ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠴᠢᠨᠠᠷ ᠰᠠᠶᠢᠲᠠᠢ ᠬᠥᠭᠵᠢᠯᠲᠡ ᠳᠤ  ᠬᠥᠳᠡᠯᠭᠡᠬᠦ ᠬᠦᠴᠦᠨ ᠬᠠᠩᠭᠠᠨ᠎ᠠ
ᠨᠡᠶᠢᠲᠡᠯᠡᠭᠰᠡᠨ ᠴᠠᠭ᠄
2024/2/6
     ᠣᠶᠢᠷ᠎ᠠ ᠶᠢᠨ ᠵᠢᠯ ᠠᠴᠠ᠂  ᠰᠢᠯᠢ ᠶᠢᠨ ᠬᠤᠳᠠ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠵᠢᠱᠢᠶ᠎ᠡ ᠦᠵᠡᠭᠦᠯᠬᠦ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ᠂ ᠪᠦᠬᠦ ᠬᠤᠳᠠ ᠶᠢᠨ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃        ᠰᠢᠯᠢ ᠶᠢᠨ ᠬᠤᠳᠠ ᠶᠢᠨ ᠭᠦᠸᠧ ᠨᠧᠩ ᠤᠮᠠᠷᠠᠲᠤ ᠶᠢᠨ ᠴᠠᠬᠢᠯᠭᠠᠨ ᠤ  ᠢᠯᠠᠯᠳᠠ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠢᠯᠠᠯᠳᠠ ᠨᠢᠭᠡᠳᠦᠭᠡᠷ ᠵᠠᠳᠠᠭᠠᠢ ᠨᠡᠭᠦᠷᠡᠰᠦᠨ ᠠᠭᠤᠷᠬᠠᠢ ᠳᠤ᠂ 7 ᠰᠠᠤᠷᠢ 220 ᠲᠣᠨ ᠠᠭᠤᠷᠬᠠᠢ ᠶᠢᠨ ᠮᠠᠰᠢᠨ ᠤᠶᠤᠨᠴᠢᠯᠠᠭᠰᠠᠨ ᠲᠤᠨᠤᠭ ᠲᠦᠬᠦᠭᠡᠷᠤᠮᠵᠢ ᠶᠢ ᠭᠡᠷᠡᠭᠯᠠᠵᠤ ᠪᠦᠷᠢᠨ ᠲᠥᠬᠦᠷ ᠠᠵᠢᠯᠯᠠᠭᠠᠨ ᠤ ᠰᠢᠰᠲ᠋ᠧᠮ ᠢ ᠪᠦᠷᠢᠯᠳᠦᠭᠦᠯᠵᠡᠢ᠃        ᠤᠯᠤᠰ ᠤᠨ ᠡᠨᠧᠷᠭᠢ ᠶᠢᠨ ᠤᠮᠠᠷᠠᠲᠤ ᠶᠢᠨ ᠴᠠᠬᠢᠯᠭᠠᠨ ᠬᠦᠴᠦᠨ ᠤ  ᠢᠯᠠᠯᠳᠠ ᠡᠨᠧᠷᠭᠢ ᠶᠢᠨ ᠵᠠᠳᠠᠭᠠᠢ ᠠᠭᠤᠷᠬᠠᠢ ᠶᠢᠨ ᠮᠠᠰᠢᠨ ᠴᠠᠬᠢᠯᠭᠠᠨ ᠤ ᠬᠠᠮᠢᠶᠠᠷᠤᠯᠲᠠ ᠶᠢᠨ ᠬᠡᠯᠲᠡᠰ ᠤᠨ ᠮᠡᠷᠭᠡᠵᠢᠯᠲᠡᠨ ᠰᠢᠦᠢ ᠵᠢᠩ ᠢ᠄  ᠢᠯᠠᠯᠳᠠ ᠡᠨᠧᠷᠭᠢ ᠶᠢᠨ ᠵᠢᠯᠣᠭᠤᠴᠢ ᠦᠭᠡᠢ ᠲᠥᠷᠥᠯ ᠵᠦᠢᠯ ᠎ ᠨᠢ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠭᠠᠵᠤ᠂ 5 ᠳᠤᠭᠤᠶᠢᠯᠠᠩ ᠬᠤᠪᠢᠶᠠᠨ 35 ᠰᠠᠤᠷᠢ 220 ᠲᠣᠨ ᠠᠴᠢᠶᠠᠨ ᠤ ᠮᠠᠰᠢᠨ ᠲᠡᠷᠭᠡ ᠶᠢ ᠵᠢᠯᠣᠭᠤᠴᠢ ᠦᠭᠡᠢ ᠪᠣᠯᠭᠠᠬᠤ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠵᠢᠯᠣᠭᠤᠴᠢ ᠦᠭᠡᠢ ᠮᠡᠷᠭᠡᠵᠢᠯ ᠤᠨ ᠣᠯᠠᠨ ᠲᠠᠯᠠᠪᠤᠷ ᠲᠠᠬᠢ ᠬᠡᠷᠡᠭᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠪᠢᠳᠡ ᠡᠪᠦᠯ ᠤᠨ ᠤᠯᠠᠷᠢᠯ ᠤᠨ ᠦᠢᠯᠡᠳᠪᠦᠷᠢᠯᠡᠯ ᠢ ᠰᠠᠯᠭᠠᠬᠤ ᠬᠤᠭᠤᠴᠠᠭ᠎ᠠ ᠶᠢ ᠠᠰᠢᠭᠯᠠᠨ ᠬᠤᠣᠰ ᠳᠤᠭᠤᠶᠢᠯᠠᠩ ᠤᠨ ᠳᠠᠭᠤᠷᠢᠶᠠᠮᠠᠯ ᠠᠮᠤᠷ ᠲᠦᠪᠰᠢᠨ ᠤ ᠠᠵᠢᠯᠲᠠᠨ ᠤ ᠲᠡᠷᠭᠡᠨ ᠠᠴᠠ ᠪᠠᠭᠤᠵᠤ ᠨᠡᠭᠦᠷᠡᠰᠦ ᠮᠠᠯᠲᠠᠬᠤ ᠠᠵᠢᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣᠬᠠᠨ ᠳᠤ ᠪᠢᠲᠡᠭᠦᠮᠵᠢᠯᠡᠭᠰᠡᠨ ᠣᠷᠣᠨ ᠪᠦᠰᠡ ᠳᠤ ᠨᠢᠭᠡᠨᠲᠡ ᠨᠡᠭᠦᠷᠡᠰᠦ ᠮᠠᠯᠲᠠᠬᠤ ᠠᠵᠢᠯ ᠢ ᠬᠥᠮᠥᠨ ᠦᠭᠡᠢ ᠪᠣᠯᠭᠠᠬᠤ ᠶᠢ  ᠪᠠᠶᠡᠯᠡᠬᠦᠯᠦᠭᠰᠠᠨ ᠪᠠᠶᠢᠨ᠎ᠠ᠃      ᠰᠢᠯᠢ ᠶᠢᠨ ᠬᠤᠳᠠ ᠶᠢᠨ ᠭᠦᠸᠧ ᠨᠧᠩ ᠤᠮᠠᠷᠠᠲᠤ ᠶᠢᠨ ᠴᠠᠬᠢᠯᠭᠠᠨ ᠤ  ᠢᠯᠠᠯᠳᠠ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠱᠧᠩ ᠯᠢ ᠨᠢᠭᠡᠳᠦᠭᠡᠷ ᠵᠠᠳᠠᠭᠠᠢ ᠨᠡᠭᠦᠷᠡᠰᠦᠨ ᠠᠭᠤᠷᠬᠠᠢ᠂ 5G ᠰᠦᠯᠵᠢᠶ᠎ᠡ + ᠣᠶᠤᠨᠴᠢ ᠲᠣᠬᠢᠷᠠᠭᠤᠯᠭ᠎ᠠ ᠶᠢᠨ ᠰᠢᠰᠲ᠋ᠧᠮ + ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠮᠡᠷᠭᠡᠵᠢᠯ ᠳᠤ ᠲᠦᠰᠢᠭᠯᠡᠨ᠂ ᠦᠷ᠎ᠡ ᠠᠰᠢᠭ ᠢ ᠳᠡᠭᠡᠭᠰᠢᠯᠡᠭᠦᠯᠬᠦ ᠪᠠ ᠠᠮᠤᠷ ᠲᠦᠪᠰᠢᠨ ᠢ ᠪᠠᠲᠤᠯᠠᠬᠤ ᠬᠤᠶᠠᠷ ᠲᠠᠯ᠎ᠠ ᠠᠴᠠ ᠭᠠᠷᠳᠠᠵᠤ᠂ ᠪᠥᠬᠦ ᠲᠠᠯ᠎ᠠ ᠪᠠᠷ ᠲᠠᠰ ᠳᠡᠪᠰᠢᠭᠦᠯᠦᠨ ᠰᠢᠯᠢᠳᠡᠭᠵᠢᠭᠦᠯᠵᠦ᠂ ᠨᠢᠭᠡ ᠢᠵᠢ ᠪᠦᠷᠢᠨ ᠪᠦᠲᠦᠨ ᠣᠶᠤᠨᠴᠢᠯᠠᠭᠰᠠᠨ ᠵᠢᠯᠣᠭᠤᠴᠢ ᠦᠭᠡᠢ ᠦᠢᠯᠡᠳᠪᠦᠷᠢᠯᠡᠯ ᠲᠡᠭᠡᠭᠡᠪᠦᠷᠢ ᠶᠢᠨ ᠡᠵᠡᠮᠳᠡᠯ ᠤᠨ ᠰᠢᠰᠲ᠋ᠧᠮ ᠢ ᠪᠠᠶᠢᠭᠤᠯᠵᠤ᠂ ᠴᠠᠬᠢᠯᠭᠠᠨ ᠬᠤᠰᠤᠭᠤᠷ᠂ ᠰᠢᠷᠣᠢ ᠲᠦᠯᠬᠢᠬᠦ ᠮᠠᠰᠢᠨ᠂ ᠤᠰᠤ ᠰᠦᠷᠴᠢᠬᠦ ᠲᠡᠷᠭᠡ ᠵᠡᠷᠭᠡ ᠲᠤᠰᠠᠯᠠᠬᠤ ᠲᠥᠬᠦᠭᠡᠷᠦᠮᠵᠢ ᠲᠠᠢ ᠬᠠᠮᠵᠢᠯᠴᠠᠨ ᠠᠵᠢᠯᠯᠠᠵᠤ᠂ 2022 ᠣᠨ ᠤ 11 ᠰᠠᠷ᠎ᠠ ᠳᠤ ᠤᠯᠤᠰ ᠤᠨ ᠳᠣᠲᠣᠭᠠᠳᠤ ᠳᠤ 220 ᠲᠣᠨ ᠤ ᠲᠠᠰ ᠤᠨ  ᠠᠭᠤᠷᠬᠠᠢ ᠳᠤ ᠬᠡᠷᠡᠭᠯᠡᠬᠦ ᠥᠪᠡᠰᠦᠪᠡᠨ ᠪᠠᠭᠤᠯᠭᠠᠬᠤ ᠠᠴᠢᠶᠠᠨ ᠤ ᠮᠠᠰᠢᠨ ᠢ ᠤᠷᠢᠳᠠᠪᠠᠷ ᠪᠡᠶᠡᠯᠡᠭᠦᠯᠵᠦ᠂ ᠤᠯᠤᠰ ᠤᠨ ᠳᠣᠲᠣᠭᠠᠳᠤ ᠶᠢᠨ 220 ᠲᠣᠨ ᠤ ᠲᠠᠰ ᠤᠨ ᠠᠭᠤᠷᠬᠠᠢ ᠳᠤ ᠬᠡᠷᠡᠭᠯᠡᠬᠦ ᠥᠪᠡᠰᠦᠪᠡᠨ ᠪᠠᠭᠤᠯᠭᠠᠬᠤ ᠠᠴᠢᠶᠠᠨ ᠤ ᠮᠠᠰᠢᠨ ᠤ ᠪᠦᠬᠦᠯᠢ ᠡᠳᠦᠷ ᠢᠶᠠᠷ ᠪᠠᠶᠢᠩᠭᠤᠵᠢᠭᠤᠯᠤᠨ ᠠᠵᠢᠯᠯᠠᠭᠤᠯᠬᠤ ᠶᠢ ᠠᠩᠬ᠎ᠠ ᠤᠳᠠᠭ᠎ᠠ ᠪᠡᠶᠡᠯᠡᠭᠦᠯᠪᠡ᠃      ᠣᠳᠣᠬᠠᠨ ᠳᠤ᠂ ᠠᠭᠤᠷᠬᠠᠢ ᠶᠢᠨ ᠣᠷᠣᠨ ᠳᠤ ᠨᠡᠶᠢᠲᠡ 14 ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠬᠡᠷᠡᠭᠯᠡᠵᠦ᠂ 2023 ᠣᠨ ᠳᠤ ᠲᠣᠰ ᠺᠣᠮᠫᠠᠨᠢ ᠶᠢᠨ ᠠᠭᠤᠷᠬᠠᠢ ᠳᠤ ᠬᠡᠷᠡᠭᠯᠡᠬᠦ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠨᠢ ᠵᠢᠯᠣᠭᠤᠴᠢ ᠦᠭᠡᠢ ᠪᠠᠶᠢᠳᠠᠯ ᠠᠴᠠ ᠳᠠᠷᠠᠭᠠᠬᠢ 24 ᠴᠠᠭ ᠤᠨ ᠳᠣᠲᠣᠷ᠎ᠠ ᠨᠡᠶᠢᠲᠡ 300 ᠡᠳᠦᠷ ᠢ ᠳᠠᠪᠠᠵᠤ᠂ ᠶᠡᠷᠦᠩᠬᠡᠢ ᠳᠤᠮᠳᠠᠴᠢ ᠦᠷ᠎ᠡ ᠪᠦᠲᠦᠮᠵᠢ ᠨᠢ ᠵᠢᠯᠣᠭᠤᠴᠢ ᠲᠠᠢ ᠪᠠᠶᠢᠬᠤ ᠦᠷ᠎ᠡ ᠪᠦᠲᠦᠮᠵᠢ ᠶᠢᠨ 80%᠎ ᠠᠴᠠ ᠳᠡᠭᠡᠭᠰᠢ ᠳᠤ ᠬᠦᠷᠴᠦ᠂ ᠬᠠᠮᠤᠭ ᠤᠨ ᠥᠨᠳᠥᠷ ᠦᠷ᠎ᠡ ᠪᠦᠲᠦᠮᠵᠢ ᠨᠢ 92%᠎ ᠲᠤ ᠬᠦᠷᠴᠡᠢ᠃ ᠠᠭᠤᠷᠬᠠᠢ ᠶᠢᠨ ᠬᠡᠷᠡᠭᠯᠡᠭᠡᠨ ᠤ ᠣᠶᠤᠨᠴᠢᠯᠠᠭᠰᠠᠨ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡᠨ ᠤ ᠲᠥᠷᠥᠯ ᠵᠦᠢᠯ ᠳᠤ ᠨᠡᠶᠢᠲᠡ 61000 ᠭᠠᠷᠤᠢ ᠲᠡᠷᠭᠡ ᠲᠡᠭᠡᠭᠡᠪᠦᠷᠢᠯᠡᠵᠦ᠂ ᠪᠦᠲᠦᠮᠵᠢᠲᠡᠶ ᠠᠶᠠᠯᠠᠭᠰᠠᠨ ᠴᠠᠭ ᠤᠨ ᠣᠷᠳᠣ ᠨᠢ 3000 ᠴᠠᠭ ᠢ ᠳᠠᠪᠠᠵᠤ᠂ ᠲᠡᠭᠡᠭᠡᠪᠦᠷᠢ ᠶᠢᠨ ᠵᠠᠮ ᠤᠨ ᠣᠷᠳᠣ ᠨᠢ 28 ᠲᠦᠮᠡᠨ ᠺᠢᠯᠣᠮᠧᠲᠷ ᠢ ᠳᠠᠪᠠᠵᠤ᠂ ᠲᠡᠭᠡᠭᠡᠪᠦᠷᠢ ᠶᠢᠨ ᠰᠢᠷᠣᠢ ᠶᠢᠨ ᠭᠠᠳᠠᠷᠭᠤ ᠶᠢᠨ ᠬᠡᠮᠵᠢᠶ᠎ᠡ ᠨᠢ 570 