᠷᠢᠮ ᠲᠤᠭᠳᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠭᠰᠡᠨ ᠵᠡᠷᠭᠡ ᠪᠠᠶᠢᠳᠠᠯ ᠢ ᠵᠡᠷᠭᠡ ᠪᠠᠷ ᠪᠠᠶᠢᠴᠠᠭᠠᠵᠠᠢ᠃  ᠡᠬᠦᠨ ᠤ  ᠬᠠᠮᠳᠤ᠂ ᠠᠵᠤ ᠠᠬᠤᠶᠢᠯᠠᠯ ᠢ  ᠦᠪᠡᠷ ᠤᠨ ᠣᠨᠴᠠᠯᠢᠭ ᠲᠠᠢ ᠤᠶᠠᠯᠳᠤᠭᠤᠯᠤᠨ᠂ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂  ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠨ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ  ᠱᠠᠭᠠᠷᠳᠠᠭᠰᠠᠨ ᠪᠠᠶᠢᠨ᠎ᠠ᠃      ᠰᠢᠯᠢ ᠶᠢᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠴᠧᠨ ᠷᠠᠨ᠄ ᠠᠶᠢᠮᠠᠭ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ ᠬᠠᠮᠤᠭ ᠲᠦᠷᠦᠭᠦᠨ ᠳᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠬᠤᠷᠠᠯ ᠬᠤᠷᠠᠯᠳᠤᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠵᠤ ᠠᠬᠤᠶᠢᠯᠠᠯ ᠤᠨ ᠪᠣᠳᠠᠲᠠᠢ ᠦᠢᠯᠡᠳᠪᠦᠷᠢᠯᠡᠯ ᠤᠨ ᠪᠠᠶᠢᠳᠠᠯ ᠳᠤ ᠴᠢᠭᠯᠡᠭᠦᠯᠦᠨ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠰᠥᠯ ᠢ ᠲᠣᠭᠲᠠᠭᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠲᠣᠬᠢᠷᠠᠭᠤᠯᠤᠨ ᠠᠵᠤ ᠠᠬᠤᠶᠢᠯᠠᠯ  ᠳᠤ ᠪᠠᠶᠢᠴᠠᠭᠠᠯᠲᠠ ᠬᠢᠵᠠᠢ᠃  ᠡᠨᠡ ᠨᠢ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠠᠰᠠᠭᠤᠳᠠᠯ ᠢ ᠢᠯᠡᠷᠡᠬᠦᠯᠵᠤ᠂ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ ᠰᠢᠢᠳᠪᠤᠷᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠳᠤᠯᠬᠠᠤ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠪᠤᠰᠤᠳ ᠰᠠᠯᠠᠭ᠎ᠠ ᠮᠥᠴᠢᠷ ᠲᠠᠢ ᠬᠤᠯᠪᠤᠭᠠᠯᠠᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠬᠠᠮᠲᠤ ᠪᠠᠷ ᠥᠷᠨᠢᠭᠦᠯᠵᠦ᠂ ᠠᠵᠢᠯ ᠲᠥᠷᠥᠯ ᠤᠨ ᠦᠢᠯᠡᠳᠪᠦᠷᠢᠯᠡᠯ ᠤᠨ ᠭᠡᠪ ᠤᠨ ᠶᠤᠰᠤᠭᠠᠷ ᠶᠠᠪᠤᠭᠳᠠᠬᠤ ᠪᠠ ᠪᠥᠬᠦ ᠬᠤᠲᠠ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ  ᠪᠠᠳᠤᠯᠠᠬᠤ ᠪᠤᠯᠤᠨ᠎ᠠ᠃      ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ  ᠲᠠᠢ ᠰᠢᠭᠤᠳ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠦᠨᠳᠦᠰᠦ ᠰᠠᠭᠤᠷᠢ ᠪᠤᠯᠤᠨ᠎ᠠ᠂  2024 ᠣᠨ ᠤ 1 ᠰᠠᠷ᠎ᠠ ᠠᠴᠠ ᠣᠲᠣ ᠪᠣᠯᠲᠠᠯ᠎ᠠ᠂  ᠰᠢᠯᠢ ᠶᠢᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠡᠶᠢᠲᠡ 75 ᠬᠥᠮᠥᠨ ᠤᠳᠠᠭ᠎ᠠ ᠲᠣᠮᠢᠯᠠᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 30 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ 35 ᠵᠦᠢᠯ ᠤᠨ ᠳᠠᠯᠳᠠ ᠬᠡᠮ ᠢ ᠢᠯᠡᠷᠡᠭᠦᠯᠵᠦ᠂ ᠣᠲᠣ ᠨᠢᠭᠡᠨᠲᠡ 34 ᠵᠦᠢᠯ ᠢ ᠴᠡᠭᠴᠡᠯᠡᠨ ᠵᠠᠰᠠᠵᠤ ᠳᠠᠭᠤᠰᠬᠠᠵᠠᠢ᠃ ᠳᠠᠷᠠᠭᠠᠴᠢ ᠶᠢᠨ ᠠᠯᠬᠤᠮ ᠳᠤ᠂  ᠰᠢᠯᠢ   ᠶᠢᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠵᠢᠯᠤᠭᠤᠳᠴᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠷᠬᠦᠯᠵᠢᠯᠠᠨ ᠪᠦᠬᠦ ᠬᠦᠴᠦᠨ ᠢᠶᠠᠷ ᠢᠶᠠᠨ ᠬᠠᠮᠠᠭᠠᠯᠠᠬᠤ ᠪᠤᠯᠤᠨ᠎ᠠ  ᠃       ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号