ᠲᠦᠮᠡᠨ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ᠭᠠᠭᠴᠠ ᠡᠳᠦᠷ ᠤᠨ ᠲᠡᠭᠡᠭᠡᠪᠦᠷᠢ ᠶᠢᠨ ᠬᠡᠮᠵᠢᠶ᠎ᠡ ᠨᠢ ᠬᠠᠮᠤᠭ  ᠥᠨᠳᠥᠷ ᠲᠡᠭᠡᠨ 358 ᠲᠡᠷᠭᠡᠨ ᠳᠤ ᠬᠦᠷᠴᠦ᠂ ᠴᠠᠭ ᠤᠨ ᠠᠰᠢᠭᠯᠠᠮᠵᠢ ᠨᠢ ᠬᠠᠮᠤᠭ  ᠥᠨᠳᠥᠷ ᠲᠡᠭᠡᠨ 20 ᠲᠡᠷᠭᠡᠨ ᠳᠤ ᠬᠦᠷᠴᠡᠢ᠃        ᠠᠭᠤᠷᠬᠠᠢ ᠶᠢᠨ ᠥᠪᠡᠷᠲᠡᠭᠡᠨ ᠪᠠᠭᠤᠯᠭᠠᠬᠤ ᠠᠴᠢᠶᠠᠨ ᠤ ᠮᠠᠰᠢᠨ ᠤ ᠵᠢᠯᠣᠭᠤᠴᠢ ᠦᠭᠡᠢ ᠮᠡᠷᠭᠡᠵᠢᠯ ᠤᠨ ᠬᠡᠷᠡᠭᠯᠡᠯᠲᠡ ᠪᠠ ᠳᠡᠯᠭᠡᠷᠡᠭᠦᠯᠦᠯᠲᠡ᠂ ᠵᠢᠯᠣᠭᠤᠴᠢ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠲᠣᠬᠢᠷᠠᠭᠤᠯᠤᠯᠲᠠ ᠪᠠ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠠᠰᠬᠠᠵᠤ᠂ ᠶᠠᠳᠠᠷᠠᠭ᠎ᠠ ᠲᠠᠢ ᠪᠠᠷ ᠵᠢᠯᠤᠭᠤᠳᠬᠤ᠂ ᠠᠳᠡᠭᠦᠦ ᠠᠵᠢᠯᠯᠠᠭᠤᠯᠬᠤ ᠲᠦᠭᠰᠢᠭᠦᠷᠢ ᠭᠠᠷᠬᠤ ᠵᠢᠴᠢ ᠠᠭᠤᠷᠬᠠᠢ ᠶᠢᠨ ᠲᠡᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠪᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠤᠷ ᠲᠦᠪᠰᠢᠨ ᠤ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠦᠷ᠎ᠡ ᠠᠰᠢᠭ ᠎ ᠢ ᠪᠡᠶᠡᠯᠡᠭᠦᠯᠵᠦ᠂ ᠠᠭᠤᠷᠬᠠᠢ ᠶᠢᠨ ᠡᠵᠡᠩᠨᠡᠯᠲᠡ ᠶᠢᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ᠂ ᠪᠣᠬᠢᠷᠲᠤᠯ ᠦᠭᠡᠢ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠰᠢᠨ᠎ᠡ ᠬᠥᠳᠡᠯᠭᠡᠭᠴᠢ ᠡᠨᠧᠷᠭᠢ  ᠨᠠᠮᠡᠷᠢᠯᠡᠭᠰᠠᠨ ᠪᠠᠶᠢᠨ᠎ᠠ᠃        ᠤᠯᠤᠰ ᠤᠨ ᠡᠨᠧᠷᠭᠢ ᠶᠢᠨ ᠤᠮᠠᠷᠠᠲᠤ ᠶᠢᠨ ᠴᠠᠬᠢᠯᠭᠠᠨ ᠤ  ᠢᠯᠠᠯᠳᠠ ᠡᠨᠧᠷᠭᠢ ᠶᠢᠨ ᠵᠠᠳᠠᠭᠠᠢ ᠠᠭᠤᠷᠬᠠᠢ ᠶᠢᠨ ᠮᠠᠰᠢᠨ ᠴᠠᠬᠢᠯᠭᠠᠨ ᠤ ᠬᠠᠮᠢᠶᠠᠷᠤᠯᠲᠠ ᠶᠢᠨ ᠬᠡᠯᠲᠡᠰ ᠤᠨ ᠮᠡᠷᠭᠡᠵᠢᠯᠲᠡᠨ ᠰᠢᠦᠢ ᠵᠢᠩ ᠢ᠄ ᠲᠠᠷᠠᠭᠠᠴᠢ ᠶᠢᠨ ᠠᠯᠬᠤᠮ ᠳᠤ᠂ ᠪᠢᠳᠡ 2025 ᠣᠨ ᠤ 6 ᠰᠠᠷ᠎ᠠ ᠳᠤ᠂ 35 ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠶᠢ ᠵᠣᠬᠢᠶᠠᠨ ᠪᠠᠶᠢᠭᠤᠯᠵᠤ ᠠᠵᠢᠯᠯᠠᠭᠤᠯᠤᠨ᠎ᠠ᠂ ᠠᠯᠤᠰ ᠠᠴᠠ ᠵᠢᠯᠤᠭᠤᠳᠬᠤ ᠲᠥᠷᠥᠯ ᠵᠦᠢᠯ ᠬᠢᠭᠡᠳ ᠠᠭᠤᠷᠬᠠᠢ ᠳᠤ ᠬᠡᠷᠡᠭᠯᠡᠬᠦ ᠠᠴᠢᠶᠠᠨ ᠤ ᠮᠠᠰᠢᠨ ᠤ ᠵᠢᠯᠣᠭᠤᠴᠢ ᠦᠭᠡᠢ ᠵᠢᠯᠤᠭᠤᠳᠬᠤ ᠮᠡᠷᠭᠡᠵᠢᠯ ᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ ᠲᠡᠭᠡᠭᠡᠪᠦᠷᠢ ᠶᠢᠨ ᠲᠥᠬᠦᠭᠡᠷᠦᠮᠵᠢ ᠶᠢᠨ ᠪᠥᠬᠦ ᠲᠠᠯᠠᠪᠠᠶ᠂ ᠪᠥᠬᠦ ᠵᠠᠩᠭᠢᠯᠠᠭ᠎ᠠ ᠶᠢᠨ ᠪᠡᠶ᠎ᠡ ᠪᠠᠨ ᠳᠠᠭᠠᠭᠠᠵᠤ ᠵᠢᠯᠣᠭᠤᠴᠢ ᠦᠭᠡᠢ ᠥᠨᠳᠥᠷ ᠦᠷ᠎ᠡ ᠪᠦᠲᠦᠮᠵᠢᠲᠡᠶ ᠲᠡᠭᠡᠭᠡᠪᠦᠷᠢ ᠶᠢᠨ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠠᠳᠠᠭᠠᠢ ᠠᠭᠤᠷᠬᠠᠢ ᠶᠢᠨ ᠵᠢᠯᠣᠭᠤᠴᠢ ᠦᠭᠡᠢ ᠲᠡᠭᠡᠭᠡᠪᠦᠷᠢ ᠶᠢᠨ ᠪᠦᠷᠢᠨ ᠪᠦᠲᠦᠨ ᠠᠵᠢᠯᠯᠠᠬᠤ ᠰᠢᠰᠲ᠋ᠧᠮ ᠢ ᠪᠦᠷᠢᠯᠳᠦᠭᠦᠯᠵᠦ᠂ ᠮᠠᠯᠲᠠᠬᠤ ᠲᠡᠭᠡᠭᠡᠪᠦᠷᠢᠯᠡᠬᠦ ᠰᠠᠯᠠᠭ᠎ᠠ ᠶᠢᠨ ᠣᠶᠤᠨᠴᠢᠯᠠᠭᠰᠠᠨ ᠦᠢᠯᠡᠳᠪᠦᠷᠢᠯᠡᠯ ᠢ ᠪᠡᠶᠡᠯᠡᠭᠦᠯᠦᠨ᠎ᠡ᠃      ᠤᠶᠤᠨᠴᠢᠯᠠᠯᠳᠠ ᠶᠢ ᠪᠦᠬᠦ ᠲᠠᠯ᠎ᠠ ᠪᠠᠷ ᠭᠡᠷᠡᠭᠵᠢᠬᠦᠯᠬᠦ ᠶᠢ ᠳᠠᠭᠠᠯᠳᠤᠨ᠂ AI᠂  ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠲᠣᠭᠠᠴᠢᠯᠠᠭᠰᠠᠨ ᠮᠡᠷᠭᠡᠵᠢᠯ ᠭᠦᠨᠵᠡᠭᠡᠢ ᠠᠭᠤᠰᠤᠯᠴᠠᠵᠤ᠂ ᠤᠯᠠᠮᠵᠢᠯᠠᠯᠲᠤ ᠠᠵᠤ ᠦᠢᠯᠡᠰ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠶᠠᠯᠠᠯ ᠤᠨ ᠴᠢᠭᠯᠡᠯ ᠢ ᠲᠣᠭᠲᠠᠭᠠᠬᠤ ᠶᠢ ᠠᠬᠢᠭᠤᠯᠵᠠᠢ᠃  ᠰᠢᠯᠢ ᠶᠢᠨ ᠬᠤᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠴᠢᠭᠯᠡᠯ ᠢ ᠪᠠᠷᠢᠮᠲᠠᠯᠠᠵᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠣᠨᠣᠭᠯᠠᠯ ᠦᠢᠯᠡᠳᠬᠦ ᠦᠢᠯᠡᠰ ᠢ ᠶᠡᠬᠡᠪᠡᠷ ᠬᠥᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠲᠡᠢ ᠲᠤᠯᠭᠠᠭᠤᠷᠢᠯᠠᠯ  ᠬᠠᠩᠭᠠᠵᠤ ᠪᠠᠶᠢᠨ᠎ᠠ᠃      ᠤᠳᠬᠤᠨᠴᠢᠮᠡᠭ᠂ ᠯᠢᠦ ᡁᠢ ᠬᠤᠸ ᠰᠣᠷᠪᠣᠯᠵᠢᠯᠠᠵᠣ᠂ ᠲᠣᠭᠤᠷ ᠣᠷᠴᠢᠭᠤᠯᠪᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号